—《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠦᠶ᠋ᠯᠡᠳᠦᠯᠭᠡ ᠬᠢᠬᠡᠳ ᠰᠡᠩᠬᠡᠷᠡᠭᠦᠯᠦᠯ ᠤ᠋ᠨ ᠬᠦᠤᠷᠨᠢᠯ ᠱᠢᠭᠦᠮᠵᠢ (ᠨᠢᠭᠡ)
ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ᠃ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ ᠶ᠋ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠦᠨᠳᠦᠰᠦᠨ ᠪᠠᠲᠤᠯᠠᠭ᠎ᠠ ᠬᠠᠩᠭᠠᠨ᠎ᠠ᠃
ᠶᠡᠷᠦᠩᠬᠡᠢ ᠱᠦᠵᠢ ᠰᠢ ᠵᠢᠨ ᠫᠢᠩ᠄ 《ᠳᠡᠯᠡᠬᠡᠢ᠎ᠶ᠋ᠢᠨ ᠬᠣᠶᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ᠎ᠶ᠋ᠢ ᠰᠠᠢᠲᠤᠷ ᠡᠵᠡᠮᠳᠡᠵᠦ᠍ ᠴᠢᠳᠠᠬᠤ ᠡᠰᠡᠬᠦ᠌᠂ ᠠᠵᠤ ᠠᠬᠤᠢ ᠨᠡᠢᠭᠡᠮ᠎ᠦᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌ ᠶ᠋ᠢ ᠪᠠᠲᠤᠯᠠᠵᠤ ᠴᠢᠳᠠᠬᠤ ᠡᠰᠡᠬᠦ᠌ ᠨᠢ ᠦᠨᠳᠦᠰᠦᠨ᠎ᠡᠴᠡ ᠨᠢ ᠠᠪᠴᠤ᠌ ᠬᠡᠯᠡᠪᠡᠯ ᠠᠵᠤ ᠠᠬᠤᠢ ᠨᠡᠢᠭᠡᠮ ᠦᠨ ᠬᠥᠭ᠌ᠵᠢᠯᠲᠡ ᠲᠤᠮᠳᠠᠬᠢ ᠨᠠᠮ ᠤ᠋ᠨ ᠤᠳᠤᠷᠢᠳᠭᠤ ᠭᠣᠣᠯᠯᠠᠭ᠍ᠴᠢ᠎ᠶ᠋ᠢᠨ ᠦᠢᠯᠡᠳᠦᠯ᠎ᠢᠶᠡᠨ ᠰᠠᠢᠲᠤᠷ ᠪᠠᠳᠠᠷᠠᠭᠤᠯᠤᠭ᠍ᠰᠠᠨ ᠡᠰᠡᠬᠦ᠌᠎ᠪᠡᠷ ᠱᠢᠢᠳᠪᠦᠷᠢᠯᠡᠭ᠌ᠳᠡᠨᠡ》 ᠭᠡᠵᠤ ᠬᠦᠨᠵᠡᠭᠡᠢ ᠵᠢᠭᠠᠵᠤ ᠭᠠᠷᠭᠠᠪᠠ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠡᠯ᠎ᠡ ᠵᠦᠢᠯ᠎ᠦᠨ ᠨᠠᠷᠢᠨ ᠪᠤᠳᠤᠯᠢᠶᠠᠨᠲᠠᠢ ᠪᠠᠢᠳᠠᠯ᠎ᠢ ᠯᠠᠪᠳᠠᠭᠤᠨ᠎ᠢᠶᠠᠷ ᠠᠷᠭᠠᠴᠠᠭᠠᠵᠤ᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ ᠱᠢᠨ᠎ᠡ ᠡᠭᠦᠳᠦᠯᠲᠡ᠎ᠶ᠋ᠢᠨ ᠴᠢᠨᠠᠷᠲᠠᠢ ᠠᠬᠢᠴᠠ᠂ ᠱᠢᠪᠲᠤᠯᠤᠯᠲᠠ᠎ᠶ᠋ᠢᠨ ᠴᠢᠨᠠᠷᠲᠠᠢ ᠬᠤᠪᠢᠰᠤᠯᠲᠠ᠂ ᠲᠡᠦᠬᠡᠲᠦ ᠴᠢᠨᠠᠷᠲᠠᠢ ᠠᠮᠵᠢᠯᠲᠠ ᠣᠯᠵᠠᠢ᠃
ᠭᠠᠭ᠍ᠴᠠ ᠬᠦ᠌ ᠨᠠᠮ ᠤᠨ ᠪᠦᠬᠦ᠌ ᠲᠠᠯ᠎ᠠ ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠪᠠᠯ᠂ ᠳᠤᠮᠳᠠᠳᠤ ᠤᠯᠤᠰ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ᠎ᠳᠤ ᠰᠠᠶᠢ ᠪᠠᠳᠤ ᠴᠢᠩᠭ᠎ᠠ ᠲᠦᠰᠢᠭ᠎ᠲᠠᠶ ᠪᠠᠢᠵᠤ ᠴᠢᠳᠠᠨ᠎ᠠ᠂ ᠳᠤᠮᠳᠠᠳᠤ ᠤᠯᠤᠰ ᠨᠡᠷᠡᠮᠵᠢᠲᠦ ᠲᠤᠮᠤ ᠬᠥᠯᠭᠡ ᠣᠩᠭᠣᠴᠠ ᠰᠦᠷ ᠳᠠᠯᠠᠢᠴᠠᠲᠠᠢ ᠠᠭᠤᠤ ᠶᠡᠬᠡ ᠠᠶᠠᠨ᠎ᠳᠠᠭᠠᠨ ᠰᠠᠶᠢ ᠳᠠᠪᠠᠯᠭᠠᠨ᠎ᠢ ᠰᠦᠷᠦᠨ ᠤᠷᠤᠭ᠍ᠰᠢᠯᠠᠵᠤ᠂ ᠯᠠᠪᠳᠠᠭᠤᠨ᠎ᠢᠶᠠᠷ ᠬᠤᠯᠠ ᠠᠶᠠᠯᠠᠵᠤ ᠴᠢᠳᠠᠨ᠎ᠠ ᠭᠡᠳᠡᠭ᠎ᠢ ᠦᠢᠯᠡᠳᠦᠯᠭᠡ ᠭᠡᠷᠡᠴᠢᠯᠡᠪᠡ᠃
ᠠᠶᠠᠯᠠᠯ᠎ᠢ ᠳᠠᠭᠠᠭᠤᠯᠤᠨ ᠴᠢᠭ᠌ᠯᠡᠯ ᠢ ᠲᠣᠭ᠍ᠲᠠᠭᠠᠨ᠎ᠠ᠂ ᠨᠠᠮ᠎ᠤᠨ ᠤᠳᠤᠷᠢᠳᠤᠯᠭ᠎ᠠ ᠪᠣᠯ ᠨᠠᠮ ᠪᠠ ᠤᠯᠤᠰ ᠤᠨ ᠠᠵᠢᠯ ᠦᠢᠯᠡᠰ ᠦᠨ ᠲᠠᠰᠤᠷᠠᠯᠲᠠ ᠦᠭᠡᠢ ᠬᠥᠭ᠌ᠵᠢᠬᠦ᠌᠎ᠶ᠋ᠢᠨ 《ᠲᠣᠭ᠍ᠲᠠᠪᠤᠷᠢᠵᠢᠭᠤᠯᠤᠬᠴᠢ》 ᠮᠥᠨ
