10 ᠰᠠᠷ᠎ᠠ᠎ᠶ᠋ᠢᠨ 16 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ ᠠᠷᠠᠳᠴᠢᠯᠠᠯ᠎ᠢᠶᠠᠷ ᠵᠥᠪᠯᠡᠬᠦ᠌ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠲᠡᠪᠰᠢᠭᠦᠯᠬᠦ ᠪᠡᠷ ᠪᠠᠢᠭ᠎ᠠ ᠬᠠᠮᠢᠶ᠎ᠠ ᠪᠦᠬᠦᠢ ᠵᠢᠱ᠌ᠢᠭ᠌ᠳᠡᠭ᠌ᠴᠢ᠎ᠶ᠋ᠢᠨ ᠲᠤᠬᠠᠢ ᠥᠪᠡᠷᠲᠡᠭᠡᠨ ᠵᠠᠰᠠᠬᠤ ᠣᠷᠣᠨ᠎ᠤ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠨᠥᠬᠥᠳ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ᠎ᠲᠡᠶ ᠠᠷᠠᠳᠴᠢᠯᠠᠯ᠎ᠢᠶᠠᠷ ᠵᠥᠪᠯᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠨᠠᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢ ᠢᠦᠢ ᠭᠠᠩ ᠵᠢᠱ᠌ᠢᠭ᠌ᠳᠡᠭ᠌ᠴᠢ ᠪᠡᠷ ᠨᠡᠷ᠎ᠡ ᠳᠤᠷᠠᠳᠤᠭ᠍ᠰᠡᠳᠤᠨ ᠪᠠᠢᠳᠠᠯ᠎ᠤᠨ ᠲᠤᠬᠠᠢ ᠲᠣᠳᠣᠷᠬᠠᠢᠯᠠᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠳᠠᠭᠤᠯᠠ ᠬᠤᠷᠠᠯ᠎ᠢ ᠡᠷᠭᠢᠯᠡᠪᠡ᠃ ᠠᠷᠠᠳᠴᠢᠯᠠᠯ ᠲᠠᠢ ᠡᠶ᠎ᠡ ᠵᠣᠬᠢᠴᠠᠩᠭᠤᠢ ᠠᠭᠤᠷ ᠠᠮᠢᠰᠭᠤᠯ᠎ᠤᠨ ᠳᠤᠮᠳᠠ᠂ ᠬᠤᠷᠠᠯ᠎ᠳᠤ ᠣᠷᠣᠯᠴᠠᠭ᠍ᠰᠠᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠨᠥᠬᠥᠳ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ ᠨᠠᠷᠢᠨ ᠬᠢᠨᠠᠮᠠᠭᠠᠢ ᠵᠥᠪᠳᠡᠯᠴᠡᠵᠦ᠍᠂ ᠬᠠᠮᠢᠶ᠎ᠠ ᠪᠦᠬᠦᠢ ᠵᠢᠱ᠌ᠢᠭ᠌ᠳᠡᠭ᠌ᠴᠢ᠎ᠶ᠋ᠢ ᠰᠠᠨᠠᠯ ᠨᠢᠭᠡᠲᠡᠢ ᠵᠥᠪᠱᠢᠶᠡᠷᠡᠪᠡ᠃
ᠬᠤᠷᠠᠯ᠎ᠳᠤ ᠣᠷᠣᠯᠴᠠᠭ᠍ᠰᠠᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠨᠥᠬᠥᠳ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ᠎ᠳᠤ ᠠᠨ ᠷᠦᠨ ᠱᠧᠩ᠂ ᠼᠤᠤ᠎ᠶ᠋ᠢᠨ ᠱᠠᠨ᠂ ᠵᠣᠣ ᠵᠢᠶ᠂ ᠵᠢᠨ ᠵᠤᠸᠠᠩ᠂ ᠯᠢ ᠶᠠᠨ ᠷᠦ᠍᠂ ᠢᠦᠶ ᠷᠧᠨ ᠵᠢᠶᠧ᠂ ᠸᠠᠩ ᠱᠢᠨ ᠢᠦᠶ᠂ ᠴᠧᠩ ᠰᠢ᠂ ᠰᠦᠨ ᠴᠢᠩ ᠵᠢᠶᠧ ᠪᠠᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠶ᠃