ᠠᠮᠠᠷᠠᠯᠳᠠ ᠵᠢᠨ ᠬᠤᠭᠤᠴᠠᠭᠠᠨ ᠳ᠋ᠡᠬᠢ ᠵᠢᠭᠤᠯᠴᠢᠯᠠᠯ᠎ᠤᠨ ᠠᠷᠭ᠎ᠠ ᠮᠠᠶᠢᠭ᠋᠎ᠤᠨ ᠰᠢᠨᠡᠳᠦᠯ ᠪᠠ ᠬᠤᠪᠢᠷᠠᠯᠳᠠ
2025-10-16 11:33:44
ᠵᠣᠬᠢᠶᠠᠭ᠍ᠴᠢ᠄
​ ᠢᠦᠢ ᠶᠧ ᠲᠦᠩ ᠯᠢᠦ ᠢ ᠴᠦᠨ
ᠣᠩᠱᠢᠭ᠍ᠰᠠᠨ ᠣᠳᠠᠭ᠎ᠠ᠄
★★★☆☆

 ᠰᠦᠯᠵᠢᠶᠡᠨ ᠨᠠᠢᠵᠠ ᠪᠤᠯᠤᠨ ᠴᠢᠨᠤ ᠤᠴᠢᠵᠤ ᠦᠨᠭᠭᠡᠷᠡᠭᠰᠡᠨ ᠦᠵᠡᠮᠵᠢ᠎ᠶᠢᠨ ᠣᠷᠣᠨ ᠬᠥᠮᠥᠨ ᠬᠠᠷ᠎ᠠ ᠲᠦᠭᠦᠷᠴᠤ ᠪᠠᠢᠬᠤ ᠦᠶᠡᠰ᠂ ᠾᠧᠪᠧᠢ ᠦᠬᠢᠨ ᠴᠧᠨ ᠹᠧᠢ ᠮᠦᠭᠳᠡᠨ᠎ᠤ ᠹᠠᠺᠦ᠋ ᠵᠢᠨ ᠡᠮᠦᠨ᠎ᠡ ᠪᠠ ᠬ᠍ᠤ ᠱᠠᠨ ᠠᠭᠤᠯᠠᠨ᠎ᠤ ᠨᠣᠭᠣᠭᠠᠨ ᠳᠡᠨᠵᠢᠨ ᠳ᠋ᠦ ᠬᠡᠪᠲᠡᠵᠦ ᠬᠥᠬᠡ ᠣᠭᠲᠠᠷᠭᠤᠢ᠎ᠶᠢ ᠪᠠᠷᠠᠯᠠᠨ᠎ᠡ᠃ ᠬᠠᠵᠠᠭᠤ᠎ᠳᠦᠨᠢ ᠦᠬᠡᠷ᠎ᠦᠨ ᠰᠦᠷᠦᠭ ᠪᠡᠯᠴᠢᠵᠦ᠂ ᠬᠡᠳᠦᠬᠡᠨ ᠪᠦᠯᠦᠭ ᠠᠭᠤᠯᠠ ᠠᠪᠠᠷᠢᠭ᠍ᠴᠢᠳ ᠪᠠᠢᠯ᠎ᠠ᠃

《ᠤᠯᠤᠰ᠎ᠤᠨ ᠪᠠᠶᠠᠷ᠎ᠤᠨ ᠠᠮᠠᠷᠠᠯᠲᠠ᠎ᠳᠤ ᠪᠢ ᠬᠥᠮᠥᠰ᠎ᠦᠨ ᠤᠷᠤᠰᠬᠠᠯ᠎ᠢ ᠳᠠᠭᠠᠵᠤ ᠲᠣᠮᠣ᠌ ᠦᠵᠡᠮᠵᠢ᠎ᠶᠢᠨ ᠣᠷᠣᠨ᠎ᠳᠤ ᠣᠴᠢᠭ᠍ᠰᠠᠨ ᠦᠭᠡᠢ᠂ ᠬᠠᠷᠠᠮᠥ᠋ᠷᠡᠨ᠎ᠦ ᠢᠴᠦᠢ᠍ᠨ᠎ᠦ ᠤᠢ ᠰᠢᠭᠤᠢ᠎ᠡᠴᠡ ᠯᠢᠶᠤᠤᠶᠠᠩ᠎ᠤᠨ ᠴᠢᠩ ᠹᠸᠩ ᠲᠣᠰᠬᠣᠨ᠎ᠤ ᠪᠠᠭ᠎ᠠ ᠲᠡᠭᠷᠢ ᠨᠠᠭᠤᠷ ᠬᠦᠷᠲᠡᠯ᠎ᠡ᠂ ᠵᠠᠮ᠎ᠢᠶᠡᠷ᠎ᠢᠶᠡᠨ ᠪᠢ ᠬᠦᠮᠦᠰ᠎ᠤᠨ ᠰᠤᠨᠢᠷᠬᠠᠳᠠᠭ ᠮᠠᠰᠢ ᠤᠯᠠᠨ ᠭᠠᠵᠠᠷ᠎ᠤᠳ᠎ᠢᠶᠡᠷ ᠣᠴᠢᠵᠠᠢ᠂ ᠡᠨᠳᠡ ᠬᠥᠮᠦᠰ᠎ᠤᠨ ᠦᠢᠮᠡᠭᠡᠨ ᠱᠤᠤᠭᠢᠶᠠᠨ ᠦᠭᠡᠢ᠂ ᠮᠢᠨᠤ ᠲᠤᠬᠠᠢ᠎ᠶᠢᠨ ᠭᠠᠵᠠᠷ᠎ᠤᠨ ᠵᠠᠩ ᠦᠢᠯᠡ᠎ᠶᠢ ᠨᠡᠩ ᠭᠦᠨᠵᠡᠭᠡᠢ ᠣᠢᠯᠠᠭᠠᠵᠤ᠂ ᠠᠮᠠᠷᠠᠯᠲᠠ᠎ᠶᠢᠨ ᠬᠤᠭᠤᠴᠠᠭ᠎ᠠ᠎ᠶᠢ ᠨᠡᠩ ᠰᠠᠢᠬᠠᠨ ᠦᠨᠭᠭᠡᠷᠡᠬᠦᠯᠬᠦ᠎ᠳᠦ ᠲᠤᠰᠠᠲᠠᠢ》 ᠭᠡᠵᠦ ᠴᠧᠨ ᠹᠧᠢ ᠬᠡᠯᠡᠪᠡ᠃

ᠸᠧ ᠯᠦᠩ ᠬ᠍ᠤ ᠨᠠᠭᠤᠷ᠎ᠲᠤ ᠤᠰᠤᠨ᠎ᠤ ᠰᠢᠪᠠᠭᠤᠳ᠎ᠤᠨ ᠨᠠᠭᠤᠷ᠎ᠤᠨ ᠮᠠᠨᠳᠠᠯ᠎ᠳᠦ ᠬᠠᠯᠢᠨ ᠳᠡᠭᠦᠯᠢᠬᠦ ᠵᠢ ᠪᠠᠷᠠᠯᠠᠵᠤ᠂ ᠵᠢᠭᠤᠯᠴᠢᠯᠠᠯ᠎ᠤᠨ ᠣᠩᠭᠣᠴᠠᠨ᠎ᠳᠤ ᠰᠠᠭᠤᠬᠤ᠎ᠳᠦ ᠨᠠᠭᠤᠷ᠎ᠤᠨ ᠤᠰᠤ ᠬᠥᠬᠡ ᠲᠡᠭᠷᠢ ᠴᠠᠭᠠᠨ ᠡᠭᠦᠯᠡ᠎ᠶᠢ ᠲᠤᠯᠢᠳᠠᠨ᠎ᠠ; ᠳᠤᠲᠤᠷᠭ᠎ᠠ ᠵᠢᠨ ᠲᠠᠷᠢᠶᠠᠨ ᠡᠴᠡ ᠨᠠᠢ᠍ᠮᠠᠯᠵᠢ ᠱᠦᠭᠦᠨ᠎ᠠ ᠁ ᠡᠨᠡ ᠬᠦ᠌ ᠠᠮᠠᠷᠠᠯᠲᠠ᠎ᠪᠡᠷ ᠴᠥᠭᠡᠨ ᠪᠤᠰᠤ 《ᠰᠦᠷᠬᠦ ᠵᠢᠭᠤᠯᠴᠢᠯᠠᠯ 》 ᠤ᠋ᠨ ᠭᠠᠳᠠᠷ ᠣᠷᠣᠨ᠎ᠤ ᠵᠢᠭᠤᠯᠴᠢᠯᠠᠭᠰᠠᠳ᠂ ᠮᠦᠭᠳᠡᠨ᠎ᠤ ᠺᠠᠩᠫᠢᠩ᠎ᠦᠨ ᠰᠣᠨᠢᠷᠬᠠᠯᠲᠠᠢ ᠭᠠᠵᠠᠷ᠎ᠤᠳ ᠲᠦ᠍ ᠶᠡᠬᠡᠬᠡᠨ ᠰᠤᠨᠢᠷᠬᠠᠯ ᠲᠠᠲᠠᠭᠳᠠᠵᠠᠢ᠃ 《ᠪᠢᠳᠠ ᠺᠠᠩᠫᠢᠩ ᠰᠢᠶᠠᠨ᠎ᠤ 〈ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ〉ᠵᠢᠨ ᠪᠦᠬᠦ ᠡᠯᠧᠮᠧᠨ᠋ᠲ᠎ᠦᠨ ᠠᠮᠢ ᠠᠬᠤᠢ᠎ᠶᠢᠨ ᠰᠠᠭᠤᠷᠢ᠎ᠶᠢᠨ ᠣᠨᠴᠠᠯᠢᠭ᠋᠎ᠤᠨ ᠲᠣᠭᠣᠷᠢᠨ᠎ᠳᠤ᠂ ᠳᠦᠷᠪᠡᠨ ᠵᠤᠷᠪᠤᠰ ᠵᠢᠭᠤᠯᠴᠢᠯᠠᠯ᠎ᠤᠨ ᠲᠡᠷᠢᠭᠦᠨ ᠵᠠᠮ ᠱᠤᠭᠤᠮ᠎ᠢ ᠨᠢᠮᠪᠠᠢ ᠨᠡᠭᠡᠭᠡᠭᠰᠡᠨ᠎ᠢᠶᠡᠷ ᠵᠢᠭᠤᠯᠴᠢᠯᠠᠭᠰᠠᠳ᠎ᠤᠨ ᠬᠦᠷᠢᠶᠡᠯᠡᠯ᠎ᠢ ᠣᠯᠪᠠ》 ᠭᠡᠵᠦ ᠮᠦᠭᠳᠡᠨ ᠬᠤᠳᠠ᠎ᠶᠢᠨ ᠺᠠᠩᠫᠢᠩ ᠰᠢᠶᠠᠨ᠎ᠤ ᠨᠠᠮ᠎ᠤᠨ ᠬᠣᠷᠢᠶ᠎ᠡ ᠵᠢᠨ ᠪᠠᠢᠩᠭᠤ᠎ᠶᠢᠨ ᠭᠡᠰᠢᠭᠦᠨ᠂ ᠰᠢᠶᠠᠨ᠎ᠤ ᠳᠡᠳ᠋ ᠳᠠᠷᠤᠭ᠎ᠠ ᠯᠢᠶᠠᠩ ᠴᠢᠶᠠᠩ ᠬᠡᠯᠡᠪᠡ᠃

ᠵᠢᠶᠠᠩᠰᠢ᠎ᠳᠤ᠂ ᠯᠦᠱᠠᠨ ᠠᠭᠤᠯᠠᠨ᠎ᠤ ᠵᠢᠦ ᠵᠢᠶᠠᠩ ᠪᠣᠯᠣᠨ《ᠱᠠᠭᠠᠵᠠᠩ᠎ᠤᠨ ᠬᠣᠲᠠ》 ᠬᠡᠮᠡᠭᠳᠡᠭᠰᠡᠨ ᠵᠢᠩ ᠳᠧ ᠵᠧᠨ ᠪᠠᠯᠭᠠᠰᠤ᠎ᠲᠠᠢ ᠬᠠᠷᠢᠴᠠᠭᠤᠯᠪᠠᠯ᠂ ᠯᠦᠩᠨᠠᠨ ᠪᠣᠯ ᠨᠡᠢᠲᠡᠯᠢᠭ 《ᠵᠢᠵᠢᠭ ᠬᠡᠪᠴᠢᠶᠡᠨ᠎ᠤ ᠵᠢᠭᠤᠯᠴᠢᠯᠠᠯ᠎ᠤᠨ ᠭᠠᠵᠠᠷ》 ᠪᠣᠯᠣᠨ᠎ᠠ᠃ ᠭᠡᠲᠡᠯ᠎ᠡ ᠡᠨᠡ ᠬᠦ᠌ ᠠᠮᠠᠷᠠᠯᠲᠠ᠎ᠶᠢᠨ ᠬᠤᠭᠤᠴᠠᠭᠠᠨ᠎ᠳᠤ ᠡᠨᠳᠡᠬᠢ ᠬᠠᠯᠠᠮᠰᠢᠯ ᠤᠯᠠᠮ᠎ᠢᠶᠠᠷ ᠳᠡᠭᠡᠭᠰᠢᠯᠡᠵᠡᠢ᠃ ᠲᠣᠭ᠎ᠠ ᠪᠠᠷᠢᠮᠲᠠ᠎ᠳᠤ ᠪᠦᠷᠢᠳᠬᠡᠭᠰᠡᠨ᠎ᠢᠶᠡᠷ᠂ 10 ᠰᠠᠷ᠎ᠠ᠎ᠶᠢᠨ 1᠎ᠡᠴᠡ 5 ᠤ᠋ ᠡᠳᠦᠷ ᠪᠣᠯᠲᠠᠯ᠎ᠠ ᠯᠦᠩᠨᠠᠨ ᠬᠣᠲᠠ᠎ᠶᠢᠨ 18 ᠵᠢᠭᠤᠯᠴᠢᠯᠠᠯ᠎ᠤᠨ ᠵᠣᠴᠢᠳ ᠪᠠᠭᠤᠳᠠᠯ᠎ᠤᠨ ᠳᠤᠮᠳᠠᠴᠢ ᠣᠷᠣᠵᠤ ᠰᠠᠭᠤᠭᠰᠠᠨ ᠨᠣᠷᠮ᠎ᠠ ᠨᠢ 90.92%᠎ᠲᠤ  ᠬᠦᠷᠴᠡᠢ᠃ ᠶᠡᠭᠡ ᠬᠡᠮᠵᠢᠶᠡᠨ᠎ᠦ ᠵᠢᠭᠤᠯᠴᠢᠯᠠᠭᠴᠢ ᠡᠨᠡ ᠬᠦ᠌ 《 ᠳᠡᠯᠡᠬᠡᠢ᠎ᠶᠢᠨ ᠬᠦᠷᠢᠶᠡᠲᠦ ᠪᠠᠢᠰᠢᠩ᠎ᠤᠨ ᠬᠣᠲᠠ》 ᠬᠡᠮᠡᠭᠳᠡᠭᠰᠡᠨ ᠨᠠᠩᠭᠢᠶᠠᠳ ᠤᠷᠤᠨ᠎ᠤ ᠡᠷᠳᠡᠨ᠎ᠤ ᠪᠠᠯᠭᠠᠳ᠎ᠢᠶᠡᠷ ᠢᠷᠡᠵᠦ᠂ ᠨᠠᠩᠭᠢᠶᠠᠳ᠎ᠤᠷᠤᠨ᠎ᠤ ᠰᠣᠶᠣᠯ᠎ᠢ ᠣᠢᠯᠠᠭᠠᠨ᠂ ᠬᠦᠷᠢᠶᠡᠲᠦ ᠪᠠᠢᠰᠢᠩ᠎ᠤᠨ ᠭᠤᠢᠳᠠ ᠰᠠᠢᠬᠠᠨ᠎ᠢ ᠰᠣᠨᠢᠷᠬᠠᠪᠠ᠃

ᠣᠳᠣᠬᠠᠨ᠎ᠳᠤ᠂ ᠤᠯᠠᠮ᠎ᠡᠴᠡ ᠣᠯᠠᠨ ᠵᠠᠯᠠᠭᠤᠴᠤᠳ ᠬᠠᠷᠡᠴᠡ᠎ᠪᠠᠨ ᠨᠠᠩ ᠥᠷᠭᠡᠨ ᠬᠤᠯᠠ ᠲᠠᠯᠪᠢᠵᠤ᠂ ᠠᠶᠠᠯᠠᠯ᠎ᠤᠨ ᠵᠠᠭᠠᠭ ᠬᠢᠵᠠᠭᠠᠷ ᠲᠠᠰᠤᠷᠠᠯᠲᠠ ᠦᠭᠡᠢ ᠥᠷᠭᠡᠵᠢᠵᠦ ᠪᠠᠢᠨ᠎ᠠ᠃ ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂ ᠰᠢᠶᠠᠨ᠎ᠤ ᠦᠵᠡᠮᠵᠢ᠎ᠶᠢᠨ ᠣᠷᠣᠨ ᠨᠢ ᠥᠪᠡᠷᠮᠢᠴᠡ ᠡᠬᠢ ᠪᠠᠶᠠᠯᠢᠭ᠋᠎ᠤᠨ ᠳᠠᠪᠠᠭᠤᠯᠢᠭ᠋ ᠪᠠ ᠰᠣᠶᠣᠯ᠎ᠤᠨ ᠦᠨ᠎ᠡ ᠥᠷᠲᠡᠭ᠎ᠢᠶᠡᠷ᠎ᠢᠶᠡᠨ《ᠰᠦᠷᠬᠦ ᠵᠢᠭᠤᠯᠴᠢᠯᠠᠯ》 ᠤ᠋ᠨ ᠤᠷᠤᠰᠴᠠ᠎ᠶᠢᠨ ᠴᠡᠪᠡᠷ ᠠᠰᠢᠭ᠋᠎ᠢ ᠵᠠᠯᠭᠠᠨ ᠠᠪᠬᠤ ᠴᠢᠬᠤᠯᠠ ᠠᠴᠢᠶᠠᠯᠠᠪᠤᠷᠢ ᠪᠣᠯᠵᠤ ᠪᠠᠢᠨ᠎ᠠ᠃

ᠠᠮᠠᠷᠠᠯᠲᠠ᠎ᠶᠢᠨ ᠬᠤᠭᠤᠴᠠᠭᠠᠨ᠎ᠤ ᠠᠶᠠᠯᠠᠯ᠎ᠤᠨ ᠭᠣᠣᠯ ᠬᠦᠴᠦᠨ ᠪᠣᠯᠤᠭᠰᠠᠨ᠎ᠤ ᠬᠤᠪᠢ᠎ᠳᠤ᠂ ᠵᠠᠯᠠᠭᠤᠴᠤᠳ ᠶᠠᠭ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠢᠶᠠᠷ ᠤᠯᠤᠰ᠎ᠤᠨ ᠪᠠᠶᠠᠷ᠎ᠤᠨ ᠵᠢᠭᠤᠯᠴᠢᠯᠠᠯ᠎ᠤᠨ ᠰᠢᠨ᠎ᠡ ᠠᠷᠭ᠎ᠠ ᠵᠠᠮ᠎ᠢ᠎ᠰᠦᠪᠡᠭᠴᠢᠯᠡᠵᠦ ᠪᠠᠢᠨ᠎ᠠ  ︱  ᠲᠡᠳᠡ ᠮᠣᠷᠢᠨ ᠳᠠᠪᠬᠢᠭ᠎ᠠ ᠪᠡᠷ  ᠴᠡᠴᠡᠭ ᠰᠣᠨᠢᠷᠬᠠᠬᠤ ᠮᠠᠶᠢᠭ᠋᠎ᠤᠨ ᠵᠢᠭᠤᠯᠴᠢᠯᠠᠯ ᠳ᠋ᠤ ᠰᠡᠳᠬᠢᠯ ᠬᠠᠨᠭᠬᠤ᠎ᠪᠠᠨ ᠪᠣᠯᠢᠵᠤ᠂ ᠬᠠᠷᠢᠨ ᠬᠥᠮᠥᠰ᠎ᠦᠨ ᠲᠠᠨᠢᠯᠴᠠᠭᠤᠯᠤᠭᠰᠠᠨ ᠵᠢᠵᠢᠭ ᠬᠡᠪᠴᠢᠶᠡᠨ᠎ᠤ ᠭᠠᠵᠠᠷ᠎ᠢ ᠵᠤᠷᠢᠵᠤ᠂ ᠭᠦᠨᠵᠡᠭᠡᠢ ᠣᠢᠯᠠᠭᠠᠯᠲᠠ᠎ᠶᠢᠨ ᠳᠤᠮᠳᠠ᠎ᠡᠴᠡ ᠵᠢᠭᠤᠯᠴᠢᠯᠠᠯ᠎ᠤᠨ ᠠᠴᠢ ᠬᠣᠯᠪᠣᠭᠳᠠᠯ ᠎ᠢ ᠣᠢᠯᠠᠭᠠᠬᠤ ᠪᠤᠯᠵᠠᠢ᠃

ᠬᠤᠸᠠ ᠰᠢᠶᠠ ᠪᠠᠢ ᠴᠢᠶᠠᠩ ᠵᠢᠭᠤᠯᠴᠢᠯᠠᠯ᠎ᠤᠨ ᠵᠥᠪᠯᠡᠯᠭᠡ ᠥᠭᠬᠦ ᠲᠥᠪ᠎ᠦᠨ ᠳᠡᠳ᠋ ᠡᠷᠬᠢᠯᠡᠭᠴᠢ ᠦ᠋ ᠨᠠᠨ ᠰᠢᠦᠸᠠᠨ᠎ᠤ ᠦᠵᠡᠬᠦ᠎ᠪᠡᠷ᠂ ᠬᠥᠮᠥᠰ᠎ᠦᠨ ᠪᠦᠲᠦᠴᠡ᠎ᠡᠴᠡ ᠦᠵᠡᠪᠡᠯ ᠰᠢᠶᠠᠨ᠎ᠤ ᠬᠡᠪᠴᠢᠶᠡᠨ᠎ᠦ ᠵᠢᠭᠤᠯᠴᠢᠯᠠᠯ᠎ᠤᠨ ᠭᠣᠣᠯ ᠵᠢᠭᠤᠯᠴᠢᠯᠠᠭᠰᠠᠳ  ᠨᠢ 18 ︱ 34 ᠨᠠᠰᠤᠨ᠎ᠤ ᠵᠠᠯᠠᠭᠤᠴᠤᠳ᠎ᠢᠶᠠᠷ ᠭᠣᠣᠯᠯᠠᠵᠤ᠂  ᠲᠡᠳᠡ ᠥᠪᠡᠷᠰᠡᠳ᠎ᠢᠶᠡᠨ ᠮᠠᠰᠢᠨ ᠪᠠᠷᠢᠬᠤ ᠳᠤᠷᠠᠰᠢᠯ ᠨᠢ ᠲᠣᠪᠣᠢᠮ᠎ᠠ᠂ ᠲᠣᠭᠠᠴᠢᠯᠠᠯᠲᠠ ᠵᠢᠨ ᠴᠢᠳᠠᠪᠤᠷᠢ ᠨᠢ ᠢᠯᠡᠷᠬᠡᠢ ᠪᠠᠢᠵᠤ᠂ ᠠᠷᠪᠠᠨ᠎ᠤ ᠨᠠᠢ᠍ᠮᠠᠨ ᠬᠤᠪᠢ᠎ᠨᠢ ᠣᠬᠣᠷ ᠸᠢᠳᠢᠤ᠋᠎ᠶᠢᠨ ᠲᠠᠪᠴᠠᠩ᠎ᠢᠶᠠᠷ ᠳᠡᠮᠵᠢᠨ ᠵᠢᠭᠤᠯᠴᠢᠯᠠᠯ᠎ᠤᠨ ᠮᠡᠳᠡᠭᠡ ᠵᠠᠩᠭᠢ᠎ᠶᠢ ᠣᠯᠵᠤ ᠪᠣᠯᠳᠠᠭ ᠭᠡᠵᠡᠢ᠃

ᠠᠮᠠᠷᠠᠯᠲᠠ᠎ᠶᠢᠨ ᠬᠤᠭᠤᠴᠠᠭᠠᠨ᠎ᠳᠤ᠂ ᠬᠥᠮᠥᠨ᠎ᠦ ᠤᠷᠤᠰᠬᠠᠯ ᠲᠦᠷᠭᠡᠨ ᠨᠡᠮᠡᠭᠳᠡᠨ᠂ ᠦᠷᠭᠦᠯᠵᠢᠯᠡᠨ 《ᠳᠠᠭᠠᠭᠠᠴᠠ᠎ᠡᠴᠡ ᠬᠡᠲᠦᠷᠡᠭᠰᠡᠨ》 ᠨᠡᠷᠡᠳᠦ ᠦᠵᠡᠮᠵᠢ᠎ᠶᠢᠨ ᠣᠷᠣᠨ᠎ᠲᠠᠢ ᠬᠠᠷᠢᠴᠠᠭᠤᠯᠪᠠᠯ᠂ ᠵᠢᠵᠢᠭ ᠬᠡᠪᠴᠢᠶᠡᠨ᠎ᠦ ᠵᠢᠭᠤᠯᠴᠢᠯᠠᠯ᠎ᠤᠨ ᠭᠠᠵᠠᠷ᠎ᠤᠨ 《 ᠨᠠᠮ ᠰᠡᠯᠡᠭᠦᠨ 》 ᠳᠠᠪᠠᠭᠤᠯᠢᠭ᠋ ᠨᠢ ᠨᠠᠩ ᠢᠯᠡᠷᠬᠡᠢ ᠪᠣᠯᠤᠭᠰᠠᠨ ᠪᠠᠢᠨ᠎ᠠ᠃ ᠯᠢᠶᠤᠤᠨᠢᠩ᠎ᠤᠨ ᠨᠡᠢᠭᠡᠮ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠤᠨ ᠰᠤᠳᠤᠯᠤᠭᠴᠢ ᠵᠠᠩ ᠰᠧ ᠨᠢᠩ᠎ᠦᠨ ᠦᠵᠡᠬᠦ᠎ᠪᠡᠷ᠂ ᠡᠨᠡ ᠨᠢ ᠮᠥᠨ ᠴᠦ᠍ ᠵᠠᠯᠠᠭᠤ ᠬᠡᠷᠡᠭᠯᠡᠭᠴᠢᠳ᠎ᠦᠨ ᠬᠡᠷᠡᠭᠴᠡᠭᠡ ᠱᠠᠭᠠᠷᠳᠠᠯᠭ᠎ᠠ᠎ᠶᠢᠨ ᠬᠤᠪᠢᠷᠠᠯᠲᠠ᠎ᠶᠢ ᠬᠠᠷᠠᠭᠤᠯᠵᠤ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ 《ᠤᠷᠤᠰᠴᠠ᠎ᠶᠢᠨ ᠴᠠᠭ ᠦᠶ᠎ᠡ》 ᠡᠴᠡ 《ᠶᠠᠰᠤ ᠴᠢᠨᠠᠷ᠎ᠤᠨ ᠴᠠᠭ ᠦᠶ᠎ᠡ》 ᠳᠠᠢᠰᠢ ᠠᠯᠬᠤᠮ ᠠᠯᠬᠤᠮ᠎ᠢᠶᠠᠷ ᠰᠢᠯᠵᠢᠵᠤ ᠪᠠᠢᠬᠤ᠎ᠶᠢ ᠬᠠᠷᠠᠭᠤᠯᠵᠤ ᠪᠠᠢᠨ᠎ᠠ ᠭᠡᠪᠡ᠃

ᠡᠭᠦᠨ᠎ᠦ ᠵᠡᠷᠭᠡ᠎ᠳᠦ ᠰᠤᠷᠪᠤᠯᠵᠢᠯᠠᠭ᠍ᠴᠢ ᠪᠠᠰᠠ ᠵᠠᠷᠢᠮ ᠵᠢᠵᠢᠭ ᠬᠡᠪᠴᠢᠶᠡᠨ᠎ᠤ ᠦᠵᠡᠮᠵᠢ᠎ᠶᠢᠨ ᠭᠠᠵᠠᠷ᠂ ᠬᠡᠰᠡᠭ ᠭᠠᠵᠠᠷ ᠣᠷᠣᠨ᠎ᠳᠤ ᠪᠤᠯᠪᠠᠰᠤᠷᠠᠨᠭᠭᠤᠢ ᠪᠤᠰᠤ ᠪᠠᠢᠳᠠᠯ ᠬᠠᠷᠠᠭᠳᠠᠵᠤ᠂ ᠵᠢᠭᠤᠯᠴᠢᠯᠠᠭᠰᠠᠳ ᠡᠴᠡ ᠲᠡᠷᠭᠡ ᠵᠣᠭᠰᠣᠬᠤ ᠰᠦᠢᠳᠬᠡᠯ᠂ ᠲᠣᠭᠣᠷᠢᠨ ᠦᠵᠡᠬᠦ ᠰᠦᠢᠳᠬᠡᠯ ᠬᠤᠷᠢᠶᠠᠵᠤ ᠪᠠᠢᠬᠤ᠎ᠶᠢ ᠠᠵᠢᠭ᠍ᠯᠠᠵᠤ ᠣᠯᠪᠠ; ᠡᠳᠡᠭᠡᠷ ᠦᠵᠡᠮᠵᠢ᠎ᠶᠢᠨ ᠣᠷᠣᠨ ᠨᠢ ᠦᠵᠡᠬᠦ᠎ᠳᠦ ᠬᠥᠮᠥᠨ ᠴᠥᠭᠡᠨ ᠦᠵᠡᠮᠵᠢ ᠰᠠᠢᠬᠠᠨ ᠪᠣᠯᠪᠠᠴᠤ ᠬᠢᠨᠠᠨ ᠬᠠᠮᠢᠶᠠᠷᠬᠤ ᠬᠥᠮᠥᠨ ᠦᠭᠡᠢ᠂ ᠪᠠᠴᠢᠮ ᠪᠠᠢᠳᠠᠯ᠎ᠢ ᠠᠷᠭᠠᠴᠠᠭᠠᠬᠤ ᠲᠥᠰᠥᠯ ᠦᠭᠡᠢ᠂ ᠠᠪᠤᠷᠠᠨ ᠲᠤᠰᠠᠯᠠᠬᠤ ᠪᠠᠲᠤᠯᠠᠭ᠎ᠠ ᠦᠭᠡᠢ ᠵᠡᠷᠭᠡ ᠠᠰᠠᠭᠤᠳᠠᠯ ᠣᠷᠣᠰᠢᠵᠤ ᠮᠡᠳᠡᠨ᠎ᠡ᠃ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠠᠯᠪᠠᠨ ᠭᠡᠷ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠡᠴᠡ ᠣᠢᠷ᠎ᠠ᠎ᠶᠢᠨ ᠬᠤᠭᠤᠴᠠᠭᠠᠨ᠎ᠳᠤ ᠪᠠᠰᠠ ᠵᠢᠭᠤᠯᠴᠢᠯᠠᠭᠰᠠᠳ ᠲᠦ᠍᠂ ᠵᠠᠷᠢᠮ 《ᠵᠢᠵᠢᠭ ᠬᠡᠪᠴᠢᠶᠡᠨ᠎ᠤ ᠨᠢᠭᠤᠴᠠᠯᠢᠭ ᠤᠷᠤᠨ》 ᠳ᠋ᠤ᠌ ᠣᠴᠢᠬᠤ᠎ᠳᠠᠭᠠᠨ᠂ ᠠᠯᠪᠠᠨ᠎ᠤ ᠲᠠᠯ᠎ᠠ᠎ᠶᠢᠨ ᠴᠠᠭ ᠠᠭᠤᠷ ᠪᠣᠯᠣᠨ ᠭᠠᠵᠠᠷ ᠵᠦᠢ ᠵᠢᠨ ᠭᠠᠮᠰᠢᠭ᠋᠎ᠤᠨ ᠰᠡᠷᠡᠮᠵᠢᠯᠡᠭᠦᠯᠦᠯ᠎ᠢ ᠴᠠᠭ ᠲᠤᠬᠠᠢ ᠳ᠋ᠤᠨᠢ ᠪᠠᠢᠴᠠᠭᠠᠨ ᠦᠵᠡᠵᠤ᠂ ᠨᠡᠭᠡᠭᠡᠨ ᠠᠰᠢᠭ᠍ᠯᠠᠭᠠᠳᠤᠢ ᠣᠷᠣᠨ᠎ᠳᠤ ᠳᠤᠷ᠎ᠠ᠎ᠪᠠᠷ᠎ᠢᠶᠠᠨ ᠣᠷᠣᠵᠤ ᠪᠣᠯᠬᠤ ᠦᠭᠡᠢ ᠭᠡᠵᠤ ᠰᠠᠨᠠᠭᠤᠯᠤᠭᠰᠠᠨ ᠪᠠᠢᠨ᠎ᠠ᠃

ᠠᠵᠢᠯ ᠲᠥᠷᠥᠯ᠎ᠦᠨ ᠬᠥᠮᠥᠰ᠎ᠦᠨ ᠦᠵᠡᠬᠦ᠎ᠪᠡᠷ᠂ ᠵᠢᠵᠢᠭ ᠬᠡᠪᠴᠢᠶᠡᠨ᠎ᠤ ᠵᠢᠭᠤᠯᠴᠢᠯᠠᠯ᠎ᠤᠨ ᠭᠠᠵᠠᠷ ᠨᠢ ᠦᠷᠭᠦᠯᠵᠢᠯᠡᠨ ᠵᠠᠯᠠᠭᠤᠴᠤᠳ᠎ᠤᠨ《ᠰᠦᠷᠬᠦ ᠰᠣᠩᠭᠣᠯᠲᠠ》ᠪᠣᠯᠬᠤ᠎ᠳᠤ ᠪᠠᠰᠠ ᠰᠣᠶᠣᠯ᠎ᠤᠨ ᠳᠣᠲᠣᠭᠠᠳᠤ ᠴᠥᠮ᠎ᠡ᠎ᠶᠢ ᠲᠠᠰᠤᠷᠠᠯᠲᠠ ᠦᠭᠡᠢ ᠤᠷᠲᠤᠳᠬᠠᠨ᠂ ᠢᠵᠢ ᠪᠦᠷᠢᠳᠦᠭᠰᠡᠨ ᠦᠢᠯᠡᠴᠢᠯᠡᠭᠡ ᠵᠢ ᠪᠦᠷᠢᠨᠰᠢᠭᠦᠯᠬᠦ ᠵᠢᠨ ᠬᠠᠮᠲᠤ ᠥᠪᠡᠷᠮᠢᠴᠡ ᠣᠨᠴᠠᠯᠢᠭ᠋᠎ᠲᠠᠢ IP ᠶ᠋ᠢ ᠦᠷᠭᠦᠯᠵᠢᠯᠡᠨ ᠪᠣᠢᠵᠢᠭᠤᠯᠵᠤ᠂ ᠣᠯᠠᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠠᠭᠤᠰᠤᠯᠴᠠᠭᠤᠯᠤᠭᠰᠠᠨ ᠦᠷᠭᠦᠯᠵᠢᠯᠡᠬᠦ ᠬᠥᠭᠵᠢᠯᠲᠡ᠎ᠶᠢᠨ ᠠᠷᠭ᠎ᠠ ᠵᠠᠮ᠎ᠢ ᠪᠣᠶ ᠪᠣᠯᠭᠠᠬᠤ ᠬᠡᠷᠡᠭᠲᠡᠢ ᠭᠡᠪᠡ᠃《ᠦᠢᠯᠡᠳᠪᠦᠷᠢᠯᠡᠯ ᠪᠠ ᠠᠮᠢᠳᠤᠷᠠᠯ ᠳᠤᠮᠳᠠ᠎ᠡᠴᠡ ᠵᠢᠭᠤᠯᠴᠢᠯᠠᠭᠰᠠᠳ᠎ᠤᠨ ᠳᠤᠷ᠎ᠠ ᠰᠣᠨᠢᠷᠬᠠᠯ᠎ᠢ ᠴᠢᠳᠠᠮᠠᠭᠠᠢ᠎ᠪᠠᠷ ᠢᠯᠡᠷᠡᠭᠦᠯᠵᠦ᠂ ᠪᠣᠯᠪᠠᠰᠤᠷᠠᠭᠤᠯᠬᠤ᠂ ᠳᠡᠭᠡᠭᠰᠢᠯᠡᠭᠦᠯᠬᠦ ᠪᠠ ᠴᠢᠬᠤᠯᠠ ᠪᠦᠬᠦᠢ ᠢᠵᠢ ᠪᠦᠷᠢᠳᠦᠭᠦᠯᠬᠦ᠎ᠶᠢ ᠴᠢᠩᠭᠠᠳᠬᠠᠪᠠᠯ᠂ ᠬᠦᠮᠦᠰ᠎ᠤᠨ ᠰᠡᠳᠬᠢᠯ᠎ᠢ ᠲᠠᠳᠠᠵᠤ ᠪᠤᠯᠤᠨ᠎ᠠ 》 ᠭᠡᠵᠦ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠵᠢᠭᠤᠯᠴᠢᠯᠠᠯ᠎ᠤᠨ ᠰᠤᠳᠤᠯᠭᠠᠨ᠎ᠤ ᠲᠥᠪ᠎ᠦᠨ ᠣᠨᠴᠠ ᠤᠷᠢᠭ᠍ᠰᠠᠨ ᠰᠤᠳᠤᠯᠤᠭ᠍ᠴᠢ ᠭᠤᠤ ᠱᠦᠨ ᠯᠢ ᠬᠡᠯᠡᠪᠡ᠃ 

ᠰᠢᠨᠬᠤᠸᠠ ᠬᠣᠷᠢᠶ᠎ᠡ ᠵᠢᠨ ᠪᠡᠭᠡᠵᠢᠩ᠎ᠦᠨ  ᠴᠠᠬᠢᠯᠭᠠᠨ ᠮᠡᠳᠡᠭᠡ ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号