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠤᠯᠤᠰ᠎ᠤᠨ ᠳᠣᠲᠣᠭᠠᠳᠤ᠎ᠶ᠋ᠢᠨ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ ᠤᠷᠢᠳ ᠬᠣᠵᠢᠳ 110 ᠲᠦᠮᠡᠨ ᠳ᠋ᠦᠩᠱᠢᠭᠤᠷ ᠲᠥᠭᠥᠷᠢᠭ᠂ 120 ᠲᠦᠮᠡᠨ ᠳ᠋ᠦᠩᠱᠢᠭᠤᠷ ᠲᠥᠭᠥᠷᠢᠭ᠂ 130 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ ᠡᠨᠡ ᠵᠢᠯ ᠵᠢᠱ᠌ᠢᠯᠲᠡ᠎ᠪᠡᠷ 140 ᠲᠦᠮᠡᠨ ᠳ᠋ᠦᠩᠱᠢᠭᠤᠷ ᠲᠥᠭᠥᠷᠢᠭ ᠣᠷᠴᠢᠮ ᠬᠦᠷᠴᠦ᠍᠂ ᠳᠡᠯᠡᠬᠡᠶ᠎ᠶ᠋ᠢᠨ ᠠᠵᠤ ᠠᠬᠤᠶ᠎ᠶ᠋ᠢᠨ ᠨᠡᠮᠡᠭ᠌ᠳᠡᠯ᠎ᠳᠦ ᠬᠤᠪᠢ ᠨᠡᠮᠡᠷᠢ ᠦᠵᠡᠭᠦᠯᠬᠦ᠌ ᠨᠣᠷᠮ᠎ᠠ 30% ᠣᠷᠴᠢᠮ ᠪᠠᠢᠬᠤ᠎ᠶ᠋ᠢ ᠪᠠᠲᠤᠯᠠᠵᠠᠢ᠃
ᠳᠣᠲᠣᠭᠠᠳᠤ ᠭᠠᠳᠠᠭᠠᠳᠤ᠎ᠶ᠋ᠢᠨ ᠨᠠᠷᠢᠨ ᠪᠤᠳᠤᠯᠢᠶᠠᠨᠲᠠᠶ ᠣᠷᠴᠢᠨ ᠨᠥᠬᠥᠴᠡᠯ᠎ᠦᠨ ᠡᠮᠦᠨ᠎ᠡ᠂ ᠳᠤᠮᠳᠠᠳᠤ ᠤᠯᠤᠰ᠎ᠤᠨ ᠠᠵᠤ ᠠᠬᠤᠶ ᠣᠷᠳᠣ ᠬᠤᠭᠤᠴᠠᠭᠠᠨ᠎ᠤ ᠲᠣᠭ᠍ᠲᠠᠭᠤᠨ ᠬᠥᠭ᠌ᠵᠢᠯᠲᠡ᠎ᠪᠡᠨ ᠪᠠᠲᠤᠯᠠᠪᠠ᠃ ᠡᠨᠡ ᠬᠦ᠌ ᠠᠮᠵᠢᠯᠲᠠ ᠶ᠋ᠢᠨ ᠬᠠᠭᠤᠳᠠᠰᠤ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠲᠦᠭ ᠲᠦᠮᠡᠨ ᠠᠷᠠᠳ ᠲᠦᠮᠡᠨ᠎ᠢ ᠳᠠᠭᠠᠭᠤᠯᠤᠨ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠷᠡᠮᠡᠭᠡᠢᠯᠡᠨ ᠤᠷᠤᠭ᠍ᠰᠢᠯᠠᠭ᠍ᠰᠠᠨᠤ ᠠᠮᠢᠳᠤᠯᠢᠭ ᠵᠢᠷᠤᠭ᠍ᠯᠠᠯ ᠪᠣᠯᠤᠨ᠎ᠠ᠃
ᠬᠥᠭ᠌ᠵᠢᠯᠳᠠ᠂ ᠮᠠᠨ᠎ᠤ ᠤᠯᠤᠰ᠎ᠤᠨ ᠠᠯᠢᠪᠠ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠰᠠᠭᠤᠷᠢ ᠪᠠ ᠵᠠᠩᠭᠢᠯᠠᠭ᠎ᠠ ᠪᠤᠯᠤᠨ᠎ᠠ᠃ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠭᠠᠯᠲᠤ ᠴᠢᠨᠠᠷ ᠨᠢ ᠬᠥᠭ᠌ᠵᠢᠯᠲᠡ᠎ᠶ᠋ᠢᠨ ᠢᠮᠠᠭ᠍ᠲᠠ ᠵᠥᠪ ᠴᠢᠭ᠌ᠯᠡᠯ᠎ᠢᠶᠡᠨ ᠪᠠᠲᠤᠯᠠᠬᠤ᠎ᠶ᠋ᠢ ᠦᠨᠡᠨ ᠬᠦ᠌ ᠪᠠᠲᠤᠯᠠᠪᠠ᠃
