ᠬᠥᠬᠡᠬᠣᠲᠠ ᠤᠯᠢᠶᠠᠰᠤᠨ ᠮᠣᠳᠣᠨ ᠤ᠋ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠶ᠋ᠢ ᠬᠡᠮᠵᠢᠬᠦ᠌ ᠵᠠᠭ᠍ᠪᠤᠷ ᠤ᠋ᠨ ᠪᠦᠲᠦᠭᠡᠨ ᠪᠠᠢᠭᠤᠯᠤᠯᠲᠠ ᠵᠢᠨ ᠲᠥᠷᠥᠯ ᠵᠦᠢᠯ ᠢ᠋ ᠡᠬᠢᠯᠡᠭᠦᠯᠪᠡ
2025-10-16 10:41:50
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠪᠥᠬᠥ᠌ ᠬᠣᠲᠠ ᠵᠢᠨ ᠣᠶ ᠱᠢᠭᠤᠶ ᠵᠢᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ ᠶ᠋ᠢ ᠬᠢᠨᠠᠨ ᠬᠡᠮᠵᠢᠬᠦ᠌ ᠱᠢᠰᠲ᠋ᠧᠮ ᠢ᠋ ᠰᠦᠪᠡᠭ᠌ᠴᠢᠯᠡᠨ ᠪᠠᠢᠭᠤᠯᠵᠤ᠂ ᠭᠤᠤᠯ ᠪᠣᠯᠬᠤ ᠨᠡᠭᠦᠷᠡᠰᠦᠲᠥ᠋ᠷᠥᠭ᠌ᠴᠢ ᠶ᠋ᠢ ᠲᠤᠭᠲᠠᠪᠤᠷᠢᠵᠢᠭᠤᠯᠬᠤ ᠲᠤᠷᠤᠭ ᠮᠣᠳᠣᠨ ᠤ᠋ ᠲᠥᠷᠥᠯ ᠤ᠋ᠨ ᠨᠡᠭᠦᠷᠡᠰᠦᠲᠥ᠋ᠷᠥᠭ᠌ᠴᠢ ᠵᠢᠨ ᠬᠠᠳᠠᠭᠠᠯᠠᠭ᠍ᠳᠠᠴᠠ ᠶ᠋ᠢ ᠣᠨᠣᠪᠴᠢᠲᠠᠶ ᠬᠡᠮᠵᠢᠨ ᠪᠤᠳᠤᠬᠤ ᠵᠢᠨ ᠲᠥᠯᠥᠭᠡ᠂ ᠬᠥᠬᠡᠬᠣᠲᠠ 2025 ᠣᠨ ᠤ᠋ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ ᠵᠢᠨ ᠲᠤᠷᠱᠢᠯᠲᠠ ᠵᠢᠨ ᠴᠡᠭ ᠤ᠋ᠨ ᠲᠤᠰᠭᠠᠶ ᠪᠠᠯᠠ ᠮᠥᠩᠭᠥ ᠶ᠋ᠢ ᠴᠢᠷᠮᠠᠢᠨ ᠣᠯᠵᠤ᠂ ᠣᠢᠷ᠎ᠠ ᠳ᠋ᠤ ᠤᠯᠢᠶᠠᠰᠤᠨ ᠮᠣᠳᠣᠨ ᠤ᠋ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠶ᠋ᠢ ᠬᠡᠮᠵᠢᠬᠦ᠌ ᠵᠠᠭ᠍ᠪᠤᠷ ᠤ᠋ᠨ ᠪᠥᠲᠥᠭᠡᠨ ᠪᠠᠢᠭᠤᠯᠤᠯᠲᠠ ᠵᠢᠨ ᠲᠥᠷᠥᠯ ᠵᠦᠶ᠋ᠯ ᠢ᠋ ᠡᠬᠢᠯᠡᠭᠦᠯᠦᠨ ᠬᠡᠷᠡᠭ᠌ᠵᠢᠭᠦᠯᠪᠡ᠃

ᠲᠥᠷᠥᠯ ᠵᠦᠶ᠋ᠯ᠎ᠨᠢ ᠬᠥᠬᠡᠬᠣᠲᠠ ᠵᠢᠨ ᠤᠯᠢᠶᠠᠰᠤᠨ ᠮᠣᠳᠣᠨ ᠤ᠋ ᠳ᠋ᠢᠶᠠᠮᠧᠲ᠋ᠷ ᠤ᠋ᠨ ᠲᠠᠰ ᠢ᠋ ᠦᠨᠳᠦᠰᠦᠯᠡᠨ ᠥᠯᠢᠭᠡᠷ ᠭᠠᠵᠠᠷ ᠢ᠋ ᠲᠥᠷᠥᠯ ᠬᠤᠪᠢᠶᠠᠨ ᠪᠠᠢᠷᠢᠯᠠᠭᠤᠯᠵᠤ᠂ ᠥᠯᠢᠭᠡᠷ ᠮᠣᠳᠣ ᠶ᠋ᠢ ᠰᠣᠩᠭᠣᠨ ᠠᠪᠬᠤ᠂ ᠨᠡᠭᠦᠷᠡᠰᠦᠲᠥ᠋ᠷᠥᠭ᠌ᠴᠢ ᠠᠭᠤᠯᠬᠤ ᠨᠣᠷᠮ᠎ᠠ ᠪᠠ ᠤᠰᠤ ᠠᠭᠤᠯᠬᠤ ᠨᠣᠷᠮ᠎ᠠ ᠶ᠋ᠢ ᠬᠡᠮᠵᠢᠨ ᠲᠣᠭ᠍ᠲᠠᠭᠠᠬᠤ ᠵᠡᠷᠭᠡ ᠠᠵᠢᠯ ᠵᠢᠡᠷ ᠳᠠᠮᠵᠢᠨ᠂ ᠤᠯᠢᠶᠠᠰᠤᠨ ᠮᠣᠳᠣᠨ ᠤ᠋ ᠠᠮᠢᠳᠤ ᠪᠣᠳᠠᠰ ᠤ᠋ᠨ ᠬᠡᠮᠵᠢᠶ᠎ᠡ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠶ᠋ᠢ ᠬᠡᠮᠵᠢᠬᠦ᠌ ᠵᠠᠭ᠍ᠪᠤᠷ ᠤ᠋ᠨ ᠪᠣᠯᠵᠣᠯᠲᠤ ᠲᠣᠭ᠎ᠠ ᠶ᠋ᠢ ᠪᠤᠳᠤᠬᠤ ᠵᠢᠨ ᠬᠠᠮᠲᠤ ᠵᠣᠬᠢᠴᠠᠩᠭᠤᠶ ᠨᠡᠭᠦᠷᠡᠰᠦᠲᠥ᠋ᠷᠥᠭ᠌ᠴᠢ ᠶ᠋ᠢ ᠬᠡᠮᠵᠢᠬᠦ᠌ ᠵᠠᠭ᠍ᠪᠤᠷ ᠢ᠋ ᠪᠠᠢᠭᠤᠯᠤᠨ᠎ᠠ᠃ ᠲᠣᠰ ᠲᠥᠷᠥᠯ ᠵᠦᠶ᠋ᠯ ᠢ᠋ ᠡᠬᠢᠯᠡᠭᠦᠯᠦᠭ᠌ᠰᠡᠨ᠎ᠨᠢ ᠬᠥᠬᠡᠬᠣᠲᠠ ᠵᠢᠨ ᠣᠶ ᠱᠢᠭᠤᠶ ᠵᠢᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ ᠵᠢᠨ ᠬᠢᠨᠠᠨ ᠬᠡᠮᠵᠢᠬᠦ᠌ ᠠᠵᠢᠯ ᠳ᠋ᠤ ᠲᠣᠭ᠎ᠠ ᠪᠠᠷᠢᠮᠲᠠ ᠵᠢᠨ ᠳᠡᠮᠵᠢᠯᠭᠡ ᠪᠠ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ ᠬᠠᠩᠭᠠᠪᠠ᠃

