ᠬᠦᠷᠢᠶ᠎ᠠ ᠬᠤᠰᠢᠭᠤ ᠲᠦᠩᠯᠢᠶᠣᠤ ᠬᠣᠲᠠ ᠶ᠋ᠢᠨ ᠪᠠᠷᠠᠭᠤᠨ ᠡᠮᠦᠨ᠎ᠡ ᠬᠡᠰᠡᠭ ᠲᠦ᠍ ᠪᠠᠢᠷᠢᠯᠠᠵᠤ᠂ ᠶᠡᠷᠦᠩᠬᠡᠶ ᠲᠠᠯᠠᠪᠠᠶ ᠨᠢ 4709 ᠲᠡᠭᠰᠢ ᠳᠥᠷᠪᠡᠯᠵᠢᠨ ᠺᠢᠯᠣᠮᠧᠲᠷ᠂ 8 ᠰᠤᠮᠤ ᠰᠢᠶᠠᠩ ᠪᠠᠯᠭᠠᠰᠤ᠂ 187 ᠭᠠᠴᠠᠭ᠎ᠠ ᠲᠣᠰᠬᠣᠨ ᠲᠠᠢ᠂ 15 ᠲᠦᠮᠡᠨ ᠬᠦᠮᠤᠨ ᠠᠮᠠ ᠲᠠᠢ᠃ ᠣᠢᠷ᠎ᠠ᠎ᠶᠢᠨ ᠵᠢᠯ ᠳ᠋ᠤ ᠬᠦᠷᠢᠶ᠎ᠡ ᠬᠣᠰᠢᠭᠤ ᠣᠷᠣᠨ ᠪᠦᠰᠡ᠎ᠶᠢᠨ ᠰᠣᠶᠣᠯ ᠢ ᠭᠦᠢᠴᠡᠳ ᠠᠭᠤᠳᠠᠯᠵᠤ᠂ ᠬᠠᠮᠠᠭᠠᠯᠠᠬᠤ ᠳᠤᠮᠳᠠ ᠪᠠᠨ ᠬᠦᠭᠵᠢᠭᠦᠯᠦᠨ᠂ ᠬᠥᠭᠵᠢᠭᠦᠯᠬᠦ ᠳᠤᠮᠳᠠ ᠪᠠᠨ ᠤᠯᠠᠮᠵᠢᠯᠠᠬᠤ᠎ᠶᠢ ᠴᠢᠬᠤᠯᠠᠴᠢᠯᠠᠵᠤ᠂ ᠭᠦᠨ ᠵᠤᠵᠠᠭᠠᠨ ᠲᠡᠦᠬᠡ ᠰᠣᠶᠣᠯ ᠨᠢ ᠰᠢᠨ᠎ᠡ ᠴᠠᠭ ᠦᠶ᠎ᠡ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠠᠶᠠᠨ ᠵᠠᠮ᠎ᠳᠤ ᠬᠡᠷᠡᠯ ᠭᠢᠯᠪᠠᠭ᠎ᠠ ᠰᠠᠴᠤᠷᠠᠭᠤᠯᠵᠤ᠂ ᠬᠥᠳᠡᠭᠡ ᠲᠣᠰᠬᠣᠨ ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠲᠡᠢ ᠬᠥᠳᠡᠯᠭᠡᠬᠦ ᠬᠦᠴᠤᠨ ᠪᠤᠯᠵᠦ ᠪᠠᠢᠨ᠎ᠠ᠃
《ᠳᠤᠮᠳᠠᠳᠤ ᠤᠯᠤᠰ᠎ᠤᠨ ᠠᠨᠳᠠᠢ ᠤᠷᠠᠯᠢᠭ᠋᠎ᠤᠨ ᠨᠤᠲᠤᠭ》
ᠬᠦᠷᠢᠶ᠎ᠠ ᠬᠤᠰᠢᠭᠤ ᠵᠢ ᠲᠤᠷᠠᠳᠬᠤ ᠪᠡᠷ᠂ ᠬᠦᠮᠦᠰ ᠠᠩᠬᠠᠳᠠᠭᠴᠢ ᠪᠦᠯᠦᠭ᠎ᠤᠨ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠷᠡᠰ ᠲᠸ᠋ ᠵᠢᠬᠰᠠᠭᠠᠬᠳᠠᠬᠰᠠᠨ᠂ ᠪᠦᠬᠦ ᠤᠯᠤᠰ᠎ᠤᠨ 《ᠨᠢᠭᠡ ᠰᠢᠶᠠᠨ ᠨᠢᠭᠡ ᠲᠦᠷᠦᠯ ᠲᠡᠮᠲᠡᠭ》 ᠤ᠋ᠨ ᠣᠨᠴᠠᠯᠢᠭ᠍ᠲᠤ ᠰᠣᠶᠣᠯ ᠤᠷᠠᠯᠢᠭ᠋᠎ᠤᠨ ᠨᠡᠢᠲᠡᠯᠢᠭ ᠵᠢᠱ᠌ᠢᠶ᠎ᠡ ᠪᠡᠷ ᠦᠨᠡᠯᠡᠭᠳᠡᠭᠰᠡᠨ ᠠᠨᠳᠠᠢ ᠪᠦᠵᠢᠭ᠎ᠢ ᠨᠢ ᠡᠡᠭ ᠲᠡᠷᠢᠭᠦᠨ᠎ᠳᠤ ᠰᠠᠨᠠᠵᠦ ᠤᠯᠤᠨ᠎ᠠ᠃ ᠠᠨᠳᠠᠢ ᠤᠷᠠᠯᠢᠭ ᠦᠨᠳᠦᠰᠦᠲᠡᠨ᠎ᠦ ᠣᠨᠴᠠᠯᠢᠭ᠋ ᠪᠣᠯᠣᠨ ᠴᠠᠭ ᠦᠶ᠎ᠡ᠎ᠶᠢᠨ ᠬᠡᠪ ᠨᠠᠮᠪᠠ᠂ ᠤᠷᠠᠯᠢᠭ᠋᠎ᠤᠨ ᠨᠥᠯᠥᠭᠡᠯᠡᠬᠦ ᠬᠦᠴᠦᠨ ᠪᠣᠯᠣᠨ ᠲᠠᠲᠠᠬᠤ ᠬᠦᠴᠦᠨ᠎ᠢ ᠪᠦᠷᠢᠯᠳᠦᠭᠦᠯᠵᠦ᠂ 400 ᠰᠢᠬᠠᠮ ᠵᠢᠯ᠎ᠦᠨ ᠤᠯᠠᠮᠵᠢᠯᠠᠯ ᠪᠠ ᠬᠥᠭᠵᠢᠯᠲᠡ᠎ᠶᠢ ᠥᠩᠭᠡᠷᠡᠭᠦᠯᠵᠦ᠂ ᠬᠦᠷᠢᠶᠡᠴᠦᠳᠤᠨ ᠬᠠᠮᠤᠭ᠎ᠤᠨ ᠭᠢᠯᠠᠯᠵᠠᠮ᠎ᠠ ᠰᠣᠶᠣᠯ᠎ᠤᠨ ᠬᠠᠭᠤᠳᠠᠰᠦ ᠪᠤᠯᠵᠠᠢ᠃ ᠠᠨᠳᠠᠢ ᠪᠥᠵᠢᠭ ᠬᠡᠯᠡᠬᠦ᠂ ᠳᠠᠭᠤᠯᠠᠬᠤ᠂ ᠪᠥᠵᠢᠭᠯᠡᠬᠦ ᠵᠡᠷᠭᠡ ᠬᠡᠯᠪᠡᠷᠢ᠎ᠪᠡᠷ ᠬᠥᠮᠥᠰ᠎ᠦᠨ ᠠᠮᠢᠳᠤᠷᠠᠯ᠎ᠤᠨ ᠬᠠᠢᠷ᠎ᠠ ᠮᠥᠷᠥᠭᠡᠳᠦᠯ᠎ᠢ ᠠᠮᠢᠳᠤᠯᠢᠭ᠋᠎ᠢᠶᠠᠷ ᠳᠡᠯᠭᠡᠨ ᠦᠵᠡᠭᠦᠯᠵᠦ᠂ ᠤᠷᠠᠯᠢᠭ᠋᠎ᠤᠨ ᠦᠪᠡᠷᠮᠢᠴᠡ ᠨᠥᠯᠥᠭᠡᠯᠡᠬᠦ ᠬᠦᠴᠦᠨ ᠵᠢᠡᠷ ᠵᠢᠡᠨ ᠬᠥᠮᠥᠰ᠎ᠦᠨ ᠰᠡᠳᠬᠢᠯ᠎ᠳᠦ ᠭᠦᠨ ᠰᠠᠭᠤᠭᠳᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠨᠢᠭᠡᠨ ᠪᠦᠷᠢᠯᠳᠦᠭᠦᠨ ᠬᠡᠰᠡᠭ ᠪᠣᠯᠪᠠ᠃
ᠠᠨᠳᠠᠢ ᠪᠥᠵᠢᠭ ᠨᠢ ᠳᠠᠭᠤᠤ᠂ ᠪᠥᠵᠢᠭ ᠢ ᠨᠢᠭᠡ ᠴᠣᠭᠴᠠᠵᠢᠭᠤᠯᠤᠭᠰᠠᠨ ᠰᠣᠶᠣᠯ᠎ᠤᠨ ᠦᠨᠡᠲᠦ ᠡᠷᠳᠡᠨᠢ ᠪᠠᠢᠵᠤ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠣᠯᠬᠤ᠎ᠪᠠᠷ ᠪᠠᠷᠠᠬᠤ ᠦᠭᠡᠢ᠂ ᠨᠠᠩ ᠴᠤ᠌ ᠬᠦᠷᠢᠶ᠎ᠠ ᠨᠤᠲᠤᠭ᠎ᠤᠨ ᠠᠷᠠᠳ ᠲᠦᠮᠡᠨ᠎ᠦ ᠣᠶᠤᠨ ᠰᠠᠨᠠᠭ᠎ᠠ ᠰᠣᠶᠣᠯ᠎ᠤᠨ ᠵᠠᠩᠭᠢᠯᠠᠭ᠎ᠠ᠎ᠶᠢᠨ ᠠᠴᠢᠶᠠᠯᠠᠪᠤᠷᠢ ᠪᠠᠢᠵᠤ᠂ ᠤᠯᠤᠰ᠎ᠤᠨ 《ᠰᠣᠶᠣᠯ᠎ᠤᠨ ᠬᠦᠴᠦᠷᠬᠡᠭ ᠤᠯᠤᠰ》 ᠪᠠ 《ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ》 ᠪᠠᠢᠯᠳᠤᠬᠤ ᠪᠣᠳᠣᠯᠭ᠎ᠠ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠱᠠᠭᠠᠷᠳᠠᠯᠭ᠎ᠠ᠎ᠲᠠᠢ ᠳᠡᠭᠡᠳᠦ ᠬᠡᠮᠵᠢᠶ᠎ᠡ᠎ᠪᠡᠷ ᠨᠡᠢᠴᠡᠵᠦ ᠪᠠᠢᠨ᠎ᠠ᠃
ᠡᠨᠡ ᠵᠢᠯ᠎ᠦᠨ 6 ᠰᠠᠷ᠎ᠠ᠎ᠶᠢᠨ ᠰᠡᠭᠦᠯᠴᠢ᠎ᠪᠡᠷ ᠰᠧᠴᠤᠸᠠᠨ ᠮᠤᠵᠢ ᠳ᠋ᠤ ᠶᠠᠪᠤᠭᠳᠠᠭᠰᠠᠨ 2025 ᠣᠨ᠎ᠤ ᠪᠦᠬᠦ ᠤᠯᠤᠰ᠎ᠤᠨ ᠨᠠᠰᠤᠲᠠᠢᠴᠤᠳ᠎ᠤᠨ ᠪᠡᠶ᠎ᠡ᠎ᠶᠢᠨ ᠲᠠᠮᠢᠷ᠎ᠢᠶᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠠᠵᠢᠯᠯᠠᠭᠠᠲᠡᠭᠡᠷᠡ ᠬᠦᠷᠢᠶ᠎ᠡ ᠬᠣᠰᠢᠭᠤᠨ᠎ᠤ ᠨᠠᠰᠤᠲᠠᠢᠴᠤᠳ᠎ᠤᠨ ᠪᠡᠶ᠎ᠡ᠎ᠶᠢᠨ ᠲᠠᠮᠢᠷ᠎ᠤᠨ ᠨᠡᠢᠭᠡᠮᠯᠢᠭ᠎ᠦᠨ ᠠᠩᠭᠢ 《ᠣᠷᠭᠢᠯᠤᠮ᠎ᠠ ᠰᠡᠳᠬᠢᠯᠭᠡᠲᠦ ᠠᠨᠳᠠᠢ》 ᠵᠢ ᠲᠤᠭᠯᠠᠵᠤ᠂ ᠤᠯᠠᠮᠵᠢᠯᠠᠯᠲᠤ ᠰᠣᠶᠣᠯ᠎ᠤᠨ ᠣᠮᠣᠭ ᠪᠠᠬᠠᠳᠤᠯ ᠪᠠ ᠪᠥᠵᠢᠭ᠎ᠦᠨ ᠠᠮᠢᠵᠢᠷᠠᠯ᠎ᠤᠨ ᠬᠦᠴᠦᠨ ᠢ ᠬᠠᠪᠤᠳᠠᠢ ᠰᠠᠢᠬᠠᠨ ᠤᠶᠠᠯᠳᠤᠭᠤᠯᠵᠤ᠂ ᠲᠤᠬᠠᠢ ᠵᠢᠨ ᠲᠠᠯᠠᠪᠠᠢ ᠵᠢᠨ ᠦᠵᠡᠭᠴᠢᠳ᠎ᠤᠨ ᠬᠠᠯᠠᠭᠤᠨ ᠬᠦᠷᠢᠶᠡᠯᠡᠯ᠎ᠢ ᠤᠯᠪᠠ᠃ ᠳᠤᠷᠠᠳᠤᠭᠤᠰᠢᠲᠠᠢ ᠨᠢ᠂ ᠡᠨᠡᠬᠦ 8 ᠮᠠᠯᠴᠢᠨ ᠲᠠᠷᠢᠶᠠᠴᠢᠨ᠎ᠢᠶᠠᠷ ᠪᠦᠷᠢᠯᠳᠦᠭᠰᠡᠨ ᠠᠨᠳᠠᠢ ᠪᠥᠵᠢᠭ᠎ᠦᠨ ᠲᠣᠭᠯᠠᠯᠲᠠ᠎ᠶᠢᠨ ᠡᠩᠨᠡᠭᠡ᠎ᠶᠢᠨ ᠳᠣᠲᠣᠷ᠎ᠠ ᠬᠠᠮᠤᠭ᠎ᠤᠨ ᠠᠬᠠᠮᠠᠳ ᠨᠢ 68 ᠨᠠᠰᠤᠲᠠᠢ ᠪᠢᠯᠡ᠃
ᠬᠦᠷᠢᠶ᠎ᠡ ᠬᠣᠰᠢᠭᠤᠨ᠎ᠳᠤ ᠠᠨᠳᠠᠢ ᠪᠥᠵᠢᠭ᠎ᠦᠨ ᠪᠣᠯᠪᠠᠰᠤᠷᠠᠯ᠎ᠳᠤ ᠤᠷᠤᠯᠴᠠᠵᠤ ᠪᠠᠢᠭ᠎ᠠ ᠬᠦᠮᠦᠨ ᠡᠳᠦᠷ ᠲᠸ᠋ 3000 ᠭᠠᠷᠤᠢ ᠲᠤᠯᠵᠦ᠂ ᠠᠨᠳᠠᠢ ᠪᠥᠵᠢᠭ᠎ᠲᠤ ᠰᠠᠭᠤᠷᠢᠯᠠᠨ ᠪᠦᠲᠦᠭᠡᠭᠰᠡᠨ ᠠᠭᠤᠳᠠᠮ ᠲᠠᠯᠠᠪᠠᠶ᠎ᠶᠢᠨ ᠪᠥᠵᠢᠭ᠎ᠦᠨ ᠠᠵᠢᠯᠯᠠᠭ᠎ᠠ ᠨᠢ ᠨᠡᠡᠭ ᠴᠸ᠋ ᠬᠤᠯᠠ ᠤᠢᠷ᠎ᠠ᠎ᠳᠤ ᠠᠯᠳᠠᠷᠰᠢᠪᠠ᠃ ᠲᠡᠷᠡᠴᠢᠯᠡᠨ ᠠᠨᠳᠠᠢ ᠪᠥᠵᠢᠭ᠎ᠢ ᠪᠠᠰᠠ 1.5 ᠲᠦᠮᠡ ᠭᠠᠷᠤᠢ ᠰᠣᠷᠣᠭ᠍ᠴᠢ ᠪᠦᠬᠦᠢ ᠳᠤᠮᠳᠠᠳᠤ ᠪᠠᠭ᠎ᠠ ᠰᠤᠷᠭᠠᠭᠤᠯᠢ᠎ᠶᠢᠨ ᠬᠢᠴᠢᠶᠡᠯ᠎ᠦᠨ ᠵᠠᠪᠰᠠᠷᠯᠠᠭ᠎ᠠ᠎ᠶᠢᠨ ᠲᠠᠮᠢᠷ᠎ᠤᠨ ᠰᠢᠰᠲᠧᠮ᠎ᠳᠦ ᠣᠷᠣᠭᠤᠯᠪᠠ᠃ ᠡᠳᠦᠭᠡ᠂ ᠠᠨᠳᠠᠢ ᠪᠥᠵᠢᠭ ᠨᠢ ᠤᠮᠠᠷᠠᠲᠤ ᠬᠢᠯᠢ᠎ᠶᠢᠨ ᠭᠦᠨ ᠵᠤᠵᠠᠭᠠᠨ ᠰᠣᠶᠣᠯ᠎ᠤᠨ ᠳᠦᠷᠰᠦ ᠪᠠᠢᠳᠠᠯ ᠪᠣᠯᠣᠨ ᠡᠷᠡᠭᠦᠯ ᠰᠠᠷᠠᠭᠤᠯ ᠬᠦᠷ ᠬᠥᠭᠵᠢᠶᠡᠨ᠎ᠲᠠᠢ ᠤᠷᠠᠯᠢᠭ᠋᠎ᠤᠨ ᠣᠨᠴᠠᠯᠢᠭ᠎ᠢ ᠪᠦᠷᠢᠯᠳᠦᠭᠦᠯᠵᠦ᠂ ᠵᠥᠪᠬᠡᠨ ᠬᠦᠷᠢᠶ᠎ᠡ ᠬᠣᠰᠢᠭᠤᠨ᠎ᠳᠤ ᠳᠠᠷᠤᠢ 200 ᠭᠠᠷᠤᠢ ᠠᠨᠳᠠᠢ ᠪᠥᠵᠢᠭ᠎ᠦᠨ ᠡᠩᠨᠡᠭᠡ᠎ᠲᠠᠢ ᠪᠤᠯᠵᠠᠢ᠃ ᠠᠨᠳᠠᠢ ᠪᠥᠵᠢᠭ ᠨᠢ ᠨᠢᠭᠡᠨᠲᠡ ᠪᠥᠵᠢᠭ᠎ᠦᠨ ᠤᠷᠠᠯᠢᠭ᠋᠎ᠤᠨ ᠬᠦᠷᠢᠶᠡᠨ᠎ᠤ ᠨᠢᠭᠡᠨ ᠬᠡᠷᠡᠯᠳᠦ ᠰᠤᠪᠤᠳ ᠪᠣᠯᠵᠤ᠂ ᠦᠷᠨᠢᠭᠦᠨ ᠬᠦᠭᠵᠢᠯᠲᠡ ᠪᠠᠨ ᠬᠤᠷᠤᠢᠯᠠᠨ᠎ᠠ᠃
《ᠳᠤᠮᠳᠠᠳᠤ ᠤᠯᠤᠰ᠎ᠤᠨ ᠰᠠᠭᠠᠭ᠎ᠤᠨ ᠨᠤᠲᠤᠭ》
ᠬᠦᠷᠢᠶ᠎ᠡ ᠬᠣᠰᠢᠭᠤ 1000 ᠭᠠᠷᠤᠢ ᠵᠢᠯᠰᠠᠭᠠᠭ ᠲᠠᠷᠢᠬᠰᠠᠨ ᠲᠡᠦᠬᠡ ᠲᠠᠢ ᠪᠠᠢᠵᠦ᠂ 《ᠳᠤᠮᠳᠠᠳᠤ ᠤᠯᠤᠰ᠎ᠤᠨ ᠰᠠᠭᠠᠭ᠎ᠤᠨ ᠨᠤᠲᠤᠭ》 ᠤ᠋ᠨ ᠠᠯᠳᠠᠷᠰᠢᠯ ᠲᠠᠢ᠃ ᠬᠦᠷᠢᠶ᠎ᠡ ᠬᠤᠰᠢᠭᠤᠨ᠎ᠤ ᠣᠨᠴᠠ ᠪᠠᠢᠳᠠᠭ ᠭᠠᠵᠠᠷ ᠵᠦᠢ ᠪᠠ ᠠᠭᠤᠷ ᠠᠮᠢᠰᠬᠤᠯ᠎ᠤᠨ ᠨᠥᠬᠥᠴᠡᠯ ᠨᠢ ᠰᠠᠭᠠᠭ᠎ᠤᠨ ᠥᠪᠡᠷᠮᠢᠴᠡ ᠠᠮᠲᠠ ᠪᠠ ᠰᠢᠮ᠎ᠡ ᠲᠡᠵᠢᠭᠡᠯ᠎ᠦᠨ ᠥᠷᠲᠡᠭ᠎ᠢ ᠪᠣᠶ ᠪᠣᠯᠭᠠᠵᠤ᠂ ᠤᠯᠤᠰ᠎ᠤᠨ ᠭᠠᠵᠠᠷ ᠵᠦᠢ᠎ᠶᠢᠨ ᠲᠡᠮᠳᠡᠭ᠎ᠦᠨ ᠬᠠᠮᠠᠭᠠᠯᠠᠯᠲᠠ᠎ᠶᠢᠨ ᠦᠢᠯᠡᠳᠬᠦᠨ᠎ᠦ ᠭᠡᠷᠡᠴᠢᠯᠡᠯ᠎ᠢ ᠣᠯᠵᠤ᠂ ᠵᠢᠯ ᠲᠤᠷᠰᠢ ᠳᠠᠷᠢᠬᠤ ᠲᠠᠯᠠᠪᠠᠶ ᠨᠢ 10 ᠲᠦᠮᠡᠨ ᠮᠦ᠍᠎ᠡᠴᠡ ᠳᠡᠭᠡᠭᠰᠢ ᠬᠦᠷᠴᠤ᠂ ᠵᠢᠯ᠎ᠦᠨ ᠤᠨᠠᠯᠲᠠ ᠨᠢ 3500 ᠲᠦᠮᠡᠨ ᠵᠢᠩ᠎ᠢ ᠳᠠᠪᠠᠵᠤ ᠪᠠᠢᠨ᠎ᠠ᠃
ᠨᠠᠯᠠᠭᠠᠷ ᠨᠠᠮᠤᠷ᠎ᠤᠨ 8 ᠰᠠᠷ᠎ᠠ ᠵᠢᠨ ᠳᠤᠮᠳᠠᠴᠢ ᠪᠡᠷ ᠪᠢᠳᠡ ᠬᠦᠷᠢᠶ᠎ᠡ ᠬᠤᠰᠢᠭᠤᠨ᠎ᠳᠤ ᠰᠤᠷᠪᠤᠯᠵᠢᠯᠠᠬᠤ ᠪᠡᠷ ᠬᠦᠷᠬᠦ ᠳ᠋ᠤ ᠬᠦᠷᠢᠶ᠎ᠡ ᠬᠤᠰᠢᠭᠤᠨ᠎ᠤ ᠰᠠᠭᠠᠭ᠎ᠤᠨ ᠠᠮᠳᠠᠳᠤ ᠢᠳᠡᠭᠡᠨ᠎ᠤ ᠰᠤᠶᠤᠯ᠎ᠤᠨ ᠭᠠᠷᠠᠭ᠎ᠤᠨ ᠠᠵᠢᠯᠯᠠᠭ᠎ᠠ ᠶᠠᠭ ᠰᠠᠶᠢᠬᠠᠨ ᠢᠳᠡ ᠬᠦᠭ ᠲᠠᠢ ᠶᠠᠪᠤᠭᠳᠠᠵᠤ ᠪᠠᠢᠯ᠎ᠠ᠃ ᠠᠵᠢᠯᠯᠠᠭ᠎ᠠ ᠲᠡᠭᠡᠷ᠎ᠡ ᠬᠦᠷᠢᠶ᠎ᠡ ᠬᠤᠰᠢᠭᠤᠨ᠎ᠤ ᠡᠯ᠎ᠡ ᠰᠤᠮᠤ ᠰᠢᠶᠠᠩ ᠪᠠᠯᠭᠠᠰᠤᠨ᠎ᠤ ᠰᠠᠭᠠᠭ᠎ᠤᠨ ᠭᠤᠯᠢᠷ᠎ᠤᠨ ᠠᠮᠳᠠᠳᠤ ᠢᠳᠡᠭᠡᠨ᠎ᠤ ᠳᠤᠷ᠎ᠠ ᠪᠠᠬᠠᠲᠠᠳ ᠵᠢᠡᠷ ᠪᠦᠷᠢᠯᠳᠦᠭᠰᠡᠨ ᠵᠠᠭᠤᠨ ᠬᠦᠮᠦᠨ᠎ᠤ ᠪᠦᠯᠬᠦᠮ ᠠᠬᠤᠢ ᠲᠠᠯᠠᠪᠠᠢ᠎ᠳᠤ ᠰᠠᠭᠠᠭ᠎ᠤᠨ ᠭᠤᠯᠢᠷ᠎ᠤᠨ ᠾᠧᠯᠧ ᠬᠢᠭᠰᠡᠨ ᠪᠦᠭᠡᠳ ᠬᠤᠯᠠ ᠤᠢᠷ᠎ᠠ ᠡᠴᠡ ᠬᠦᠷᠦᠯᠴᠡᠨ ᠢᠷᠡᠭᠰᠡᠨ ᠦᠵᠡᠭᠴᠢᠳ ᠤᠯᠠᠨ ᠳ᠋ᠠᠭᠠᠨ ᠠᠮᠰᠠᠭᠤᠯᠵᠠᠢ᠃ ᠠᠵᠢᠯᠯᠠᠭ᠎ᠠ ᠵᠢᠨ ᠪᠠᠰᠠ ᠨᠢᠭᠡᠨ ᠠᠭᠤᠯᠭ᠎ᠠ ᠪᠤᠯᠬᠤ ᠦᠪᠤᠷ ᠮᠤᠩᠭᠤᠯ᠎ᠤᠨ ᠰᠠᠭᠠᠭ᠎ᠤᠨ ᠠᠮᠳᠠᠳᠤ ᠢᠳᠡᠭᠡᠨ ᠬᠢᠬᠦ ᠤᠷ᠎ᠠ ᠮᠡᠷᠭᠡᠵᠢᠯ᠎ᠤᠨ ᠤᠷᠤᠯᠳᠤᠭᠠᠨ ᠵᠢᠴᠢ 《ᠬᠦᠷᠢᠶ᠎ᠡ ᠰᠠᠭᠠᠭ》 ᠤ᠋ᠨ ᠠᠮᠳᠠᠳᠤ ᠢᠳᠡᠭᠡᠨ᠎ᠤ ᠤᠷᠢᠯᠭ᠎ᠠ ᠵᠢᠨ ᠤᠷᠤᠯᠳᠤᠭᠠᠨ ᠳ᠋ᠤ 40 ᠭᠠᠷᠤᠢ ᠤᠷᠤᠯᠴᠠᠭᠴᠢ ᠰᠠᠭᠠᠭ ᠵᠢᠡᠷ ᠭᠤᠤᠯ ᠮᠠᠲᠧᠷᠢᠶᠠᠯ ᠪᠤᠯᠭᠠᠵᠤ᠂ ᠤᠷᠤᠨ ᠨᠤᠲᠤᠭ᠎ᠤᠨ ᠤᠨᠴᠠᠯᠢᠭ ᠲᠠᠢ ᠪᠠᠨ ᠤᠶᠠᠯᠳᠤᠭᠤᠯᠤᠨ᠂ ᠤᠷ᠎ᠠ ᠴᠢᠳᠠᠪᠤᠷᠢ ᠪᠠᠨ ᠪᠠᠳᠠᠷᠠᠭᠤᠯᠵᠤ᠂ ᠲᠤᠭᠲᠠᠭᠰᠠᠨ ᠴᠠᠭ᠎ᠲᠤ ᠴᠢᠳᠬᠤᠭᠰᠠᠨ ᠬᠤᠨᠢᠨ ᠭᠡᠳᠡᠰᠦ᠂ ᠬᠠᠭᠠᠷᠢᠭᠰᠠᠨ ᠪᠤᠤᠪᠤ᠂ ᠱᠠᠯᠪᠢᠩ ᠵᠡᠷᠭᠡ ᠠᠮᠳᠠᠳᠤ ᠢᠳᠡᠭᠡᠨ ᠬᠢᠪᠠ᠃ ᠤᠷᠤᠯᠳᠤᠭᠠᠨ᠎ᠤ ᠬᠢᠨᠠᠭᠴᠢ ᠵᠢᠨ ᠪᠦᠯᠬᠦᠮ ᠢᠳᠡᠭᠡᠨ᠎ᠤ ᠦᠩᠭᠡ᠂ ᠦᠨᠦᠷ᠂ ᠠᠮᠲᠠ᠂ ᠬᠢᠬᠦ ᠠᠷᠭ᠎ᠠ᠂ ᠰᠢᠮ᠎ᠡ ᠲᠡᠵᠢᠭᠡᠯ ᠬᠢᠭᠡᠳ ᠪᠦᠲᠦᠭᠡᠯᠴᠢ ᠰᠡᠳᠬᠢᠭᠦᠢ ᠵᠡᠷᠭᠡ ᠵᠢ ᠨᠢ ᠦᠨᠳᠦᠰᠦᠯᠡᠨ ᠲᠤᠬᠠᠢ ᠵᠢᠨ ᠲᠠᠯᠠᠪᠠᠢ᠎ᠳᠤ ᠬᠤᠪᠢ ᠲᠡᠮᠲᠡᠭᠯᠡᠨ ᠦᠨᠡᠯᠡᠵᠦ᠂ 《ᠬᠦᠷᠢᠶ᠎ᠡ ᠰᠠᠭᠠᠭ》᠎ᠤ᠋ᠨ ᠲᠦᠷᠦᠯ ᠲᠡᠮᠲᠡᠭ ᠵᠢᠡᠨ ᠨᠡᠩ ᠢᠯᠡᠭᠦᠦ ᠠᠯᠳᠠᠷᠰᠢᠭᠤᠯᠵᠦ ᠪᠢᠯᠡ᠃
ᠣᠢᠷ᠎ᠠ᠎ᠶᠢᠨ ᠵᠢᠯ᠎ᠳᠦ ᠬᠦᠷᠢᠶ᠎ᠡ ᠬᠣᠰᠢᠭᠤ ᠰᠠᠭᠠᠭ᠎ᠤᠨ ᠰᠢᠨ᠎ᠡ ᠡᠭᠦᠯᠳᠡᠷ᠂ ᠰᠢᠨ᠎ᠡ ᠮᠡᠷᠭᠡᠵᠢᠯ᠎ᠢ ᠳᠡᠯᠭᠡᠷᠡᠭᠦᠯᠬᠦ ᠡᠷᠴᠢᠮ ᠵᠢᠡᠨ ᠲᠠᠰᠤᠷᠠᠯᠲᠠ ᠦᠭᠡᠢ ᠴᠢᠩᠭᠠᠷᠠᠭᠤᠯᠵᠤ᠂ ᠪᠣᠬᠢᠷᠳᠤᠯ ᠦᠭᠡᠢ ᠣᠷᠭᠠᠨᠢᠭ᠋ ᠦᠢᠯᠡᠳᠪᠦᠷᠢᠯᠡᠯ᠎ᠢ ᠰᠠᠨᠠᠭᠠᠴᠢᠯᠠᠵᠤ᠂ ᠡᠯᠧᠺᠲᠷᠣᠨ ᠬᠤᠳᠠᠯᠳᠤᠭ᠎ᠠ᠂ ᠬᠣᠷᠰᠢᠶ᠎ᠠ᠂ ᠡᠳ᠋ᠰᠢᠭᠦᠯᠬᠦ ᠠᠵᠤ ᠠᠬᠤᠢᠯᠠᠯ᠎ᠢ ᠢᠳᠡᠪᠬᠢᠲᠡᠢ ᠵᠣᠬᠢᠶᠠᠨ ᠪᠠᠢᠭᠤᠯᠵᠤ᠂ ᠲᠠᠷᠢᠶᠠᠴᠢᠨ ᠡᠷᠦᠭᠡ᠎ᠲᠠᠢ ᠵᠠᠬᠢᠶᠠᠯᠠᠭ᠎ᠠ ᠲᠤᠭᠲᠠᠵᠤ᠂ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠭᠦᠢᠯᠭᠡᠭᠡᠬᠦ᠂ ᠬᠣᠷᠰᠢᠶ᠎ᠠ ᠪᠠᠢᠭᠤᠯᠤᠨ ᠳᠠᠷᠢᠬᠤ᠂ ᠺᠣᠮᠫᠠᠨᠢᠴᠢᠯᠠᠨ ᠡᠵᠡᠩᠨᠡᠬᠦ ᠪᠠ ᠲᠠᠷᠢᠶᠠᠴᠢᠨ ᠡᠷᠦᠭᠡ ᠳ᠋ᠤ ᠲᠠᠷᠢᠭᠤᠯᠬᠤ ᠵᠡᠷᠭᠡ ᠣᠯᠠᠨ ᠵᠦᠢᠯ᠎ᠦᠨ ᠭᠡᠯᠪᠡᠷᠢ᠎ᠪᠡᠷ ᠳᠠᠮᠵᠢᠭᠤᠯᠤᠨ ᠰᠠᠭᠠᠭ ᠳᠠᠷᠢᠬᠤ ᠲᠠᠯᠠᠪᠠᠶ᠎ᠶᠢ ᠠᠯᠬᠤᠮ ᠠᠯᠬᠤᠮ᠎ᠢᠶᠠᠷ ᠨᠡᠮᠡᠭᠳᠡᠭᠦᠯᠪᠡ᠃ ᠤᠷᠳᠤ ᠬᠤᠭᠤᠴᠠᠭᠠᠨ᠎ᠤ ᠲᠤᠷᠰᠢ᠂ 《ᠬᠦᠷᠢᠶ᠎ᠡ ᠰᠠᠭᠠᠭ》 ᠤ᠋ᠨ ᠰᠣᠶᠣᠯ ᠨᠢ ᠠᠷᠠᠳ᠎ᠤᠨ ᠰᠠᠭᠠᠭ᠎ᠤᠨ ᠠᠮᠲᠠᠲᠤ ᠢᠳᠡᠭᠡᠨ᠎ᠦ ᠵᠠᠩ ᠥᠢᠯᠨ᠂ ᠠᠮᠠᠨ ᠵᠣᠬᠢᠶᠠᠯ᠂ ᠵᠠᠩ ᠥᠢᠯᠨ᠎ᠶᠢᠨ ᠰᠣᠶᠣᠯ ᠵᠡᠷᠭᠡ ᠤᠯᠠᠨ ᠬᠦᠷᠢᠶ᠎ᠡ ᠴᠠᠷᠠᠭ᠎ᠠ᠎ᠳᠤ ᠬᠤᠯᠪᠤᠭᠳᠠᠵᠤ᠂ ᠴᠢᠨᠠᠭᠰᠢᠯᠠᠨ ᠬᠥᠮᠥᠰ᠎ᠦᠨ ᠬᠣᠭᠣᠷᠣᠨᠳᠣᠭᠢ ᠬᠠᠷᠢᠴᠠᠭ᠎ᠠ᠂ ᠲᠠᠢᠯᠠᠯᠭ᠎ᠠ᠂ ᠢᠳᠡᠭᠡᠨ᠎ᠦ ᠳᠤᠷᠠᠰᠢᠯ᠂ ᠪᠠᠶᠠᠷ ᠳᠤᠷᠠᠰᠬᠠᠯ᠎ᠤᠨ ᠶᠣᠰᠣᠯᠠᠯ ᠵᠡᠷᠭᠡᠤᠯᠠᠨ ᠲᠠᠯ᠎ᠠ ᠳ᠋ᠤ ᠨᠡᠪᠴᠢᠭᠰᠡᠨ ᠪᠠᠢᠨ᠎ᠠ᠃
《ᠳᠤᠮᠳᠠᠳᠤ ᠤᠯᠤᠰ᠎ᠤᠨ ᠮᠣᠩᠭᠣᠯ ᠡᠮ ᠡᠮᠨᠡᠯᠭᠡ᠎ᠶᠢᠨ ᠰᠣᠶᠣᠯ᠎ᠤᠨ ᠨᠤᠲᠤᠭ》