5 ᠵᠢᠯ᠎ᠦᠨ ᠲᠤᠷᠰᠢ᠂ ᠳᠡᠯᠡᠬᠡᠢ᠎ᠶ᠋ᠢᠨ ᠪᠠᠢᠳᠠᠯ ᠶᠠᠭᠠᠬᠢᠵᠤ ᠬᠤᠪᠢᠷᠠᠭ᠍ᠰᠠᠨ ᠴᠤ᠌᠂ ᠨᠠᠮ᠎ᠤᠨ ᠲᠥᠪ ᠬᠣᠷᠢᠶ᠎ᠠ ᠢᠮᠠᠭ᠍ᠲᠠ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠨᠢᠭᠡ ᠵᠢᠷᠤᠭ ᠲᠥᠰᠦᠪ ᠢ ᠡᠴᠦᠰ᠎ᠲᠦᠨᠢ ᠲᠤᠯᠲᠠᠯ᠎ᠠ ᠵᠢᠷᠤᠭ᠍ᠯᠠᠬᠤ᠎ᠶ᠋ᠢ ᠪᠠᠷᠢᠮᠲᠠᠯᠠᠪᠠ᠃
2020 ᠣᠨ᠎ᠤ 10 ᠰᠠᠷ᠎ᠠ᠎ᠶ᠋ᠢᠨ 29 ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠡᠴᠡ《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠠᠨᠠᠭᠤᠯᠭ᠎ᠠ》 ᠵᠢ ᠬᠢᠨᠠᠨ ᠵᠥᠪᠯᠡᠵᠦ᠍ ᠪᠠᠲᠤᠯᠠᠭᠠᠳ᠂ ᠢᠷᠡᠭᠡᠳᠦᠢ᠎ᠳᠦ ᠬᠠᠨᠳᠤᠬᠰᠠᠨ ᠠᠤᠭ᠎ᠠ ᠲᠥᠰᠦᠪ᠎ᠢ ᠵᠢᠷᠤᠭ᠍ᠯᠠᠪᠠ᠃
2021 ᠣᠨ᠎ᠤ 3 ᠰᠠᠷ᠎ᠠ᠎ᠶ᠋ᠢᠨ 7 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠬᠥᠬᠡᠨᠠᠭᠤᠷ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ 《ᠴᠢᠨᠠᠷ ᠰᠠᠢᠲᠠᠢ ᠬᠥᠭ᠌ᠵᠢᠯᠲᠡ ᠪᠣᠯ 〈ᠠᠷᠪᠠᠨ ᠳᠥᠷᠪᠡᠳᠦᠭᠡᠷ ᠲᠠᠪᠤᠨ ᠵᠢᠯ〉 ᠴᠢᠨᠠᠭ᠍ᠰᠢᠯᠠᠪᠠᠯ ᠨᠡᠩ ᠤᠷᠳᠤ ᠬᠤᠭᠤᠴᠠᠭᠠᠨ᠎ᠤ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠰᠡᠳᠦᠪ ᠪᠣᠯᠤᠨ᠎ᠠ᠂ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠨ᠎ᠠ》ᠭᠡᠵᠦ᠍ ᠴᠢᠬᠤᠯᠠᠴᠢᠯᠠᠪᠠ᠂ ᠡᠨᠡ ᠬᠦ᠌ ᠭᠦᠨᠵᠡᠭᠡᠢ ᠨᠤᠲᠠᠯᠠᠯᠲᠠ ᠨᠢ ᠳᠤᠮᠳᠠᠳᠤ ᠤᠯᠤᠰ᠎ᠤᠨ ᠬᠥᠭ᠌ᠵᠢᠯᠲᠡ᠎ᠳᠦ ᠴᠢᠭ᠌ᠯᠡᠯ᠎ᠢ ᠵᠢᠭᠠᠵᠤ ᠥᠭ᠌ᠴᠡᠢ᠃
ᠳᠡᠯᠡᠬᠡᠢ ᠳ᠋ᠠᠬᠢᠨ ᠱᠢᠨ᠎ᠡ ᠣᠷᠣᠭ᠎ᠠ ᠪᠤᠰᠭᠠᠭ᠎ᠠ ᠬᠤᠪᠢᠰᠤᠯᠲᠠ᠎ᠶ᠋ᠢᠨ ᠬᠤᠭᠤᠴᠠᠭᠠᠨ᠎ᠳᠤ ᠣᠷᠣᠪᠠ᠂ ᠬᠤᠪᠢᠰᠤᠯᠲᠠ ᠶ᠋ᠢᠨ ᠳᠤᠮᠳᠠ ᠬᠡᠷᠬᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ᠌ ᠪᠤᠢ?ᠬᠥᠭ᠌ᠵᠢᠯᠲᠡ᠎ᠳᠦ ᠥᠷᠢᠰᠥᠯᠳᠦᠭᠡᠨ ᠲᠤᠯᠭᠠᠷᠠᠵᠤ ᠪᠠᠢᠭ᠎ᠠ ᠪᠠᠢᠳᠠᠯ ᠲᠤᠤᠷ᠎ᠠ ᠲᠣᠭ᠍ᠲᠠᠭ᠍ᠰᠠᠨ ᠬᠠᠷᠠᠯᠲᠠ᠎ᠪᠠᠨ ᠬᠡᠷᠬᠢᠨ ᠪᠡᠶᠡᠯᠡᠭᠦᠯᠬᠦ᠌ ᠪᠤᠶ?
《ᠴᠠᠭ》 ᠪᠣᠯᠤᠨ 《ᠬᠠᠨᠳᠤᠰᠢ》 ᠵᠢ ᠣᠨᠣᠴᠠᠳᠠᠢ ᠡᠵᠡᠮᠳᠡᠪᠠ᠄ 《ᠮᠠᠨ᠎ᠤ ᠤᠯᠤᠰ᠎ᠤᠨ ᠬᠥᠭ᠌ᠵᠢᠯᠲᠡ ᠮᠥᠨ ᠬᠦ᠌ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ᠎ᠤᠨ ᠬᠤᠭᠤᠴᠠᠭᠠᠨ᠎ᠳᠤ ᠣᠷᠣᠱᠢᠵᠤ ᠪᠠᠢᠨ᠎ᠠ》᠂ 《ᠶᠡᠷᠦᠩᠬᠡᠢ᠎ᠳᠡᠭᠡᠨ ᠠᠵᠠ ᠲᠣᠬᠢᠶᠠᠯ ᠨᠢ ᠥᠷᠢᠰᠥᠯᠳᠦᠭᠡᠨ᠎ᠡᠴᠡ ᠶᠡᠬᠡ ᠪᠠᠢᠨ᠎ᠠ》 ᠭᠡᠳᠡᠭ ᠢ ᠲᠣᠳᠣᠷᠬᠠᠢᠯᠠᠵᠤ᠂ 《ᠲᠠᠪᠤᠨ ᠵᠠᠪᠠᠯ ᠶᠠᠪᠤᠬᠤ ᠵᠠᠮ》᠂ 《ᠲᠠᠪᠤᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠠᠱᠢᠭ᠍ᠲᠠᠢ ᠨᠥᠬᠥᠴᠡᠯ》 ᠭᠡᠬᠦ᠌ ᠴᠢᠬᠤᠯᠠ ᠶᠡᠬᠡ ᠨᠤᠲᠠᠯᠠᠯᠲᠠ ᠵᠢ ᠨᠡᠢᠳᠡᠯᠡᠪᠠ;