ᠪᠠᠢᠭᠤᠯᠤᠭ᠍ᠰᠠᠨ ᠤ᠋ ᠳᠠᠷᠠᠭᠠᠬᠢ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠶ᠋ᠢ ᠬᠡᠮᠵᠢᠬᠦ᠌ ᠵᠠᠭ᠍ᠪᠤᠷ ᠪᠠ ᠵᠠᠭ᠍ᠪᠤᠷ ᠤ᠋ᠨ ᠳ᠋ᠠᠢᠲ᠋ᠠ ᠬᠥᠮᠥᠷᠭᠡ ᠶ᠋ᠢ ᠠᠱᠢᠭ᠍ᠯᠠᠨ᠂ ᠲᠤᠬᠠᠶ ᠵᠢᠨ ᠭᠠᠵᠠᠷ ᠤ᠋ᠨ ᠤᠯᠢᠶᠠᠰᠤᠨ ᠮᠤᠳᠤ ᠬᠡᠳᠦᠶ ᠨᠡᠭᠦᠷᠡᠰᠦᠲᠥ᠋ᠷᠥᠭ᠌ᠴᠢ ᠶ᠋ᠢ ᠲᠣᠭ᠍ᠲᠠᠪᠤᠷᠢᠵᠢᠭᠤᠯᠬᠤ ᠦᠨᠳᠦᠰᠦᠨ ᠠᠰᠠᠭᠤᠳᠠᠯ ᠢ᠋ ᠰᠢᠢᠳᠪᠦᠷᠢᠯᠡᠵᠤ ᠴᠢᠳᠠᠬᠤ ᠪᠡᠷ ᠪᠠᠷᠠᠬᠤ ᠥᠬᠡᠶ ᠪᠠᠰᠠ ᠳᠠᠷᠠᠭᠠᠴᠢ ᠵᠢᠨ ᠴᠠᠭᠠᠨ ᠬᠤᠰᠤ᠂ ᠨᠠᠷᠠᠰᠤᠨ ᠮᠣᠳᠣ᠂ ᠬᠠᠢᠯᠠᠰᠤᠨ ᠮᠣᠳᠣ ᠵᠡᠷᠭᠡ ᠪᠤᠰᠤᠳ ᠭᠤᠤᠯ ᠪᠣᠯᠬᠤ ᠮᠣᠳᠣᠨ ᠤ᠋ ᠲᠥᠷᠥᠯ ᠤ᠋ᠨ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠶ᠋ᠢ ᠬᠡᠮᠵᠢᠬᠦ ᠵᠠᠭ᠍ᠪᠤᠷ ᠤ᠋ᠨ ᠪᠥᠲᠥᠭᠡᠨ ᠪᠠᠢᠭᠤᠯᠤᠯᠲᠠ ᠶ᠋ᠢ ᠠᠯᠬᠤᠮ ᠠᠯᠬᠤᠮ ᠵᠢᠡᠷ ᠥᠷᠨᠢᠭᠦᠯᠬᠦ᠌᠎ᠳᠦ ᠲᠤᠷᠱᠢᠯᠭ᠎ᠠ ᠬᠤᠷᠠᠮᠳᠤᠭᠤᠯᠵᠤ᠂ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ ᠵᠢᠨ ᠬᠡᠮᠵᠢᠯᠲᠡ ᠶ᠋ᠢ ᠨᠠᠷᠢᠯᠢᠭ ᠤᠨᠤᠪᠴᠢᠲᠠᠢ ᠬᠢᠬᠦ᠌ ᠳ᠋ᠤ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号