10 ᠰᠠᠷ᠎ᠠ᠎ᠶ᠋ᠢᠨ 9 ᠤ᠋ ᠦᠳᠡ᠎ᠶ᠋ᠢᠨ ᠡᠮᠦᠨ᠎ᠡ᠂ ᠥᠪᠥᠷ ᠮᠣᠩᠭᠣᠯ᠎ᠤᠨ ᠬᠢᠯᠢ ᠪᠡᠷ ᠤᠷᠤᠵᠤ ᠭᠠᠷᠬᠤ ᠬᠢᠯᠢ᠎ᠶ᠋ᠢᠨ ᠬᠠᠮᠠᠭᠠᠯᠠᠯᠳᠠ ᠵᠢᠨ ᠪᠠᠢᠴᠠᠭᠠᠬᠤ ᠶᠡᠷᠦᠩᠬᠡᠶ ᠥᠷᠲᠡᠭᠡ ᠪᠥᠬᠥ᠌ ᠤᠯᠤᠰ᠎ᠤᠨ《ᠳᠣᠲᠣᠭᠠᠳᠤ᠎ᠶ᠋ᠢ ᠬᠠᠮᠠᠭᠠᠯᠠᠬᠤ ᠵᠢᠱ᠌ᠢᠶᠡᠴᠢ》 ᠫᠠᠢ ᠢ ᠺᠸ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠲᠡᠷᠢᠭᠦᠨ᠎ᠦ ᠦᠶ᠋ᠯᠡ ᠠᠵᠢᠯᠯᠠᠭ᠎ᠠ᠎ᠶ᠋ᠢ ᠰᠤᠷᠤᠯᠴᠠᠨ ᠰᠣᠯᠢᠯᠴᠠᠬᠤ ᠬᠤᠷᠠᠯ ᠬᠢᠵᠤ᠂ ᠪᠠᠭᠠᠲᠤᠷ ᠵᠢᠱ᠌ᠢᠶᠡᠴᠢ᠎ᠶ᠋ᠢᠨ ᠵᠣᠷᠢᠭ ᠰᠠᠨᠠᠭ᠎ᠠ᠎ᠶ᠋ᠢ ᠬᠠᠮᠲᠤ᠎ᠪᠠᠷ ᠤᠢᠯᠠᠭᠠᠨ ᠰᠤᠷᠤᠯᠴᠠᠪᠠ᠃
ᠬᠤᠷᠠᠯ᠎ᠠᠴᠠ᠂ ᠫᠠᠢ ᠢ ᠺᠸ ᠬᠢᠯᠢ᠎ᠶ᠋ᠢᠨ ᠲᠣᠮᠢᠯᠠᠭ᠍ᠰᠠᠨ ᠰᠠᠯᠪᠤᠷᠢ ᠵᠢᠨ ᠲᠡᠷᠢᠭᠦᠨ᠎ᠦ ᠦᠶ᠋ᠯᠡ ᠠᠵᠢᠯᠯᠠᠭ᠎ᠠ᠎ᠨᠢ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠴᠠᠭ᠍ᠳᠠᠭ᠎ᠠ᠎ᠶ᠋ᠢᠨ ᠬᠢᠯᠢ ᠬᠢᠵᠠᠭᠠᠷ᠎ᠢᠶᠠᠨ ᠰᠠᠬᠢᠨ ᠬᠠᠮᠠᠭᠠᠯᠠᠵᠤ᠂ ᠬᠤᠪᠢ ᠨᠡᠮᠡᠷᠢ ᠦᠵᠡᠭᠦᠯᠬᠦ᠌ ᠵᠣᠷᠢᠭ ᠰᠠᠨᠠᠭ᠎ᠠ ᠵᠢ ᠠᠮᠢᠳᠤᠯᠢᠭ᠎ᠢᠶᠠᠷ ᠲᠠᠢᠯᠪᠤᠷᠢᠯᠠᠵᠤ᠂ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢᠨ ᠲᠣᠭ᠍ᠲᠠᠭᠤᠨ᠎ᠢ ᠬᠠᠮᠠᠭᠠᠯᠠᠬᠤ᠂ ᠠᠷᠠᠳ ᠲᠦᠮᠡᠨ᠎ᠳᠦ ᠦᠶ᠋ᠯᠡᠴᠢᠯᠡᠬᠦ᠌ ᠴᠠᠭ ᠦᠶ᠎ᠡ᠎ᠶ᠋ᠢᠨ ᠴᠣᠭ ᠵᠢᠪᠬᠤᠭ᠎ᠠ᠎ᠶ᠋ᠢ ᠢᠯᠡᠷᠡᠭᠦᠯᠵᠦ᠍᠂ ᠶᠡᠷᠦᠩᠬᠡᠶ ᠥᠷᠲᠡᠭᠡ᠎ᠶ᠋ᠢᠨ ᠪᠥᠬᠥ᠌ ᠠᠷᠠᠳ᠎ᠤᠨ ᠴᠠᠭ᠍ᠳᠠᠭ᠎ᠠ᠎ᠶ᠋ᠢᠨ ᠰᠤᠷᠤᠯᠴᠠᠬᠤ ᠥᠯᠢᠭᠡᠷ ᠳᠠᠭᠤᠷᠢᠶᠠᠯ ᠪᠣᠯᠤᠭ᠍ᠰᠠᠨ ᠪᠠᠢᠨ᠎ᠠ ᠭᠡᠵᠦ ᠦᠵᠡᠪᠡ᠃
ᠬᠤᠷᠠᠯ᠎ᠠᠴᠠ᠂ ᠬᠦᠰᠡᠯᠡᠩ ᠢᠲᠡᠭᠡᠯ ᠪᠢᠱᠢᠷᠡᠯ᠎ᠢᠶᠡᠨ ᠴᠢᠨᠠᠭ᠍ᠰᠢᠳᠠ ᠪᠠᠲᠤᠳᠭᠠᠵᠤ᠂ ᠦᠨᠡᠨᠴᠢ ᠱᠢᠳᠤᠷᠭᠤ ᠴᠠᠭ᠍ᠳᠠᠭᠠᠨ᠎ᠤ ᠰᠦᠭ ᠰᠦᠨᠡᠰᠦ᠎ᠶ᠋ᠢ ᠦᠷᠭᠦᠯᠵᠢᠯᠡᠨ ᠱᠤᠭᠤᠬᠤ ᠬᠡᠷᠡᠭ᠌ᠲᠡᠢ᠃ ᠦᠯᠢᠭᠡᠷ ᠳᠠᠭᠤᠷᠢᠶᠠᠯ ᠡᠴᠨ ᠰᠤᠷᠤᠯᠴᠠᠵᠤ᠂ ᠦᠨᠡᠨᠴᠢ ᠱᠢᠳᠤᠷᠭᠤ ᠤᠤᠷ ᠴᠢᠨᠠᠷ᠎ᠢᠶᠠᠨ ᠡᠭᠦᠷᠢᠳᠡ ᠬᠠᠳᠠᠭᠠᠯᠠᠵᠤ᠂ ᠤᠯᠤᠰ ᠭᠡᠷ᠎ᠦᠨ ᠬᠠᠢᠷ᠎ᠠ ᠰᠡᠳᠭᠢᠯᠭᠡ᠎ᠶ᠋ᠢ ᠵᠤᠵᠠᠭᠠᠳᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠨᠢᠭᠡ ᠨᠠᠰᠤᠨ᠎ᠳᠠᠭᠠᠨ ᠨᠢᠭᠡ ᠯᠡ ᠶᠠᠪᠤᠳᠠᠯ᠎ᠢ ᠬᠢᠵᠦ᠍᠂ ᠪᠢ ᠡᠬᠡ ᠤᠯᠤᠰ᠎ᠤᠨ᠎ᠢᠶᠠᠨ ᠲᠥᠯᠥᠭᠡ ᠬᠢᠯᠢ ᠬᠢᠵᠠᠭᠠᠷ᠎ᠢ ᠰᠠᠬᠢᠨ ᠬᠠᠮᠠᠭᠠᠯᠠᠬᠤ》 ᠢᠲᠡᠭᠡᠯ ᠪᠢᠱᠢᠷᠡᠯ᠎ᠢ ᠦᠢᠯᠡᠳᠦᠯᠭᠡᠵᠢᠭᠦᠯᠬᠦ ᠬᠡᠷᠡᠭᠳᠡᠢ; ᠰᠤᠷᠤᠯᠴᠠᠬᠤ᠎ᠪᠠᠷ ᠠᠵᠢᠯᠯᠠᠬᠤ᠎ᠶ᠋ᠢ ᠠᠬᠢᠭᠤᠯᠬᠤ᠎ᠶ᠋ᠢ ᠴᠢᠨᠠᠭ᠍ᠰᠢᠳᠠ ᠴᠢᠩᠭᠠᠳᠭᠠᠵᠤ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠬᠦ᠌ ᠬᠡᠷᠡᠭ᠌ᠲᠡᠢ; ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠪᠥᠬᠥ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ᠎ᠪᠡᠨ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠵᠢ ᠪᠡᠬᠢᠵᠢᠭᠦᠯᠬᠦ᠌᠎ᠶ᠋ᠢ ᠭᠦᠨᠵᠡᠭᠡᠶ ᠠᠬᠢᠭᠤᠯᠵᠤ᠂ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ ᠪᠠ ᠬᠢᠯᠢ᠎ᠶ᠋ᠢᠨ ᠪᠣᠭᠣᠮᠲᠠ᠎ᠶ᠋ᠢᠨ ᠠᠮᠤᠷ ᠲᠦᠪᠱᠢᠨ ᠲᠣᠭ᠍ᠲᠠᠭᠤᠨ ᠪᠠᠢᠳᠠᠯ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠭᠳᠡᠢ; ᠠᠷᠠᠳ᠎ᠤᠨ ᠲᠥᠯᠥᠭᠡ ᠵᠢᠳᠬᠦᠬᠦ᠌ ᠬᠠᠢᠷ᠎ᠠ ᠰᠡᠳᠭᠢᠯᠭᠡ᠎ᠶ᠋ᠢ ᠤᠯᠠᠮ ᠴᠢᠨᠠᠭ᠍ᠰᠢᠳᠠ ᠵᠤᠵᠠᠭᠠᠳᠭᠠᠵᠤ᠂ ᠣᠯᠠᠨ ᠲᠦᠮᠡᠨ᠎ᠦ ᠬᠦᠰᠡᠯ ᠡᠷᠡᠮᠡᠯᠵᠡᠯ᠎ᠳᠦ ᠢᠳᠡᠪᠬᠢᠲᠡᠶ ᠬᠠᠷᠢᠭᠤᠯᠲᠠ ᠥᠭ᠌ᠬᠦ ᠬᠡᠷᠡᠭ᠌ᠲᠡᠶ; ᠰᠠᠬᠢᠯᠭ᠎ᠠ ᠪᠠᠲᠤ ᠶᠣᠰᠣ ᠲᠦᠷᠢᠮ᠎ᠢ ᠴᠢᠨᠠᠭ᠍ᠰᠢᠳᠠ ᠴᠢᠩᠳᠠᠯᠠᠵᠤ᠂ ᠡᠩᠨᠡᠭᠡᠨ᠎ᠦ ᠠᠮᠢᠵᠢᠷᠠᠯ᠎ᠤᠨ ᠬᠦᠴᠦᠨ᠎ᠢ ᠲᠠᠰᠤᠷᠠᠯᠳᠠ ᠦᠭᠡᠢ ᠬᠥᠭ᠌ᠵᠢᠭᠡᠬᠦ᠌ ᠬᠡᠷᠡᠭ᠌ᠲᠡᠢ᠃ ᠨᠡᠢᠲᠡᠯᠢᠭ ᠵᠢᠱ᠌ᠢᠢ᠎ᠡ᠎ᠶ᠋ᠢ ᠰᠣᠩᠭᠣᠨ ᠪᠤᠢ ᠪᠣᠯᠭᠠᠬᠤ ᠡᠷᠴᠢᠮ᠎ᠢᠶᠡᠨ ᠴᠢᠩᠭᠠᠷᠠᠭᠤᠯᠵᠤ᠂ ᠠᠵᠢᠯ ᠮᠡᠷᠭᠡᠵᠢᠯ᠎ᠦᠨ ᠪᠠᠲᠤᠯᠠᠭ᠎ᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠦ᠂ ᠥᠷᠭᠡᠨ ᠤᠯᠠᠨ ᠠᠷᠠᠳ᠎ᠤᠨ ᠴᠠᠭ᠍ᠳᠠᠭ᠎ᠠ ᠢᠮᠠᠭ᠍ᠲᠠ ᠣᠷᠭᠢᠯᠤᠮ᠎ᠠ ᠬᠠᠯᠠᠭᠤᠨ ᠰᠡᠳᠭᠢᠯᠭᠡ ᠪᠣᠯᠤᠨ ᠤᠷᠤᠭ᠍ᠰᠢᠯᠠᠨ ᠲᠠᠪᠱᠢᠬᠤ ᠵᠣᠷᠢᠭ ᠰᠠᠨᠠᠭ᠎ᠠ᠎ᠪᠠᠷ ᠱᠢᠨ᠎ᠡ ᠴᠠᠭ ᠦᠶ᠎ᠡ᠎ᠶ᠋ᠢᠨ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠦᠢᠯᠡᠰ᠎ᠦᠨ ᠱᠢᠨ᠎ᠡ ᠠᠶᠠᠨ᠎ᠳᠤ ᠭᠠᠪᠢᠶ᠎ᠠ ᠵᠢᠳᠬᠦᠯ ᠦᠵᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ ᠱᠠᠭᠠᠷᠳᠠᠪᠠ᠃