ᠬᠦᠷᠢᠶ᠎ᠡ ᠬᠣᠰᠢᠭᠤ ᠳᠤᠮᠳᠠᠳᠤ ᠤᠯᠤᠰ᠎ᠤᠨ ᠮᠣᠩᠭᠣᠯ ᠡᠮ ᠡᠮᠨᠡᠯᠭᠡ᠎ᠶᠢᠨ ᠰᠣᠶᠣᠯ᠎ᠤᠨ ᠨᠤᠲᠤᠭ ᠪᠣᠯᠤᠭᠰᠠᠨ᠎ᠤ ᠬᠤᠪᠢ᠎ᠳᠤ ᠥᠪᠥᠷ ᠮᠣᠩᠭᠣᠯ᠎ᠤᠨ ᠬᠦᠷᠢᠶ᠎ᠡ ᠵᠢᠨ ᠮᠣᠩᠭᠣᠯ ᠡᠮ᠎ᠦᠨ ᠬᠢᠵᠠᠭᠠᠷᠲᠤ ᠺᠤᠮᠫᠠᠨᠢ᠂ ᠬᠦᠷᠢᠶ᠎ᠡ ᠬᠣᠰᠢᠭᠤᠨ᠎ᠤ ᠮᠣᠩᠭᠣᠯ ᠡᠮᠨᠡᠯᠭᠡ᠎ᠶᠢᠨ ᠬᠣᠷᠢᠶ᠎ᠠ ᠵᠡᠷᠭᠡ ᠮᠣᠩᠭᠣᠯ ᠡᠮ ᠡᠮᠨᠡᠯᠭᠡ᠎ᠶᠢᠨ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠬᠤᠶᠠᠷ ᠰᠠᠭᠤᠷᠢᠨ ᠳ᠋ᠤ ᠲᠦᠰᠢᠭᠯᠡᠨ᠂ ᠳᠠᠷᠢᠬᠤ᠂ ᠦᠢᠯᠡᠳᠪᠦᠷᠢᠯᠡᠬᠦ ᠪᠠ ᠰᠤᠳᠤᠯᠤᠨ ᠨᠡᠭᠡᠭᠡᠬᠦ᠂ ᠡᠮᠨᠡᠬᠦ ᠪᠠ ᠰᠤᠪᠢᠯᠠᠬᠤ᠎ᠶᠢ ᠤᠶᠠᠯᠳᠤᠭᠤᠯᠬᠤ᠂ ᠤᠯᠠᠮᠵᠢᠯᠠᠨ ᠬᠠᠮᠠᠭᠠᠯᠠᠬᠤ᠎ᠶᠢ ᠨᠢᠭᠡ ᠴᠣᠭᠴᠠᠵᠢᠭᠤᠯᠤᠭᠰᠠᠨ ᠮᠣᠩᠭᠣᠯ ᠡᠮ ᠡᠮᠨᠡᠯᠭᠡ᠎ᠶᠢᠨ ᠪᠦᠭᠦ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠢ ᠴᠣᠭᠴᠠᠯᠠᠵᠤ᠂ ᠮᠣᠩᠭᠣᠯ ᠡᠮ ᠡᠮᠨᠡᠯᠭᠡ ᠵᠢ ᠦᠷᠭᠦᠯᠵᠢᠯᠡᠨ ᠬᠦᠭᠵᠢᠭᠦᠯᠦᠨ ᠮᠠᠨᠳᠤᠭᠤᠯᠵᠤ ᠪᠠᠢᠨ᠎ᠠ᠃ ᠡᠨᠳᠡ ᠴᠢᠨᠠᠷ ᠰᠠᠢᠲᠠᠢ᠂ ᠬᠣᠪᠣᠷ ᠴᠤᠬᠠᠭ᠂ ᠪᠠᠢᠭᠠᠯᠢ᠎ᠶᠢᠨ ᠡᠮ᠎ᠦᠨ ᠮᠠᠲᠧᠷᠢᠶᠠᠯ 500 ᠭᠠᠷᠤᠢ ᠵᠦᠢᠯ ᠪᠠᠢᠵᠤ᠂ ᠨᠠᠷᠠᠲᠤ ᠠᠵᠤ ᠠᠬᠤᠢᠯᠠᠯ᠂ ᠨᠠᠷᠠᠲᠤ ᠬᠦᠷᠢᠶᠡᠯᠡᠩ᠂ ᠨᠠᠷᠠᠲᠤ ᠡᠮᠴᠢ ᠵᠡᠷᠭᠡ ᠢᠨᠵᠧᠨᠧᠷᠢᠩ᠎ᠢ ᠬᠡᠷᠡᠭᠵᠢᠭᠦᠯᠵᠦ᠂ ᠳᠤᠮᠳᠠᠳᠤ ᠤᠯᠤᠰ᠎ᠤᠨ ᠮᠣᠩᠭᠣᠯ ᠡᠮ ᠡᠮᠨᠡᠯᠭᠡ᠎ᠶᠢᠨ ᠰᠣᠶᠣᠯ᠎ᠤᠨ ᠨᠤᠲᠤᠭ᠎ᠤᠨ ᠡᠷᠬᠡ ᠰᠦᠷᠲᠦ ᠴᠢᠨᠠᠷ ᠪᠠ ᠨᠥᠯᠥᠭᠡᠯᠡᠬᠦ ᠬᠦᠴᠦᠨ᠎ᠢ ᠤᠯᠠᠮ ᠴᠢᠨᠠᠭᠰᠢᠲᠠ ᠴᠢᠩᠭᠠᠷᠠᠭᠤᠯᠪᠠ᠃
ᠬᠦᠷᠢᠶ᠎ᠡ ᠬᠣᠰᠢᠭᠤᠨ᠎ᠤ ᠮᠣᠩᠭᠣᠯ ᠡᠮᠨᠡᠯᠭᠡ᠎ᠶᠢᠨ ᠬᠣᠷᠢᠶ᠎ᠠ 1978 ᠣᠨ᠎ᠳᠤ ᠪᠠᠢᠭᠤᠯᠤᠭᠳᠠᠵᠤ᠂ ᠡᠮᠴᠢᠯᠡᠭᠡ᠂ ᠤᠷᠢᠳᠴᠢᠯᠠᠨ ᠰᠡᠷᠭᠡᠢᠯᠡᠬᠦ᠂ ᠡᠷᠡᠭᠦᠯ ᠮᠡᠨᠳᠦ᠎ᠶᠢ ᠬᠠᠮᠠᠭᠠᠯᠠᠬᠤ᠂ ᠡᠷᠡᠭᠦᠯᠵᠢᠭᠦᠯᠬᠦ᠂ ᠰᠢᠨᠵᠢᠯᠡᠬᠦ ᠤᠬᠠᠭᠠᠨ᠎ᠤ ᠰᠤᠳᠤᠯᠭᠠᠨ᠂ ᠵᠢᠭᠠᠨ ᠰᠤᠷᠭᠠᠯᠲᠠ᠂ ᠡᠮ ᠦᠢᠯᠡᠳᠬᠦ ᠵᠡᠷᠭᠡ᠎ᠶᠢ ᠨᠢᠭᠡ ᠴᠣᠭᠴᠠᠵᠢᠭᠤᠯᠤᠭᠰᠠᠨ ᠤᠯᠤᠰ᠎ᠤᠨ ᠭᠤᠷᠪᠠᠳᠤᠭᠠᠷ ᠳᠡᠰ᠎ᠤᠨ ᠬᠥᠬᠡᠭᠴᠢᠨ ᠵᠡᠷᠬᠡ ᠵᠢᠨ ᠮᠣᠩᠭᠣᠯ ᠡᠮᠨᠡᠯᠭᠡ᠎ᠶᠢᠨ ᠶᠡᠷᠦᠩᠬᠡᠢᠯᠡᠭᠰᠡᠨ ᠡᠮᠨᠡᠯᠭᠡ᠎ᠶᠢᠨ ᠬᠣᠷᠢᠶ᠎ᠠ ᠪᠣᠯᠣᠨ᠎ᠠ᠃ ᠣᠢᠷ᠎ᠠ᠎ᠶᠢᠨ ᠵᠢᠯ᠎ᠳᠦ᠂ ᠬᠦᠷᠢᠶ᠎ᠡ ᠬᠣᠰᠢᠭᠤ ᠮᠣᠩᠭᠣᠯ ᠬᠢᠲᠠᠳ ᠡᠮ ᠡᠮᠨᠡᠯᠭᠡ᠎ᠶᠢᠨ ᠦᠢᠯᠡᠰ᠎ᠦᠨ ᠬᠥᠭᠵᠢᠯᠲᠡ᠎ᠶᠢ ᠶᠡᠬᠡᠪᠡᠷ ᠠᠬᠢᠭᠤᠯᠵᠤ᠂ ᠮᠣᠩᠭᠣᠯ ᠬᠢᠲᠠᠳ ᠡᠮ᠎ᠦᠨ ᠮᠠᠲᠧᠷᠢᠶᠠᠯ ᠳᠠᠷᠢᠬᠤ ᠰᠠᠭᠤᠷᠢᠨ᠎ᠢ ᠵᠠᠯᠭᠠᠭ᠎ᠠ᠎ᠪᠠᠷ 3 ᠪᠠᠢᠭᠤᠯᠪᠠ᠃ ᠦᠢᠯᠡᠳᠦᠯᠭᠡ᠎ᠶᠢᠨ ᠳᠤᠮᠳᠠ᠂ ᠬᠦᠷᠢᠶ᠎ᠡ ᠬᠣᠰᠢᠭᠤ ᠮᠣᠩᠭᠣᠯ ᠬᠢᠲᠠᠳ ᠡᠮ ᠡᠮᠨᠡᠯᠭᠡ᠎ᠶᠢᠨ ᠤᠳᠠᠭᠠᠨ ᠴᠢᠨᠠᠷᠲᠠᠢ ᠡᠪᠡᠳᠴᠢᠨ᠎ᠢ ᠵᠠᠰᠠᠬᠤ ᠲᠠᠯ᠎ᠠ᠎ᠪᠠᠷ ᠭᠢ ᠥᠪᠡᠷ᠎ᠦᠨ ᠥᠷᠲᠡᠭ ᠳᠣᠣᠷ᠎ᠠ ᠳᠠᠪᠠᠭᠤᠯᠢᠭ ᠵᠢᠡᠨ ᠭᠦᠢᠴᠡᠳ ᠪᠠᠳᠠᠷᠠᠭᠤᠯᠵᠤ᠂ ᠮᠣᠩᠭᠣᠯ ᠬᠢᠲᠠᠳ ᠡᠮᠨᠡᠯᠭᠡ᠎ᠶᠢᠨ ᠲᠣᠬᠢᠷᠠᠮᠵᠢᠲᠠᠢ ᠮᠡᠷᠭᠡᠵᠢᠯ᠎ᠢ ᠳᠡᠯᠭᠡᠷᠡᠭᠦᠯᠦᠨ᠂ ᠳᠣᠣᠷ᠎ᠠ ᠣᠷᠣᠯᠭ᠎ᠠ᠎ᠲᠠᠢ ᠭᠡᠷ ᠪᠦᠯᠢ᠎ᠶᠢᠨ ᠡᠪᠡᠳᠴᠢᠨ ᠦᠵᠡᠭᠦᠯᠬᠦ ᠳᠠᠷᠤᠭᠠᠰᠤ᠎ᠶᠢ ᠬᠦᠩᠭᠡᠷᠡᠭᠦᠯᠵᠦ ᠪᠠᠢᠨ᠎ᠠ᠃
ᠬᠦᠷᠢᠶ᠎ᠡ ᠬᠣᠰᠢᠭᠤᠨ᠎ᠤ ᠱᠦᠢ ᠴᠢᠤᠸᠠᠨ ᠰᠢᠶᠠᠩ᠎ᠤᠨ ᠭᠡᠷᠡᠯ ᠭᠠᠴᠠᠭ᠎ᠠ᠎ᠳᠤ ᠬᠦᠷᠬᠦᠶ᠎ᠡ ᠡᠪᠡᠰᠦᠨ ᠡᠮ᠎ᠦᠨ ᠦᠨᠦᠷ ᠰᠡᠩᠭᠢᠨᠡᠭᠰᠡᠨ ᠲᠠᠷᠢᠶᠠᠴᠢᠨ ᠠᠢᠯ᠎ᠤᠨ ᠬᠦᠷᠢᠶ᠎ᠡ ᠬᠠᠷᠠᠭᠠᠨ᠎ᠳᠤ ᠲᠣᠳᠣᠷᠠᠨ᠎ᠠ᠃ ᠡᠨᠡ ᠪᠣᠯ ᠬᠦᠷᠢᠶ᠎ᠡ ᠬᠣᠰᠢᠭᠤᠨ᠎ᠤ ᠮᠠᠨᠪᠠ ᠷᠠᠰᠠᠩ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠵᠢᠵᠢᠭ ᠬᠦᠷᠢᠶ᠎ᠡ ᠪᠣᠯᠣᠨ᠎ᠠ᠃ ᠮᠣᠩᠭᠣᠯ ᠡᠮ ᠡᠮᠨᠡᠯᠭᠡ᠎ᠶᠢᠨ ᠰᠣᠶᠣᠯ᠎ᠢ ᠨᠠᠩ ᠰᠠᠢᠲᠤᠷ ᠤᠯᠠᠮᠵᠢᠯᠠᠨ ᠪᠠᠳᠠᠷᠠᠭᠤᠯᠬᠤ᠎ᠶᠢᠨ ᠲᠥᠯᠥᠭᠡ ᠲᠣᠰ ᠺᠤᠮᠫᠠᠨᠢ ᠨᠢ ᠮᠠᠨᠪᠠ ᠷᠠᠰᠠᠩ (ᠮᠣᠩᠭᠣᠯ ᠡᠮ ᠡᠮᠨᠡᠯᠭᠡ) ᠤ᠋ᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠭᠦᠳᠦᠨ ᠪᠦᠲᠦᠭᠡᠯᠲᠡ᠎ᠶᠢ ᠭᠦᠢᠴᠡᠳ ᠠᠭᠤᠳᠠᠯᠵᠤ᠂ ᠰᠣᠶᠣᠯ ᠵᠢᠭᠤᠯᠴᠢᠯᠠᠯ᠎ᠤᠨ ᠶᠡᠷᠦᠩᠬᠡᠢᠯᠡᠭᠰᠡᠨ ᠴᠣᠭᠴᠠ ᠮᠠᠨᠪᠠ ᠷᠠᠰᠠᠩ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠬᠦᠷᠢᠶᠡᠯᠡᠩ ᠪᠠ ᠮᠠᠨᠪᠠ ᠷᠠᠰᠠᠩ᠎ᠤᠨ ᠡᠮ᠎ᠦᠨ ᠵᠦᠢᠯᠡᠰ᠂ ᠡᠷᠡᠭᠦᠯ ᠢᠳᠡᠭᠡᠨ᠎ᠦ ᠦᠢᠯᠡᠳᠪᠦᠷᠢ᠎ᠶᠢ ᠪᠠᠢᠭᠤᠯᠵᠤ᠂ ᠠᠮᠢ ᠠᠬᠤᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠢ ᠬᠥᠳᠡᠭᠡ ᠲᠣᠰᠬᠣᠨ᠎ᠤ ᠠᠵᠤ ᠠᠬᠤᠢ᠎ᠶᠢ ᠬᠥᠭᠵᠢᠭᠦᠯᠬᠦ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠲᠤᠬᠠᠢ᠎ᠶᠢᠨ ᠭᠠᠵᠠᠷ᠎ᠤᠨ ᠰᠣᠶᠣᠯ᠎ᠤᠨ ᠤᠯᠠᠮᠵᠢᠯᠠᠯ᠎ᠲᠠᠢ ᠬᠥᠳᠡᠭᠡ ᠲᠣᠰᠬᠣᠨ᠎ᠤ ᠣᠨᠴᠠᠯᠢᠭ᠍ᠲᠤ ᠵᠠᠮ᠎ᠢᠶᠠᠷ ᠵᠠᠮᠨᠠᠬᠤ᠎ᠳᠤ ᠬᠦᠴᠦᠨ ᠨᠡᠮᠡᠷᠢᠯᠡᠵᠦ ᠪᠠᠢᠨ᠎ᠠ᠃ ᠣᠳᠣᠬᠠᠨ᠎ᠳᠤ᠂ ᠬᠦᠷᠢᠶ᠎ᠡ ᠬᠣᠰᠢᠭᠤ ᠨᠢᠭᠡᠨᠲᠡ ᠵᠡᠭᠦᠦ ᠲᠥᠭᠡᠨᠡᠯᠭᠡ᠂ ᠶᠠᠰᠤ ᠪᠠᠷᠢᠬᠤ ᠵᠡᠷᠭᠡ ᠮᠣᠩᠭᠣᠯ ᠡᠮᠨᠡᠯᠭᠡ᠎ᠶᠢᠨ ᠣᠨᠴᠠᠯᠢᠭ᠍ᠲᠤ ᠣᠨᠣᠰᠢᠯᠠᠨ ᠡᠮᠨᠡᠬᠦ ᠮᠡᠷᠭᠡᠵᠢᠯ᠂ ᠮᠣᠩᠭᠣᠯ ᠡᠮ᠎ᠦᠨ ᠪᠡᠯᠡᠨ ᠡᠮ ᠪᠠ ᠮᠣᠩᠭᠣᠯ ᠡᠮᠨᠡᠯᠭᠡ᠎ᠶᠢᠨ ᠬᠣᠷᠢᠶᠠᠨ᠎ᠤ ᠳᠣᠲᠣᠭᠠᠳᠤ᠎ᠶᠢᠨ ᠨᠠᠢᠷᠠᠯᠲᠠ᠎ᠶᠢ ᠦᠨᠳᠦᠰᠦᠨ ᠡᠮᠨᠡᠯᠭᠡ᠎ᠶᠢᠨ ᠳᠠᠭᠠᠳᠬᠠᠯ᠎ᠤᠨ ᠲᠣᠭᠠᠴᠠᠭ᠎ᠠ ᠬᠢᠬᠦ ᠬᠡᠪᠴᠢᠶᠡᠨ᠎ᠳᠦ ᠣᠷᠣᠭᠤᠯᠤᠭᠰᠠᠨ ᠪᠥᠭᠡᠳ 74 ᠵᠦᠢᠯ᠎ᠦᠨ ᠮᠣᠩᠭᠣᠯ ᠡᠮᠨᠡᠯᠭᠡ᠎ᠶᠢᠨ ᠣᠨᠴᠠᠯᠢᠭ᠍ᠲᠤ ᠣᠨᠣᠰᠢᠯᠠᠨ ᠡᠮᠨᠡᠬᠦ ᠮᠡᠷᠭᠡᠵᠢᠯ᠎ᠢᠶᠡᠷ ᠳᠠᠮᠵᠢᠨ ᠮᠠᠯᠴᠢᠨ ᠲᠠᠷᠢᠶᠠᠴᠢᠨ᠎ᠤ ᠬᠦᠨᠳᠦ ᠡᠪᠡᠳᠴᠢᠨ ᠣᠯᠣᠭᠰᠠᠨ᠎ᠤ ᠳᠠᠷᠠᠭᠠᠬᠢ ᠡᠷᠡᠭᠦᠯᠵᠢᠭᠦᠯᠬᠦ ᠪᠣᠯᠪᠠᠰᠤᠷᠠᠯ᠎ᠤᠨ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠢᠨ᠎ᠠ᠃
ᠠᠨᠳᠠᠢ ᠪᠥᠵᠢᠭ ᠵᠢᠡᠨ ᠤᠯᠠᠭᠤᠯᠠ ᠪᠠᠨ ᠦᠰᠦᠷᠬᠦ ᠪᠡᠷ ᠠᠷᠠᠳ᠎ᠤᠨ ᠰᠡᠳᠬᠢᠯ ᠲᠡᠨᠢᠢᠵᠦ᠂ ᠰᠠᠭᠠᠭ᠎ᠤᠨ ᠠᠵᠤ ᠦᠢᠯᠡᠰ ᠨᠢ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠮᠣᠩᠭᠣᠯ ᠡᠮ ᠡᠮᠨᠡᠯᠭᠡ ᠵᠡᠭᠡᠯᠢ ᠭᠤᠳᠤᠮᠵᠢ᠎ᠪᠠᠷ ᠲᠦᠭᠡᠵᠦ᠂ ᠡᠳᠦᠭᠡ ᠭᠦᠨ ᠵᠤᠵᠠᠭᠠᠨ ᠲᠡᠦᠬᠡ᠎ᠶᠢ ᠠᠴᠢᠶᠠᠯᠠᠭᠰᠠᠨ ᠤᠯᠠᠮᠵᠢᠯᠠᠯᠲᠤ ᠰᠣᠶᠣᠯ ᠨᠢ ᠲᠠᠰᠤᠷᠠᠯᠲᠠ ᠦᠭᠡᠢ ᠰᠢᠨ᠎ᠡ ᠦᠢᠯᠡᠳᠦᠯ ᠵᠢᠨᠨ ᠪᠠᠳᠠᠷᠠᠭᠤᠯᠵᠤ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠳ᠋ᠤ ᠰᠢᠨ᠎ᠡ ᠬᠤᠪᠢ ᠨᠡᠮᠡᠷᠢ ᠦᠵᠡᠭᠦᠯᠦᠨ᠎ᠡ᠃