ᠳᠠᠭᠤᠯᠠᠯᠳᠦ ᠵᠦᠴᠦᠭᠡ 《ᠵᠠᠡᠭᠭᠠᠷ》 ᠸᠸᠨ ᠬᠤᠸᠠ ᠱᠠᠩᠨᠠᠯ ᠳ᠋ᠤ ᠦᠷᠢᠰᠦᠯᠳᠦᠵᠦ ᠪᠤᠢ
2025-10-16 10:42:49
ᠵᠣᠬᠢᠶᠠᠭ᠍ᠴᠢ᠄
ᠹᠸᠩ ᠰᠢᠤᠸᠠᠢ ᠢᠦᠶ ᠸᠠᠩ ᠯᠸᠢ ᠯᠢ ᠴᠤᠤ ᠷᠠᠨ
ᠣᠩᠱᠢᠭ᠍ᠰᠠᠨ ᠣᠳᠠᠭ᠎ᠠ᠄
★★★☆☆

10 ᠰᠠᠷ᠎ᠠ᠎ᠶᠢᠨ 14᠎ᠡᠴᠡ 15᠎ᠤ ᠡᠳᠦᠷ ᠪᠣᠯᠲᠠᠯ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠤᠷᠠᠯᠢᠭ᠎ᠤᠨ ᠨᠠᠶ᠋ᠢᠷ ᠵᠢᠴᠢ ᠠᠷᠪᠠᠨ ᠨᠢ᠋ᠮᠠᠳᠤᠭᠠᠷ ᠬᠤᠭᠤᠴᠠᠭᠠᠨ᠎ᠤ ᠸᠸᠨ ᠬᠤᠸᠠ ᠱᠠᠩᠨᠠᠯ᠎ᠤᠨ ᠰᠢᠯᠭᠠᠷᠠᠭᠤᠯᠤᠯᠲᠠ ᠴᠦᠩᠴᠢᠩ᠎ᠳᠦ ᠶᠠᠪᠤᠭᠳᠠᠵᠦ ᠪᠠᠢᠨ᠎ᠠ᠃ ᠥᠪᠥᠷ ᠮᠣᠩᠭᠣᠯ᠎ᠤᠨ ᠤᠷᠠᠯᠢᠭ ᠵᠦᠴᠦᠭᠡ᠎ᠶᠢᠨ ᠬᠦᠷᠢᠶᠡᠯᠡᠩ᠎ᠦᠨ ᠵᠣᠬᠢᠶᠠᠨ ᠪᠦᠲᠦᠭᠡᠭᠰᠡᠨ ᠳᠠᠭᠤᠯᠠᠯᠲᠤ᠌ ᠵᠦᠴᠦᠭᠡ 《ᠵᠠᠡᠭᠭᠠᠷ》 ᠨᠢ ᠥᠪᠥᠷ ᠮᠣᠩᠭᠣᠯ᠎ᠤᠨ ᠸᠧᠨ ᠬᠤᠸᠠ ᠱᠠᠩᠨᠠᠯ᠎ᠤᠨ ᠡᠴᠦᠰ᠎ᠦᠨ ᠦᠨᠡᠯᠡᠯᠲᠡ᠎ᠳᠤ ᠤᠷᠤᠭᠰᠠᠨ ᠪᠦᠲᠦᠭᠡᠯ᠎ᠦᠨ ᠨᠢᠭᠡ ᠵᠢᠨ ᠬᠤᠪᠢ᠎ᠳᠤ᠂ ᠴᠦᠩᠴᠢᠩ᠎ᠦᠨ ᠭᠦᠸᠧ ᠲᠡᠶ ᠵᠦᠴᠦᠭᠡ᠎ᠶᠢᠨ ᠬᠦᠷᠢᠶᠡᠯᠡᠩ᠎ᠦᠨ ᠲᠠᠶ᠋ᠢᠰᠠᠨ᠎ᠳᠤ ᠭᠠᠷᠴᠤ᠌᠂ ᠸᠧᠨ ᠬᠤᠸᠠ ᠱᠠᠩᠨᠠᠯ᠎ᠤᠨ ᠰᠢᠷᠦᠭᠦᠨ ᠥᠷᠢᠰᠥᠯᠳᠦᠭᠡᠨ᠎ᠳᠦ ᠣᠷᠣᠯᠴᠠᠪᠠ᠃


