​ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠪᠠᠢᠭᠤᠯᠭ᠎ᠠ 《ᠰᠢ ᠵᠢᠨ ᠫᠢᠩ ᠲᠦᠷᠦ᠍᠎ᠵᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ ᠵᠢᠨ ᠲᠤᠰᠭᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠡᠷᠬᠢᠯᠡᠪᠡ
2025-10-17 09:51:10
ᠵᠣᠬᠢᠶᠠᠭ᠍ᠴᠢ᠄
​ ᠪᠠᠢ ᠰᠡᠴᠡᠨ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 14 ᠤ᠋ ᠡᠳᠤᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠪᠠᠢᠭᠤᠯᠭ᠎ᠠ  ᠲᠥᠪ᠎ᠦᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ  ᠵᠠᠩ ᠾᠧ ᠹᠦ᠋ ᠰᠤᠳᠤᠯᠤᠭ᠍ᠴᠢ᠎ᠶ᠋ᠢ ᠤᠷᠢᠵᠤ 《ᠰᠢ ᠵᠢᠨ ᠫᠢᠩ ᠲᠦᠷᠦ᠍᠎ᠵᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ  ᠲᠤᠰᠭᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠯᠭᠡᠪᠡ᠃

ᠵᠠᠩ ᠾᠧ ᠹᠦ᠋ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠣᠷᠢᠨ᠎ᠳᠤ 《ᠰᠢ ᠵᠢᠨ ᠫᠢᠩ ᠲᠦᠷᠦ᠍᠎ᠵᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠲᠢ᠎ᠶ᠋ᠢ ᠬᠡᠪᠯᠡᠨ ᠲᠠᠷᠬᠠᠭᠠᠭ᠍ᠰᠠᠨ ᠴᠠᠭ ᠦᠶ᠎ᠡ᠎ᠶ᠋ᠢᠨ ᠠᠴᠢ ᠬᠣᠯᠪᠣᠭ᠍ᠳᠠᠯ ᠪᠣᠯᠤᠨ ᠤᠨᠤᠯ᠎ᠤᠨ ᠦᠨ᠎ᠡ ᠦᠷᠲᠡᠭ᠎ᠲᠦ ᠭᠦᠨᠵᠡᠭᠡᠢ ᠲᠠᠢᠯᠪᠤᠷᠢᠯᠠᠯᠲᠠ ᠬᠢᠵᠤ᠂《ᠰᠢ ᠵᠢᠨ ᠫᠢᠩ ᠲᠦᠷᠦ᠍᠎ᠵᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠣᠲᠢ᠎ᠶ᠋ᠢᠨ ᠭᠤᠤᠯ ᠣᠨᠴᠠᠯᠢᠭ᠂ ᠴᠠᠭ ᠦᠶ᠎ᠡ᠎ᠶ᠋ᠢᠨ ᠠᠬᠤᠶ ᠪᠠᠢᠳᠠᠯ᠂ ᠦᠢᠯᠡᠳᠦᠯᠭᠡ᠎ᠶ᠋ᠢᠨ ᠰᠠᠭᠤᠷᠢ᠂ ᠱᠢᠨ᠎ᠡ ᠦᠵᠡᠯ ᠰᠠᠨᠠᠭ᠎ᠠ ᠱᠢᠨ᠎ᠡ ᠦᠵᠡᠯᠲᠡ ᠱᠢᠨ᠎ᠡ ᠨᠤᠲᠠᠯᠠᠯᠲᠠ ᠪᠠ ᠶᠢᠷᠲᠢᠨᠴᠦ᠍᠎ᠶ᠋ᠢᠨ ᠦᠵᠡᠯᠲᠡ ᠠᠷᠭ᠎ᠠ᠎ᠶ᠋ᠢᠨ ᠣᠨᠣᠯ᠎ᠳᠤ ᠱᠢᠰᠲ᠋ᠧᠮ᠎ᠲᠡᠶ ᠲᠠᠢᠯᠤᠮᠵᠢ ᠬᠢᠵᠤ᠂ ᠨᠠᠮ᠎ᠤᠨ ᠭᠡᠱᠢᠭᠦᠨ ᠺᠠᠳ᠋ᠷᠴᠤᠳ᠎ᠤᠨ 《ᠰᠢ ᠵᠢᠨ ᠫᠢᠩ ᠲᠦᠷᠦ᠍᠎ᠵᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠎ᠳᠤ ᠬᠦᠴᠦᠲᠡᠢ ᠵᠢᠯᠤᠭᠤᠳᠤᠯᠭ᠎ᠠ ᠬᠠᠩᠭᠠᠵᠤ᠂ ᠦᠵᠡᠯ ᠰᠠᠨᠠᠭ᠎ᠠ ᠵᠢ ᠰᠤᠷᠤᠯᠴᠠᠬᠤ᠂ ᠦᠵᠡᠯ ᠰᠠᠨᠠᠭ᠎ᠠ ᠵᠢ ᠤᠬᠠᠬᠤ᠂ ᠦᠵᠡᠯ ᠰᠠᠨᠠᠭ᠎ᠠ ᠵᠢ ᠬᠡᠷᠡᠭᠯᠡᠬᠦ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠎ᠢ  ᠦᠨᠡᠨ ᠬᠦ᠌ ᠴᠢᠨᠭᠭᠠᠳᠬᠠᠪᠠ᠃

ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠪᠠᠢᠭᠤᠯᠭ᠎ᠠ 《ᠰᠢ ᠵᠢᠨ ᠫᠢᠩ ᠲᠦᠷᠦ᠍᠎ᠵᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠭᠦᠨᠵᠡᠭᠡᠢᠷᠡᠭᠦᠯᠬᠦ᠌ ᠳᠡᠭᠡᠷ᠎ᠡ ᠦᠷᠭᠦᠯᠵᠢᠯᠡᠨ ᠬᠦᠴᠦ᠍ ᠲᠠᠯᠪᠢᠵᠤ᠂ 《ᠰᠢ ᠵᠢᠨ ᠫᠢᠩ ᠲᠦᠷᠦ᠍᠎ᠵᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠲᠢ᠎ᠶ᠋ᠢ ᠰᠤᠷᠤᠯᠴᠠᠬᠤ᠎ᠶ᠋ᠢ 《ᠰᠢ ᠵᠢᠨ ᠫᠢᠩ ᠲᠦᠷᠦ᠍᠎ᠵᠢ ᠵᠠᠰᠠᠬᠤ ᠲᠤᠬᠠᠢ》 ᠭᠡᠬᠦ᠌ ᠨᠣᠮ᠎ᠤᠨ ᠨᠢᠭᠡᠳᠦᠭᠡᠷ ᠪᠤᠲᠢ᠎ᠠᠴᠠ ᠳᠥᠷᠪᠡᠳᠦᠭᠡᠷ ᠪᠤᠲᠢ᠎ᠵᠢ ᠰᠤᠷᠤᠯᠴᠠᠬᠤ ᠯᠤᠭ᠎ᠠ ᠣᠷᠭᠠᠨᠢᠭ᠎ᠢᠶᠠᠷ ᠤᠶᠠᠯᠳᠤᠭᠤᠯᠵᠤ᠂ ᠲᠠᠪᠤᠳᠤᠭᠠᠷ ᠪᠤᠳᠢ᠎ᠶ᠋ᠢᠨ ᠭᠣᠣᠯ ᠴᠢᠬᠤᠯᠠ ᠠᠭᠤᠯᠭ᠎ᠠ᠂ ᠤᠨᠤᠯ᠎ᠤᠨ ᠱᠢᠨ᠎ᠡ ᠡᠭᠦᠳᠦᠯᠲᠡ ᠪᠣᠯᠤᠨ ᠦᠢᠯᠡᠳᠦᠯᠭᠡ᠎ᠶ᠋ᠢᠨ ᠵᠢᠯᠤᠭᠤᠳᠤᠯᠭ᠎ᠠ᠎ᠶ᠋ᠢ ᠭᠦᠨᠵᠡᠭᠡᠢ ᠡᠵᠡᠮᠳᠡᠵᠦ᠍᠂ ᠰᠤᠷᠤᠯᠴᠠᠬᠤ ᠰᠡᠳᠭᠢᠬᠦ᠌ ᠬᠡᠷᠡᠭ᠌ᠯᠡᠬᠦ᠌᠎ᠶ᠋ᠢ ᠤᠶᠠᠯᠳᠤᠭᠤᠯᠵᠤ᠂ ᠰᠡᠳᠭᠢᠯ᠎ᠳᠡᠭᠡᠨ ᠱᠢᠩᠭᠡᠭᠡᠬᠦ᠌᠂ ᠠᠵᠢᠯᠯᠠᠭ᠎ᠠ᠎ᠳᠠᠭᠠᠨ ᠢᠯᠡᠷᠡᠭᠦᠯᠬᠦ᠌᠎ᠶ᠋ᠢ ᠦᠨᠡᠨ ᠬᠦ᠌ ᠪᠡᠶᠡᠯᠡᠭᠦᠯᠵᠦ᠍᠂ ᠤᠨᠤᠯ᠎ᠢ ᠪᠣᠳᠠᠲᠠᠢ᠎ᠲᠠᠶ ᠤᠶᠠᠯᠳᠤᠭᠤᠯᠬᠤ ᠮᠠᠷᠺᠰ᠎ᠤᠨ ᠦᠵᠡᠯ᠎ᠦᠨ ᠰᠤᠷᠤᠯᠴᠠᠬᠤ ᠰᠤᠷᠲᠠᠯ᠎ᠢ ᠪᠠᠳᠠᠷᠠᠭᠤᠯᠵᠤ᠂ ᠨᠡᠪᠳᠡᠷᠡᠳᠡᠯ᠎ᠡ ᠰᠤᠷᠤᠯᠴᠠᠨ ᠪᠣᠳᠠᠲᠠᠢ᠎ᠲᠠᠶ ᠤᠶᠠᠯᠳᠤᠭᠤᠯᠤᠨ ᠰᠤᠷᠤᠯᠴᠠᠵᠤ ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠦᠨᠡᠨ ᠬᠦ᠌ ᠠᠵᠢᠯ ᠬᠢᠵᠦ᠍ ᠦᠢᠯᠡᠰ ᠪᠤᠰᠭᠠᠬᠤ᠂ ᠵᠣᠬᠢᠶᠠᠨ ᠪᠠᠢᠭᠤᠯᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠣᠳᠠᠲᠠᠢ ᠠᠵᠢᠯᠯᠠᠭ᠎ᠠ ᠪᠠ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠵᠢ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号