ᠢᠯᠴᠢ ᠬᠠᠩᠭᠠᠬᠤ ᠺᠣᠮᠫᠠᠨᠢ ᠶ᠋ᠢᠨ ᠭᠦᠸᠧᠯᠦ᠍ ᠶ᠋ᠢᠨ ᠠᠮᠤᠷ ᠲᠦᠪᠱᠢᠨ ᠤ᠋ ᠬᠢᠨᠠᠯᠲᠠ ᠪᠠᠢᠴᠠᠭᠠᠯᠲᠠ ᠥᠷᠨᠢᠭᠦᠯᠪᠡ
2025-10-16 11:23:49
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠬᠠᠷᠢᠶ᠎ᠠ ᠣᠷᠣᠨ ᠤ᠋ ᠪᠠᠨ ᠣᠯᠠᠨ ᠲᠦᠮᠡᠨ ᠤ᠋ ᠳᠤᠯᠠᠭᠠᠨ ᠡᠪᠦᠯᠵᠢᠬᠦ᠌ ᠵᠢ ᠪᠠᠲᠤᠯᠠᠬᠤ ᠶ᠋ᠢᠨ ᠲᠥᠯᠥᠭᠡ᠂ ᠱᠢᠨ᠎ᠡ ᠬᠣᠲᠠ ᠲᠣᠭᠣᠷᠢᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ 《ᠳᠤᠯᠠᠭᠠᠯᠠᠭ᠎ᠠ ᠵᠢ ᠪᠠᠲᠤᠯᠠᠵᠤ᠂ ᠡᠨᠳᠡᠯ ᠢ᠋ ᠰᠡᠷᠭᠡᠢᠯᠡᠬᠦ᠌》 ᠪᠡᠷ ᠭᠤᠤᠯ ᠬᠠᠷᠠᠯᠲᠠ ᠪᠠᠨ ᠪᠣᠯᠭᠠᠵᠤ᠂ ᠳᠤᠯᠠᠭᠠᠯᠠᠭ᠎ᠠ ᠶ᠋ᠢᠨ ᠺᠣᠮᠫᠠᠨᠢ ᠶ᠋ᠢᠨ ᠭᠦᠸᠧᠯᠦ᠍ ᠶ᠋ᠢᠨ ᠠᠮᠤᠷ ᠲᠦᠪᠱᠢᠨ ᠤ᠋ ᠬᠢᠨᠠᠯᠲᠠ ᠪᠠᠢᠴᠠᠭᠠᠯᠲᠠ ᠵᠢ ᠥᠷᠨᠢᠭᠦᠯᠪᠡ᠃

ᠬᠠᠤᠯᠢ ᠬᠡᠷᠡᠭ᠌ᠵᠢᠭᠦᠯᠬᠦ᠌ ᠠᠵᠢᠯᠲᠠᠳ ᠡᠴᠡ ᠬᠡᠷᠡᠭ᠌ᠯᠡᠵᠦ ᠪᠠᠢᠭ᠎ᠠ ᠭᠦᠸᠧᠯᠦ᠍ ᠳ᠋ᠤ 《ᠣᠨᠴᠠ ᠲᠥᠷᠥᠯ ᠤ᠋ᠨ ᠲᠥᠬᠥᠭᠡᠷᠦᠮᠵᠢ ᠵᠢ ᠬᠡᠷᠡᠭ᠌ᠯᠡᠬᠦ᠌ ᠳᠠᠩᠰᠠᠯᠠᠯ ᠤ᠋ᠨ ᠦᠨᠡᠮᠯᠡᠯ》 ᠣᠯᠤᠭ᠍ᠰᠠᠨ ᠡᠰᠡᠬᠦ᠌᠂ ᠬᠦᠴᠦᠨ ᠲᠠᠢ ᠬᠤᠭᠤᠴᠠᠭᠠᠨ ᠳᠣᠲᠣᠷ᠎ᠠ ᠪᠠᠢᠬᠤ ᠡᠰᠡᠬᠦ ᠵᠢ ᠲᠣᠭ᠍ᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠢᠴᠠᠭᠠᠬᠰᠠᠨ ᠡᠰᠡᠬᠦ᠂ ᠠᠵᠢᠯᠯᠠᠭᠤᠯᠬᠤ ᠠᠵᠢᠯᠲᠠᠳ 《ᠣᠨᠴᠠ ᠲᠥᠷᠥᠯ ᠤ᠋ᠨ ᠲᠥᠬᠥᠭᠡᠷᠦᠮᠵᠢ ᠶ᠋ᠢᠨ ᠠᠵᠢᠯᠯᠠᠭ᠍ᠰᠠᠳ ᠤ᠋ᠨ ᠦᠨᠡᠮᠯᠡᠯ》 ᠣᠯᠤᠭ᠍ᠰᠠᠨ ᠡᠰᠡᠬᠦ ᠪᠠ ᠲᠥᠬᠥᠭᠡᠷᠦᠮᠵᠢ ᠶ᠋ᠢ ᠠᠵᠢᠯᠯᠠᠭᠤᠯᠬᠤ ᠳᠦᠷᠢᠮ ᠢ᠋ ᠰᠠᠢᠨ ᠮᠡᠳᠡᠬᠦ᠌ ᠡᠰᠡᠬᠦ᠌᠂ 《ᠡᠳᠦᠷ ᠲᠤᠲᠤᠮ ᠤ᠋ᠨ ᠬᠠᠮᠠᠭᠠᠯᠠᠯᠲᠠ + ᠲᠣᠭ᠍ᠲᠠᠮᠠᠯ ᠬᠤᠭᠤᠴᠠᠭ᠎ᠠ ᠲᠠᠢ ᠠᠷᠠᠴᠢᠯᠠᠯᠲᠠ》 ᠶ᠋ᠢᠨ ᠳᠦᠷᠢᠮ ᠪᠠᠢᠭᠤᠯᠤᠭ᠍ᠰᠠᠨ ᠡᠰᠡᠬᠦ᠌᠂ ᠠᠷᠠᠴᠢᠯᠠᠨ ᠬᠠᠮᠠᠭᠠᠯᠠᠭ᠍ᠰᠠᠨ ᠲᠡᠮᠳᠡᠭ᠌ᠯᠡᠯ ᠨᠢ ᠪᠦᠷᠢᠨ ᠪᠦᠲᠦᠨ ᠡᠰᠡᠬᠦ᠌᠂ ᠪᠠᠴᠢᠮ ᠪᠠᠢᠳᠠᠯ ᠢ᠋ ᠠᠷᠭᠠᠴᠠᠭᠠᠬᠤ ᠪᠡᠯᠡᠳᠭᠡᠯ ᠲᠥᠰᠦᠯ ᠲᠣᠭ᠍ᠲᠠᠭᠠᠭ᠍ᠰᠠᠨ ᠡᠰᠡᠬᠦ᠌ ᠵᠡᠷᠭᠡ ᠠᠭᠤᠯᠭ᠎ᠠ ᠵᠢ ᠭᠣᠣᠯᠳᠠᠯᠭ᠎ᠠ ᠲᠠᠢ ᠪᠠᠢᠴᠠᠭᠠᠪᠠ᠃ 

ᠲᠤᠬᠠᠶ ᠶ᠋ᠢᠨ ᠲᠠᠯᠠᠪᠤᠷ ᠤ᠋ᠨ ᠪᠠᠢᠴᠠᠭᠠᠯᠲᠠ ᠳ᠋ᠤ ᠢᠯᠡᠷᠡᠭᠦᠯᠦᠭᠰᠡᠨ ᠠᠰᠠᠭᠤᠳᠠᠯ ᠳ᠋ᠤ ᠴᠢᠭᠯᠡᠭᠦᠯᠦᠨ᠂ ᠬᠠᠤᠯᠢ ᠬᠡᠷᠡᠭ᠌ᠵᠢᠭᠦᠯᠬᠦ᠌ ᠠᠵᠢᠯᠲᠠᠨ ᠡᠴᠡ ᠵᠠᠷᠯᠢᠭ᠍ᠳᠠᠵᠤ ᠪᠠᠢᠭᠠᠳ ᠲᠤᠬᠠᠶ ᠶ᠋ᠢᠨ ᠲᠠᠯᠠᠪᠤᠷ ᠲᠦ᠍ ᠴᠡᠭ᠌ᠴᠡᠯᠡᠨ ᠰᠠᠢᠵᠢᠷᠠᠭᠤᠯᠬᠤ ᠶ᠋ᠢᠨ ᠬᠠᠮᠲᠤ ᠮᠥᠷᠳᠡᠨ ᠳᠠᠬᠢᠨ ᠬᠢᠨᠠᠵᠤ᠂ ᠳᠠᠬᠢᠨ ᠠᠰᠠᠭᠤᠳᠠᠯ ᠭᠠᠷᠭᠠᠬᠤ ᠵᠢ ᠡᠷᠡᠰ ᠬᠣᠷᠢᠭ᠍ᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号