QQ截图20251001113555.png


ᠪᠠᠭᠠᠲᠤᠷᠯᠢᠭ ᠲᠤᠤᠯᠢ ᠠᠭᠤᠯᠠᠨ ᠬᠤᠳᠠ᠎ᠶᠢ ᠳᠣᠩᠰᠣᠯᠭᠠᠵᠤ᠂ ᠦᠪᠡᠳᠡᠭᠰᠢ ᠨᠠᠶ᠋ᠢᠷ ᠤᠯᠠᠨ᠎ᠤ ᠬᠦᠷᠢᠶᠡᠯᠡᠯ᠎ᠢ ᠤᠯᠤᠨ᠎ᠠ᠃ 10 ᠰᠠᠷ᠎ᠠ᠎ᠶᠢᠨ 14᠎ᠦ ᠣᠷᠣᠶ ᠭᠦᠸᠧ᠎ᠲᠡᠶ ᠵᠦᠴᠦᠭᠡ᠎ᠶᠢᠨ ᠬᠦᠷᠢᠶᠡᠯᠡᠩ᠎ᠳᠦ ᠬᠥᠮᠦᠰ ᠳᠦᠭᠦᠷᠲᠡᠯ᠎ᠡ ᠰᠠᠭᠤᠯᠴᠠᠵᠤ᠂ ᠢᠷᠠᠭᠤ ᠰᠠᠶ᠋ᠢᠬᠠᠨ ᠤᠷᠲᠤ᠎ᠶᠢᠨ ᠳᠠᠭᠤᠤ ᠵᠢᠨ ᠠᠶᠠᠰ᠎ᠲᠠᠢ᠎ᠳᠠᠭᠠᠯᠳᠤᠨ᠂ ᠳᠠᠭᠤᠯᠠᠯᠳᠦ ᠵᠦᠴᠦᠭᠡ 《ᠵᠠᠡᠭᠭᠠᠷ》 ᠬᠥᠰᠢᠭᠡ᠎ᠪᠡᠨ ᠠᠯᠭᠤᠷᠬᠠᠨ ᠰᠡᠬᠦᠪᠡ᠃


QQ截图20250224163936.png


ᠲᠣᠰ ᠤᠳᠠᠭ᠎ᠠ᠎ᠶᠢᠨ ᠲᠣᠭᠯᠠᠯᠲᠠ᠎ᠶᠢᠨ ᠡᠡᠭᠨᠡᠭᠡ ᠵᠢ ᠴᠥᠮ ᠥᠪᠥᠷ ᠮᠣᠩᠭᠣᠯ᠎ᠤᠨ ᠤᠷᠠᠯᠢᠭ ᠵᠦᠴᠦᠭᠡ᠎ᠶᠢᠨ ᠬᠦᠷᠢᠶᠡᠯᠡᠩ᠎ᠦᠨ ᠡᠯ᠎ᠡ ᠤᠷᠠᠯᠢᠭ᠎ᠤᠨ ᠪᠦᠯᠬᠦᠮ᠎ᠦᠨ ᠲᠣᠭᠯᠠᠭᠴᠢᠳ ᠡᠭᠦᠷᠭᠡᠯᠡᠵᠦ᠍᠂ ᠣᠷᠭᠢᠯᠤᠮ᠎ᠠ ᠬᠠᠯᠠᠭᠤᠨ ᠰᠡᠳᠬᠢᠯᠭᠡ᠎ᠪᠡᠷ ᠵᠠᠡᠭᠭᠠᠷ᠎ᠤᠨ ᠨᠢᠭᠡ ᠨᠠᠰᠤ᠎ᠶᠢ ᠭᠣᠶ᠋ᠢᠳᠠ ᠰᠠᠶ᠋ᠢᠬᠠᠨ ᠲᠣᠭᠯᠠᠪᠠ᠃

