10 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠬᠣᠷᠢᠨ ᠬᠣᠶᠠᠳᠤᠭᠠᠷ ᠬᠤᠷᠠᠯ ᠬᠤᠷᠠᠯᠳᠤᠪᠠ᠂ ᠲᠣᠰ ᠤᠳᠠᠭ᠎ᠠ᠎ᠶ᠋ᠢᠨ ᠬᠤᠷᠠᠯ᠎ᠳᠤ 58 ᠪᠦᠷᠢᠯᠳᠦᠬᠦᠨ ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠳ᠋ᠤᠸᠠᠨ ᡁᠢ ᠴᠢᠶᠠᠩ᠂ ᠵᠧᠩ ᠬᠣᠩ ᠹᠠᠨ᠂ ᠠᠢ ᠯᠢ ᠬᠤᠸᠠ᠂ ᠯᠢ ᠪᠢᠩ ᠷᠦᠩ᠂ ᠡᠸ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠵᠠᠶ᠃
ᠬᠤᠷᠠᠯ᠎ᠤᠨ ᠵᠥᠪᠯᠡᠬᠦ᠌ ᠵᠦᠶ᠋ᠯᠡᠰ᠎ᠢ ᠪᠠᠲᠤᠯᠠᠭ᠍ᠰᠠᠨ᠎ᠤ ᠳᠠᠷᠠᠭ᠎ᠠ᠂ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢ᠎ᠶ᠋ᠢᠨ ᠬᠢᠷᠢ ᠬᠡᠮ ᠢ ᠬᠢᠨᠠᠨ ᠪᠠᠢᠴᠠᠭᠠᠬᠤ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠭᠦᠸᠧ ᠱᠢᠨ᠎ᠦ ᠬᠢᠭ᠌ᠰᠡᠨ ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠦᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠪᠡ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠢ ᠬᠤᠷᠠᠯᠳᠤᠭᠤᠯᠬᠤ ᠲᠤᠬᠠᠢ ᠲᠣᠭ᠍ᠲᠠᠭᠠᠯ᠎ᠢ ᠬᠢᠨᠠᠨ ᠵᠥᠪᠯᠡᠵᠦ᠍ ᠪᠠᠲᠤᠯᠠᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠥᠪᠯᠡᠬᠦ᠌ ᠵᠦᠶ᠋ᠯᠡᠰ (ᠲᠥᠰᠦᠯ)᠂ ᠡᠳᠦᠷ᠎ᠦᠨ ᠳᠠᠷᠠᠭᠠᠯᠠᠯ (ᠲᠥᠰᠦᠯ)᠂ ᠲᠡᠷᠢᠭᠦᠯᠡᠭ᠌ᠴᠢᠳ᠎ᠦᠨ ᠪᠦᠯᠬᠦᠮ ᠪᠤᠯᠤᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ (ᠲᠥᠰᠦᠯ)᠂ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠨᠡᠷᠡᠰ (ᠲᠥᠰᠦᠯ)᠂ ᠭᠦᠶ᠋ᠴᠡᠳᠭᠡᠬᠴᠢ ᠲᠡᠷᠢᠭᠦᠯᠡᠭ᠌ᠴᠢ᠎ᠶ᠋ᠢᠨ ᠨᠡᠷᠡᠰ (ᠲᠥᠰᠦᠯ)᠂ ᠳᠡᠳ᠋ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ (ᠲᠥᠰᠦᠯ)᠂ ᠰᠤᠯᠠ ᠣᠷᠣᠯᠴᠠᠬᠤ ᠬᠥᠮᠦᠰ᠎ᠦᠨ ᠨᠡᠷᠡᠰ ᠪᠣᠯᠤᠨ ᠰᠠᠨᠠᠯ ᠵᠥᠪᠯᠡᠯᠭᠡ᠎ᠵᠢ ᠪᠠᠲᠤᠯᠠᠬᠤ ᠠᠷᠭ᠎ᠠ (ᠲᠥᠰᠦᠯ)᠎ᠶ᠋ᠢ ᠬᠢᠨᠠᠨ ᠵᠥᠪᠯᠡᠵᠦ᠍ ᠪᠠᠲᠤᠯᠠᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠰᠦᠨ ᠱᠤᠤ ᠴᠧᠩ ᠨᠥᠬᠥᠷ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠶ᠋ᠢᠨ ᠲᠤᠱᠢᠶᠠᠯ᠎ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠬᠤ ᠲᠤᠬᠠᠶ ᠲᠣᠭ᠍ᠲᠠᠭᠠᠯ᠂ ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠦᠨ ᠲᠤᠬᠠᠶ ᠮᠡᠳᠡᠭᠦᠯᠦᠯᠲᠡ᠎ᠶ᠋ᠢ ᠪᠠᠲᠤᠯᠠᠪᠠ᠃