ᠰᠤᠨᠢᠷᠬᠠᠯᠳᠤ ᠠᠵᠢᠯ ᠮᠡᠷᠭᠡᠵᠢᠯ᠎ᠦᠨ ᠰᠡᠬᠡᠭᠡᠷᠡᠭᠦᠯᠬᠦ ᠬᠥᠮᠦᠵᠢᠯ
2025-10-17 10:32:30
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

《ᠨᠦᠬᠦᠳ ᠡ᠂ ᠭᠠᠷ᠎ᠲᠤ᠌ ᠴᠢᠨᠢ ᠪᠠᠢᠭ᠎ᠠ ᠭᠠᠯ ᠤᠨᠲᠠᠷᠠᠭᠠᠭᠤᠷ ᠪᠤᠯ ᠪᠠᠴᠢᠮ ᠪᠠᠢᠳᠠᠯ ᠢ᠋ ᠠᠷᠭᠠᠴᠠᠭᠠᠬᠤ ᠲᠥᠬᠦᠭᠡᠷᠦᠮᠵᠢ ᠪᠣᠯᠬᠤ᠎ᠪᠠᠷ ᠪᠠᠷᠠᠬᠤ ᠦᠭᠡᠢ ᠨᠡᠩ ᠴᠤ᠌ ᠬᠢᠮᠢ ᠶ᠋ᠢᠨ ᠠᠵᠤ ᠦᠢᠯᠡᠳᠪᠦᠷᠢ ᠶ᠋ᠢᠨ ᠠᠮᠤᠷ ᠲᠦᠪᠰᠢᠨ᠎ᠦ ᠠᠩᠬᠠᠨ᠎ᠤ ᠰᠡᠷᠭᠡᠢᠯᠡᠯᠲᠡ ᠶ᠋ᠢᠨ ᠱᠤᠭᠤᠮ ᠪᠤᠯᠤᠨ᠎ᠠ》᠃ ᠡᠮᠦᠨᠡᠬᠡᠨ᠂ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠬᠢᠮᠢ᠎ᠶᠢᠨ ᠠᠵᠤ ᠦᠢᠯᠡᠳᠪᠦᠷᠢ᠎ᠶᠢᠨ ᠠᠮᠤᠷ ᠲᠦᠪᠰᠢᠨ᠎ᠦ ᠦᠢᠯᠡᠳᠦᠯᠭᠡ᠎ᠶᠢᠨ ᠰᠠᠭᠤᠷᠢᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠳᠤ᠂ ᠰᠤᠷᠭᠠᠭᠤᠯᠢ ᠵᠢᠨ ᠪᠠᠭ᠍ᠰᠢ ᠵᠢᠴᠢ ᠰᠤᠷᠭᠠᠭᠤᠯᠢ᠎ᠳᠤ ᠪᠠᠢᠭ᠎ᠠ ᠰᠤᠷᠤᠭ᠍ᠴᠢᠳ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠰᠢᠯᠢ᠎ᠶᠢᠨ ᠭᠤᠤᠯ ᠡᠮᠦᠨ᠎ᠡ ᠵᠠᠮ᠎ᠤᠨ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ  ᠬᠢᠮᠢ᠎ᠶᠢᠨ ᠠᠵᠤ ᠦᠢᠯᠡᠳᠪᠦᠷᠢ᠎ᠶᠢᠨ ᠮᠡᠳᠡᠯᠭᠡ᠎ᠶᠢ ᠲᠠᠢᠯᠪᠤᠷᠢᠯᠠᠨ ᠦᠭᠴᠦ ᠪᠠᠢᠯ᠎ᠠ᠃ ᠬᠡᠦᠬᠡᠳ᠎ᠦᠳ ᠨᠠᠷᠢᠨ ᠬᠢᠨᠠᠮᠠᠭᠠᠢ ᠰᠣᠨᠣᠰᠴᠤ᠂ ᠡᠷᠡᠬᠡᠯᠵᠡᠬᠡ ᠳᠠᠢ ᠵᠦᠢᠯ ᠵᠢᠡᠨ ᠠᠰᠠᠭᠤᠨ ᠯᠠᠪᠯᠠᠨ᠎ᠠ᠃ ᠭᠠᠯ ᠤᠨᠲᠠᠷᠠᠭᠠᠭᠤᠷ᠂ ᠵᠢᠷᠦᠬᠡ ᠠᠭᠤᠰᠬᠢᠨ᠎ᠤ ᠠᠵᠢᠯᠯᠠᠭ᠎ᠠ ᠵᠢᠨ ᠰᠡᠷᠭᠦᠭᠡᠯᠲᠡ ᠵᠡᠷᠭᠡ ᠪᠣᠳᠠᠲᠤ ᠦᠢᠯᠡᠳᠦᠯᠬᠡ ᠨᠢ ᠨᠢᠭᠡ ᠤᠳᠠᠭ᠎ᠠ ᠵᠢᠨ ᠠᠮᠢᠳᠤᠯᠢᠭ᠋ ᠮᠥᠷᠲᠡᠭᠡᠨ ᠭᠦᠨᠵᠡᠭᠡᠢ ᠲᠤᠬᠠᠢᠯᠠᠭᠰᠠᠨ ᠠᠵᠢᠯ᠎ᠮᠡᠷᠬᠡᠵᠢᠯ᠎ᠤᠨ ᠰᠡᠬᠡᠭᠡᠷᠡᠭᠦᠯᠬᠦ ᠬᠥᠮᠦᠵᠢᠯ ᠪᠤᠯᠵᠤ᠂ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠳᠤᠰ ᠠᠵᠢᠯ ᠲᠦᠷᠦᠯ᠎ᠤᠨ ᠳᠤᠬᠠᠢ ᠰᠣᠨᠢᠭᠤᠴᠢ ᠰᠡᠳᠬᠢᠯ᠎ᠢ ᠬᠦᠭᠵᠢᠬᠡᠪᠡ᠃

ᠲᠤᠰ ᠤᠳᠠᠭ᠎ᠠ᠎ᠶᠢᠨ ᠠᠵᠢᠯ ᠮᠡᠷᠭᠡᠵᠢᠯ᠎ᠦᠨ ᠪᠡᠶᠡᠴᠢᠯᠡᠨ ᠣᠢᠯᠠᠭᠠᠬᠤ ᠠᠵᠢᠯᠯᠠᠭ᠎ᠠ ᠎ᠳᠤ ᠥᠪᠥᠷ ᠮᠣᠩᠭᠣᠯ᠎ᠤᠨ ᠬᠢᠮᠢ ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠰᠢᠰᠲ᠋ᠧᠮ ᠲᠠᠢ ᠡᠯᠪᠡᠭ ᠪᠠᠶᠠᠯᠢᠭ᠋ ᠦᠢᠯᠡᠳᠦᠯᠭᠡ᠎ᠶᠢᠨ ᠵᠠᠭᠪᠤᠷ ᠎ᠢ ᠤᠷᠢᠳᠴᠢᠯᠠᠨ ᠲᠥᠯᠥᠪᠯᠡᠵᠡᠢ᠃ ᠬᠢᠮᠢ᠎ᠶᠢᠨ ᠠᠵᠤ ᠦᠢᠯᠡᠳᠪᠦᠷᠢ᠎ᠶᠢᠨ ᠠᠮᠤᠷ ᠲᠦᠪᠰᠢᠨ᠎ᠦ ᠦᠢᠯᠡᠳᠦᠯᠭᠡ᠎ᠶᠢᠨ ᠬᠥᠮᠦᠵᠢᠯ᠎ᠦᠨ ᠲᠥᠪ᠎ᠲᠦ᠂ ᠰᠤᠷᠤᠭ᠍ᠴᠢᠳ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ᠎ᠵᠢ ᠳᠠᠨᠢᠬᠤ᠂ ᠡᠨᠳᠡᠯ᠎ᠦᠨ ᠬᠡᠷᠡᠭ᠎ᠦᠨ ᠵᠢᠱ᠌ᠢᠶ᠎ᠡ᠎ᠶᠢ ᠵᠠᠳᠠᠯᠬᠤ ᠪᠠ ᠨᠠᠷᠢᠨ ᠲᠣᠭᠣᠰᠣ᠌ ᠳᠡᠯᠪᠡᠷᠡᠬᠦ ᠲᠤᠷᠰᠢᠯᠲᠠ᠎ᠪᠠᠷ ᠳᠠᠮᠵᠢᠨ ᠠᠶᠤᠯᠭᠦᠢ ᠦᠢᠯᠡᠳᠪᠦᠷᠢᠯᠡᠯ᠎ᠦᠨ ᠴᠢᠬᠤᠯᠠ ᠴᠢᠨᠠᠷ ᠎ᠢ ᠭᠦᠨᠵᠡᠭᠡᠢ ᠣᠢᠯᠠᠭᠠᠪᠠ; ᠬᠢᠮᠢ᠎ᠶᠢᠨ ᠠᠵᠤ ᠦᠢᠯᠡᠳᠪᠦᠷᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠳᠤ᠂ ᠡᠨᠧᠷᠭᠢ᠎ᠶᠢᠨ ᠨᠡᠭᠡᠭᠡᠨ ᠬᠥᠭᠵᠢᠭᠦᠯᠦᠯᠲᠡ᠂ ᠮᠠᠲᠧᠷᠢᠶᠠᠯ᠎ᠤᠨ ᠰᠢᠨ᠎ᠡ᠎ᠶᠢ ᠡᠭᠦᠳᠬᠦ᠎ᠡᠴᠡ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠦᠷᠲᠡᠯ᠎ᠡ᠂ ᠲᠠᠢᠯᠪᠤᠷᠢᠯᠠᠭ᠍ᠴᠢ ᠪᠠᠭ᠍ᠰᠢ ᠡᠴᠡ ᠬᠢᠮᠢ᠎ᠶᠢᠨ ᠠᠵᠤ ᠦᠢᠯᠡᠳᠪᠦᠷᠢ ᠨᠢ ᠤᠯᠤᠰ᠎ᠤᠨ ᠠᠵᠤ ᠦᠢᠯᠡᠳᠪᠦᠷᠢ ᠪᠣᠯᠣᠨ ᠠᠷᠠᠳ᠎ᠤᠨ ᠠᠮᠢᠳᠤᠷᠠᠯ᠎ᠤᠨ ᠬᠥᠭᠵᠢᠯᠲᠡ᠎ᠳᠦ ᠬᠡᠷᠬᠢᠨ ᠡᠨᠧᠷᠭᠢ ᠣᠯᠭᠣᠬᠤ ᠲᠤᠬᠠᠢ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠪᠤᠷᠢᠯᠠᠯᠳᠠ ᠬᠢᠪᠡ; ᠪᠣᠳᠠᠰ᠎ᠤᠨ ᠪᠤᠰᠤ ᠰᠣᠶᠣᠯ᠎ᠤᠨ ᠥᠪ᠎ᠦᠨ ᠦᠢᠯᠡᠳᠦᠯᠭᠡ᠎ᠶᠢᠨ ᠭᠣᠭᠴᠣᠭ᠎ᠠ᠎ᠳᠤ᠂ ᠰᠤᠷᠤᠭ᠍ᠴᠢᠳ ᠬᠤᠯᠤᠰᠤᠨ ᠭᠦᠷᠦᠮᠡᠯ ᠪᠠ ᠤᠶᠠᠵᠤ ᠪᠤᠳᠤᠬᠤ ᠤᠷ᠎ᠠ ᠮᠡᠷᠭᠡᠵᠢᠯ᠎ᠢ ᠪᠡᠶᠡᠴᠢᠯᠡᠨ ᠣᠢᠯᠠᠭᠠᠵᠤ᠂ ᠦᠢᠯᠡᠳᠦᠯᠭᠡ᠎ᠶᠢᠨ ᠳᠤᠮᠳᠠᠬᠢ ᠬᠥᠳᠡᠯᠮᠦᠷᠢ᠎ᠶᠢᠨ ᠭᠤᠸ᠎ᠠ ᠰᠠᠢᠬᠠᠨ᠎ᠢ ᠮᠡᠳᠡᠷᠡᠪᠡ᠃

ᠣᠢᠷ᠎ᠠ᠎ᠶᠢᠨ ᠵᠢᠯ᠎ᠦᠨ ᠲᠤᠷᠰᠢ᠂ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ ᠬᠥᠮᠦᠵᠢᠯ ᠦᠢᠯᠡᠳᠦᠯᠭᠡ᠎ᠶᠢᠨ ᠰᠠᠭᠤᠷᠢᠨ ᠳ᠋ᠤ ᠲᠦᠰᠢᠭᠯᠡᠨ᠂ ᠶᠡᠬᠡ ᠲᠡᠬᠡᠳᠦ ᠳᠤᠮᠳᠠᠳᠤ ᠪᠠᠭ᠎ᠠ ᠰᠤᠷᠭᠠᠭᠤᠯᠢ᠎ᠶᠢ ᠨᠢᠭᠡ ᠴᠣᠭᠴᠠᠵᠢᠭᠤᠯᠬᠤ ᠪᠠᠢᠭᠤᠯᠤᠯᠲᠠ ᠵᠢᠴᠢ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠬᠢᠭᠡᠳ ᠬᠥᠳᠡᠯᠮᠦᠷᠢ᠎ᠶᠢᠨ ᠬᠥᠮᠦᠵᠢᠯ᠂ ᠭᠤᠸ᠎ᠠ ᠰᠠᠢᠬᠠᠨ᠎ᠤ ᠬᠥᠮᠦᠵᠢᠯ᠎ᠦᠨ ᠭᠦᠨᠵᠡᠭᠡᠢ ᠠᠭᠤᠰᠤᠯᠴᠠᠯ ᠎ᠢ ᠢᠳᠡᠪᠬᠢᠲᠡᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ᠎ᠶᠢ ᠰᠤᠷᠭᠠᠭᠤᠯᠢ ᠵᠢᠨ ᠬᠦᠷᠢᠶᠡᠨ ᠳ᠋ᠤ ᠤᠷᠢᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ ᠵᠡᠷᠭᠡ᠎ᠶᠢ ᠵᠣᠬᠢᠶᠠᠨ ᠪᠠᠢᠭᠤᠯᠵᠤ᠂ ᠶᠡᠬᠡ ᠲᠡᠭᠡᠳᠦ ᠳᠤᠮᠳᠠᠳᠤ ᠪᠠᠭ᠎ᠠ ᠰᠤᠷᠭᠠᠭᠤᠯᠢ᠎ᠶᠢᠨ ᠬᠠᠮᠲᠤᠷᠠᠨ ᠬᠥᠳᠡᠯᠦᠯᠴᠡᠬᠦ ᠦᠢᠯᠡᠳᠦᠯᠭᠡ᠂ ᠭᠠᠳᠠᠭᠠᠳᠤ᠎ᠵᠢᠨ ᠤᠶᠤᠳᠠᠳ᠎ᠤᠨ ᠲᠠᠷᠢᠶᠠᠯᠠᠬᠤ᠎ᠰᠤᠶᠤᠯ᠎ᠢ ᠪᠡᠶᠡᠴᠢᠯᠡᠨ ᠣᠢᠯᠠᠭᠠᠬᠤ᠂ ᠨᠠᠢᠳᠠᠨ ᠲᠡᠵᠢᠭᠡᠯᠭᠡᠬᠦ ᠲᠥᠪ᠎ᠦᠨ ᠨᠡᠶ᠋ᠢᠲᠡ᠎ᠶᠢᠨ ᠠᠰᠠᠷᠠᠮᠵᠢ᠎ᠶᠢᠨ ᠵᠢᠭᠠᠨ ᠰᠤᠷᠭᠠᠯᠲᠠ ᠵᠡᠷᠭᠡ ᠣᠨᠴᠠᠯᠢᠭ᠍ᠲᠤ ᠲᠥᠷᠥᠯ ᠵᠦᠢᠯ ᠎ᠢ ᠦᠷᠭᠦᠯᠵᠢᠯᠡᠨ ᠠᠬᠢᠭᠤᠯᠵᠤ᠂ ᠣᠯᠠᠨ ᠡᠰᠢᠲᠦ ᠪᠣᠰᠣᠭ᠎ᠠ ᠴᠣᠭᠴᠠᠲᠤ ᠦᠢᠯᠡᠳᠦᠯᠭᠡ ᠎ᠪᠡᠷ ᠬᠥᠮᠥᠨ ᠢ᠋ ᠬᠥᠮᠥᠵᠢᠭᠦᠯᠬᠦ ᠰᠢᠰᠲᠧᠮ ᠎ᠢ ᠪᠠᠢᠭᠤᠯᠵᠤ᠂ ᠬᠢᠮᠢ᠎ᠶᠢᠨ ᠠᠵᠤ ᠦᠢᠯᠡᠳᠪᠦᠷᠢ᠎ᠶᠢᠨ ᠣᠨᠴᠠᠯᠢᠭ᠋᠎ᠲᠠᠢ ᠬᠥᠮᠥᠨ ᠬᠥᠮᠥᠵᠢᠭᠦᠯᠬᠦ ᠨᠠᠷᠠᠲᠤ ᠲᠥᠷᠥᠯ ᠲᠡᠮᠳᠡᠭᠲᠦ᠎ᠶᠢ ᠡᠬᠦᠳᠴᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号