ᠨᠠᠶ᠋ᠢᠷᠠᠯ ᠬᠥᠭᠵᠢᠮ᠎ᠦᠨ ᠪᠦᠯᠬᠦᠮ᠎ᠦᠨ ᠲᠤᠬᠠᠶ᠎ᠶᠢᠨ ᠲᠠᠯᠠᠪᠠᠢ᠎ᠶᠢᠨ ᠲᠣᠭᠯᠠᠯᠲᠠ ᠪᠣᠯᠤᠨ ᠲᠣᠭᠯᠠᠭᠴᠢᠳ᠎ᠤᠨ ᠪᠦᠷᠢᠨ ᠲᠡᠭᠦᠯᠳᠡᠷ ᠬᠠᠮᠵᠢᠯᠴᠠᠭ᠎ᠠ ᠨᠢ ᠦᠵᠡᠭᠴᠢᠳ᠎ᠢ ᠲᠡᠷᠡ ᠬᠦ᠌ ᠰᠦᠷ ᠳᠠᠯᠠᠶ᠋ᠢᠴᠠᠲᠠᠶ ᠪᠠᠭᠠᠲᠤᠷᠯᠢᠭ ᠴᠠᠭ ᠣᠶ᠋ᠶ᠎ᠠ᠎ᠳᠤ ᠳᠠᠭᠠᠭᠤᠯᠤᠨ ᠤᠷᠤᠪᠠ᠃ ᠲᠠᠢᠰᠠᠨ ᠳᠡᠭᠡᠷ᠎ᠡ᠂ ᠳ᠋ᠧᠩ᠎ᠦᠨ ᠭᠡᠷᠡᠯ ᠦᠶᠡᠯᠵᠡᠨ ᠳᠤᠨᠤᠯᠵᠠᠵᠤ᠂ ᠬᠠᠶᠠ ᠭᠡᠭᠡᠭᠡᠨ ᠳᠤᠡᠭᠭᠠᠯᠠᠭ ᠪᠤᠯᠵᠤ ᠲᠠᠯ᠎ᠠ ᠨᠤᠲᠤᠭ᠎ᠤᠨ ᠥᠷᠭᠡᠨ ᠠᠭᠤᠳᠠᠮ ᠪᠠ ᠰᠦᠷᠯᠢᠭ ᠰᠠᠢᠬᠠᠨ᠎ᠢ ᠢᠯᠡᠷᠡᠭᠦᠯᠦᠨ᠎ᠡ; ᠬᠠᠶᠠ ᠪᠠᠰᠠ ᠬᠠᠷᠠᠡᠭᠭᠤᠢᠯᠠᠨ ᠪᠦᠷᠬᠦᠢᠵᠦ᠂ ᠪᠠᠢᠯᠳᠤᠭᠠᠨ᠎ᠤ ᠪᠠᠴᠢᠮ ᠰᠢᠷᠦᠭᠦᠨ᠎ᠢ ᠬᠠᠷᠠᠭᠤᠯᠤᠨ᠎ᠠ᠃


QQ截图20250825102238.png


ᠲᠣᠭᠯᠠᠭᠴᠢᠳ ᠭᠣᠶᠣᠮᠰᠣᠭ ᠰᠠᠶ᠋ᠢᠬᠠᠨ ᠦᠨᠳᠦᠰᠦᠲᠡᠨ᠎ᠦ ᠬᠤᠪᠴᠠᠰᠤ ᠵᠠᠰᠠᠯ᠎ᠵᠢᠠᠷ ᠭᠤᠶᠤᠯᠠᠵᠤ᠂ ᠭᠣᠴᠣ ᠰᠠᠶ᠋ᠢᠬᠠᠨ ᠲᠣᠭᠯᠠᠬᠤ ᠤᠷ᠎ᠠ ᠮᠡᠷᠭᠡᠵᠢᠯ ᠪᠣᠯᠤᠨ ᠬᠥᠮᠦᠰ᠎ᠦᠨ ᠰᠡᠳᠬᠢᠯ᠎ᠢ ᠬᠥᠳᠡᠯᠭᠡᠮ᠎ᠡ ᠳᠠᠭᠤᠤ ᠪᠦᠵᠢᠭ ᠵᠢᠠᠷ᠎ᠢᠶᠠᠨ ᠵᠠᠡᠭᠭᠠᠷ᠎ᠤᠨ ᠡᠷᠡᠯᠬᠡᠭ ᠪᠠᠭᠠᠲᠤᠷᠯᠢᠭ᠂ ᠰᠡᠴᠡᠨ ᠮᠡᠷᠭᠡᠨ ᠲᠦᠷᠢ ᠳᠦᠷᠭᠦ ᠵᠢ ᠪᠦᠷᠢᠨ ᠭᠦᠢᠴᠡᠳ ᠡᠰᠭᠡᠵᠠᠢ᠃ ᠬᠥᠳᠡᠯᠦᠯ ᠪᠦᠷᠢ᠂ ᠬᠠᠷᠠᠴᠠ ᠪᠦᠷᠢ ᠨᠢ ᠬᠦᠴᠦᠨ ᠴᠢᠳᠠᠯ᠎ᠢᠶᠠᠷ ᠪᠢᠯᠬᠠᠵᠤ᠂ ᠵᠠᠡᠭᠭᠠᠷ᠎ᠤᠨ ᠪᠠᠭᠠᠲᠤᠷᠴᠤᠳ᠎ᠢᠶᠠᠨ ᠳᠠᠭᠠᠭᠤᠯᠤᠨ ᠭᠡᠷ ᠣᠷᠣᠨ᠎ᠢᠶᠠᠨ ᠬᠠᠮᠠᠭᠠᠯᠠᠵᠤ᠂ ᠳᠠᠶ᠋ᠢᠰᠤᠨ᠎ᠢ ᠢᠯᠠᠭᠰᠠᠨ ᠭᠡᠷᠡᠯ ᠰᠠᠴᠤᠷᠠᠩᠭᠤᠢ ᠦᠢᠯᠡ ᠶᠠᠪᠤᠳᠠᠯ᠎ᠢ ᠦᠵᠡᠭᠴᠢᠳ᠎ᠤᠨ ᠨᠢᠳᠦᠨ᠎ᠳᠦ ᠦᠵᠡᠭᠳᠡᠳᠡᠯ᠎ᠠ ᠳᠤᠭᠯᠠᠪᠠ᠃ ᠦᠵᠡᠭᠴᠢᠳ ᠭᠣᠢᠳᠠ ᠰᠠᠢᠬᠠᠨ ᠲᠣᠭᠯᠠᠯᠲᠠ᠎ᠳᠤ ᠲᠠᠲᠠᠭᠳᠠᠵᠤ᠂ ᠬᠠᠶᠠ ᠵᠦᠴᠦᠭᠡ᠎ᠶᠢᠨ ᠦᠢᠯᠡ ᠶᠠᠪᠤᠳᠠᠯ᠎ᠳᠤ ᠰᠣᠭᠲᠣᠭᠤᠷᠠᠵᠤ᠂ ᠪᠠᠭᠠᠲᠤᠷᠴᠤᠳ᠎ᠤᠨ ᠭᠤᠨᠢᠭᠲᠤ ᠤᠴᠠᠷᠠᠯ᠎ᠳᠤ ᠰᠡᠳᠬᠢᠯ ᠡᠪᠬᠡᠷᠡᠨ᠎ᠠ; ᠬᠠᠶᠠ ᠪᠠᠰᠠ ᠨᠢᠵᠢᠭᠢᠨᠡᠲᠡᠯ᠎ᠡ ᠠᠯᠠᠭ᠎ᠠ ᠲᠠᠰᠢᠵᠤ᠂ ᠲᠣᠭᠯᠠᠭᠴᠢᠳ᠎ᠤᠨ ᠠᠪᠢᠶᠠᠰᠯᠢᠭ ᠰᠠᠶ᠋ᠢᠬᠠᠨ ᠲᠣᠭᠯᠠᠯᠲᠠ᠎ᠳᠦ ᠭᠦᠴᠦᠨ ᠨᠡᠮᠡᠨ᠎ᠠ᠃


QQ截图20251001104448.png


《ᠡᠨᠡ ᠪᠣᠯ ᠬᠥᠮᠦᠨ᠎ᠢ ᠰᠠᠳᠭᠢᠯ ᠳᠤᠭᠳᠤᠯᠤᠭᠤᠯᠤᠮ᠎ᠠ ᠦᠪᠡᠳᠡᠭᠰᠢ ᠨᠠᠢᠷ ᠪᠣᠯᠤᠨ᠎ᠠ! ᠥᠪᠥᠷ᠎ᠮᠣᠩᠭᠣᠯ᠎ᠤᠨ ᠳᠠᠭᠤᠤ ᠪᠥᠵᠢᠭ ᠶᠡᠷᠦ ᠡᠴᠡ ᠨᠡᠷ᠎ᠠ ᠠᠯᠳᠠᠷ ᠳᠠᠢ᠂ ᠰᠦᠷᠯᠢᠭ ᠰᠠᠢᠬᠠᠨ ᠠᠬᠤᠢ ᠲᠠᠯᠠᠪᠠᠢ ᠨᠢ ᠮᠢᠨᠦ᠍ ᠰᠡᠳᠬᠢᠯ᠎ᠢ ᠬᠥᠳᠡᠯᠭᠡᠯ᠎ᠠ!》 ᠭᠡᠵᠦ ᠴᠦᠩᠴᠢᠩ᠎ᠦᠨ ᠦᠵᠡᠭᠴᠢ ᠶᠠᠩ ᠳ᠋ᠦᠩ ᠳᠠᠭᠤᠯᠠᠯᠲᠤ᠌ ᠵᠦᠴᠦᠭᠡ ᠵᠢ ᠦᠵᠡᠭᠰᠡᠨ᠎ᠦ ᠳᠠᠷᠠᠭ᠎ᠠ ᠰᠡᠳᠬᠢᠯ ᠳᠣᠭᠳᠣᠯᠤᠨ ᠬᠡᠯᠡᠪᠡ᠃ ᠲᠡᠭᠦᠨ᠎ᠦ ᠦᠵᠡᠬᠦ᠌᠎ᠪᠡᠷ᠂ ᠡᠨᠡ ᠬᠦ᠌ ᠳᠠᠭᠤᠯᠠᠯᠳᠦ ᠵᠦᠴᠦᠭᠡ ᠵᠢᠨ ᠦᠨᠳᠦᠰᠦᠲᠡᠨ᠎ᠦ ᠣᠨᠴᠠᠯᠢᠭ ᠨᠢ ᠮᠠᠰᠢ ᠶᠡᠬᠡ ᠨᠥᠯᠥᠭᠡᠯᠡᠬᠦ᠌ ᠬᠦᠴᠦᠨ᠎ᠲᠡᠶ᠂ ᠬᠦᠦᠷᠨᠢᠯ ᠨᠢ ᠪᠠᠶᠠᠯᠢᠭ ᠲᠠᠰ ᠳᠠᠪᠬᠤᠷᠭ᠎ᠠ᠎ᠲᠠᠶ᠂ ᠲᠠᠶ᠋ᠢᠰᠠᠨ᠎ᠤ ᠰᠠᠨᠠᠭ᠎ᠠ ᠠᠬᠤᠶ ᠨᠢ ᠭᠦᠨ ᠭᠦᠨᠵᠡᠭᠡᠶ᠂ ᠰᠡᠳᠬᠢᠯ᠎ᠢ ᠳᠣᠭᠳᠣᠯᠤᠭᠤᠯᠤᠮ᠎ᠠ᠂ ᠰᠡᠳᠬᠢᠬᠦᠯᠦᠰᠢᠳᠠᠢ ᠰᠣᠳᠣᠨ ᠪᠦᠲᠦᠭᠡᠯ ᠪᠣᠯᠤᠨ᠎ᠠ᠃

ᠳᠠᠭᠤᠯᠠᠯᠲᠤ᠌ ᠵᠦᠴᠦᠭᠡ 《ᠵᠠᠡᠭᠭᠠᠷ》᠎ᠢ ᠺᠧ ᠮᠢᠩ ᠨᠠᠶ᠋ᠢᠷᠠᠭᠤᠯᠤᠨ ᠵᠣᠬᠢᠶᠠᠵᠤ᠂ ᠳᠤᠮᠳᠠᠳᠤ ᠤᠯᠤᠰ᠎ᠤᠨ ᠭᠤᠷᠪᠠᠨ ᠶᠡᠬᠡ ᠪᠠᠭᠠᠲᠤᠷᠯᠢᠭ ᠲᠤᠤᠯᠢ᠎ᠵᠢᠨ ᠨᠢᠭᠡ ᠪᠣᠯᠬᠤ 《ᠵᠠᠡᠭᠭᠠᠷ》 ᠵᠢᠠᠷ ᠵᠣᠬᠢᠶᠠᠨ ᠪᠦᠲᠦᠭᠡᠯᠭᠡ᠎ᠶᠢᠨ᠎ᠢᠶᠡᠨ ᠡᠬᠡ ᠳᠡᠪᠲᠡᠷ ᠪᠣᠯᠭᠠᠵᠤ᠂ ᠵᠠᠡᠭᠭᠠᠷ᠎ᠤᠨ ᠤᠯᠠᠨ᠎ᠤ ᠬᠠᠮᠠᠭᠠᠯᠠᠯ ᠳᠣᠣᠷ᠎ᠠ ᠦᠰᠦᠨ ᠪᠣᠶ᠋ᠢᠵᠢᠵᠤ᠂ ᠠᠷᠠᠳ ᠤᠯᠠᠨ᠎ᠵᠢᠨᠨ ᠳᠠᠭᠠᠭᠤᠯᠤᠨ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠬᠠᠯᠳᠠᠷ᠎ᠠ ᠢᠷᠡᠭᠰᠡᠨ ᠳᠠᠶ᠋ᠢᠰᠤᠨ ᠮᠠᠩᠭᠤᠰ᠎ᠢ ᠢᠯᠠᠵᠤ᠂ ᠪᠠᠲᠤ᠌ ᠴᠢᠩᠭ᠎ᠠ ᠢᠲᠡᠭᠡᠯ ᠪᠢᠰᠢᠷᠡᠯ ᠪᠣᠯᠤᠨ ᠬᠠᠳᠠᠨ ᠪᠠᠲᠤ᠌ ᠬᠠᠷᠢᠭᠤᠴᠠᠯᠭ᠎ᠠ ᠡᠭᠦᠷᠭᠡᠯᠡᠯ᠎ᠢᠶᠡᠷ ᠰᠠᠢ᠌ᠨ ᠰᠠᠶ᠋ᠢᠬᠠᠨ ᠭᠡᠷ ᠣᠷᠣᠨ᠎ᠢᠶᠠᠨ ᠬᠠᠮᠠᠭᠠᠯᠠᠭᠰᠠᠨ ᠦᠯᠢᠭᠡᠷ᠎ᠢ ᠶᠠᠷᠢᠭᠰᠠᠨ ᠪᠠᠶ᠋ᠢᠨ᠎ᠠ᠃


QQ截图20250224163936.png


ᠶᠡᠷᠦᠩᠬᠡᠢ ᠤᠳᠤᠷᠢᠳᠤᠭᠠᠴᠢ ᠴᠧᠨ ᠸᠧᠢ᠄《ᠳᠠᠭᠤᠯᠠᠯᠳᠤ ᠵᠦᠴᠦᠭᠡ 〈ᠵᠠᠡᠭᠭᠠᠷ〉 ᠨᠢ ᠳᠤᠮᠳᠠᠳᠤ ᠤᠯᠤᠰ᠎ᠤᠨ ᠬᠡᠯᠪᠡᠷᠢ ᠮᠠᠶᠢᠭ᠂ ᠦᠨᠳᠦᠰᠦᠲᠡᠨ᠎ᠦ ᠵᠣᠷᠢᠭ ᠰᠠᠨᠠᠭ᠎ᠠ᠂ ᠤᠳᠤ ᠦᠶ᠎ᠡ᠎ᠶᠢᠨ ᠭᠤᠤ᠎ᠠ ᠲᠠᠭᠠᠰᠢᠶᠠᠯ᠂ ᠳᠡᠯᠡᠬᠡᠢ᠎ᠶᠢᠨ ᠬᠡᠪ ᠨᠠᠮᠪᠠ ᠵᠡᠷᠭᠡ ᠲᠦᠷᠪᠡᠨ ᠣᠨᠴᠠᠯᠢᠭ᠎ᠲᠠᠶ᠂ ᠦᠨᠳᠦᠰᠦᠲᠡᠨ᠎ᠦ ᠲᠤᠤᠯᠢᠰ᠎ᠤᠨ ᠲᠠᠪᠴᠠᠩ᠎ᠤᠨ ᠰᠢᠨ᠎ᠡ ᠠᠮᠢᠯᠠᠯ ᠮᠥᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠤᠷᠠᠯᠢᠭ᠎ᠤᠨ ᠨᠠᠶ᠋ᠢᠷ᠎ᠤᠨ ᠲᠠᠪᠴᠠᠩ ᠳᠡᠭᠡᠷ᠎ᠡ ᠡᠨᠡ ᠦᠯᠢᠭᠡᠷ᠎ᠢ ᠨᠡᠩ ᠤᠯᠠᠨ ᠬᠥᠮᠦᠨ᠎ᠳᠦ ᠶᠠᠷᠢᠵᠤ ᠥᠭᠭᠦ ᠨᠢ ᠲᠤᠶ᠋ᠢᠯ᠎ᠤᠨ ᠤᠳᠬ᠎ᠠ ᠠᠭᠤᠯᠭ᠎ᠠ᠎ᠲᠠᠶ ᠭᠡᠵᠦ᠍ ᠪᠢ ᠪᠤᠳᠤᠨ᠎ᠠ》 ᠭᠡᠵᠦ ᠪᠠᠢᠯ᠎ᠠ᠃


QQ截图20251001104448.png


ᠲᠣᠰ ᠵᠦᠴᠦᠭᠡ᠎ᠶᠢ 2023 ᠣᠨ᠎ᠤ 12 ᠰᠠᠷ᠎ᠠ᠎ᠶᠢᠨ 25᠎ᠤ ᠡᠳᠦᠷ ᠬᠥᠬᠡᠬᠣᠲᠠ᠎ᠳᠤ ᠠᠩᠬ᠎ᠠ ᠤᠳᠠᠭ᠎ᠠ ᠲᠣᠭᠯᠠᠵᠤ᠂ ᠣᠳᠤᠬᠠᠨ ᠪᠣᠯᠲᠠᠯ᠎ᠠ ᠨᠢᠭᠡᠨᠲᠡ 20 ᠭᠠᠷᠤᠶ ᠲᠠᠯᠠᠪᠠᠶ ᠲᠣᠭᠯᠠᠪᠠ᠃ ᠡᠨᠡ ᠵᠢᠯ᠎ᠦᠨ 8 ᠰᠠᠷ᠎ᠠ᠎ᠳᠤ ᠠᠷᠪᠠᠨ ᠨᠢ᠋ᠮᠠᠳᠤᠭᠠᠷ ᠬᠤᠭᠤᠴᠠᠭᠠᠨ᠎ᠤ ᠸᠸᠨ ᠬᠤᠸᠠ ᠵᠦᠴᠦᠭᠡ᠎ᠶᠢᠨ ᠲᠥᠷᠥᠯ᠎ᠦᠨ ᠱᠠᠩᠨᠠᠯ᠎ᠤᠨ ᠡᠴᠦᠰ᠎ᠦᠨ ᠰᠢᠯᠭᠠᠷᠠᠭᠤᠯᠤᠯᠲᠠ᠎ᠳᠤ ᠨᠡᠷ᠎ᠡ ᠳᠤᠷᠠᠳᠤᠭᠳᠠᠭᠰᠠᠨ᠎ᠤ ᠬᠠᠮᠲᠤ᠌᠂ ᠠᠷᠪᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠤᠷᠠᠯᠢᠭ᠎ᠤᠨ ᠨᠠᠢᠷ᠎ᠲᠤ᠌ ᠤᠷᠢᠭᠳᠠᠨ ᠣᠷᠣᠯᠴᠠᠭᠰᠠᠨ ᠨᠢ ᠡᠨᠡ ᠪᠢᠯᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号