ᠨᠢᠭᠡᠨ ᠭᠣᠣᠯ ᠰᠡᠳᠦᠪ᠎ᠢ ᠪᠦᠬᠦ᠌ ᠶᠠᠪᠤᠴᠠ᠎ᠳᠤ ᠲᠤᠭᠤᠱᠢᠯᠠᠭᠤᠯᠪᠠ᠄《ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ》 ᠭᠡᠵᠦ᠍ ᠴᠢᠬᠤᠯᠠᠴᠢᠯᠠᠭ᠍ᠰᠠᠨ᠎ᠡᠴᠡ ᠠᠪᠤᠭᠠᠳ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠵᠠᠪᠠᠯ ᠶᠠᠪᠤᠬᠤ ᠵᠠᠮ᠂ ᠪᠠᠢᠯᠳᠤᠬᠤ ᠪᠤᠳᠤᠯᠭ᠎ᠠ᠎ᠶ᠋ᠢᠨ ᠰᠠᠭᠤᠷᠢ ᠴᠡᠭ᠂ ᠵᠠᠢᠯᠠᠰᠢ ᠦᠭᠡᠢ ᠱᠠᠭᠠᠷᠳᠠᠯᠭ᠎ᠠ᠂ ᠡᠴᠦᠰ᠎ᠦᠨ ᠵᠣᠷᠢᠯᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠭ᠌ᠰᠡᠨ ᠬᠦᠷᠲᠡᠯ᠎ᠡ᠂ ᠳᠠᠬᠢᠭᠠᠳ《ᠡᠷᠬᠡᠪᠰᠢ ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠬᠤ᠎ᠶ᠋ᠢ ᠱᠢᠨ᠎ᠡ ᠴᠠᠭ ᠦᠶ᠎ᠡ ᠶ᠋ᠢᠨ ᠬᠠᠲᠠᠭᠤ ᠶᠣᠰᠣ ᠪᠣᠯᠭᠠᠬᠤ ᠬᠡᠷᠡᠭ᠌ᠲᠡᠢ》 ᠭᠡᠵᠦ᠍ ᠵᠢᠭᠠᠵᠤ ᠭᠠᠷᠭᠠᠭ᠍ᠰᠠᠨ ᠬᠦᠷᠲᠡᠯ᠎ᠡ ᠁
ᠰᠢ ᠵᠢᠨ ᠫᠢᠩ ᠨᠥᠬᠥᠷ ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠲᠠᠯ᠎ᠠ ᠶ᠋ᠢ ᠶᠡᠷᠦᠩᠬᠡᠢᠯᠡᠨ ᠡᠵᠡᠮᠳᠡᠵᠦ᠍᠂ ᠲᠤᠭ ᠢ ᠮᠠᠨᠳᠤᠭᠤᠯᠤᠨ ᠴᠢᠭ᠌ᠯᠡᠯ ᠢ ᠲᠣᠭ᠍ᠲᠠᠭᠠᠵᠤ᠂ ᠳᠤᠮᠳᠠᠳᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠬᠦᠳᠦᠯᠦᠨ ᠳᠠᠭᠠᠭᠤᠯᠵᠤ ᠳᠠᠪᠠᠯᠭᠠᠨ ᠢ ᠵᠦᠰᠦᠨ ᠤᠷᠤᠭ᠍ᠰᠢᠯᠠᠪᠠ᠃
5 ᠵᠢᠯ ᠦᠨ ᠲᠤᠷᠰᠢ᠂ ᠠᠯᠢ ᠣᠯᠠᠨ ᠱᠢᠨ᠎ᠡ ᠣᠢᠯᠠᠭᠠᠭ᠍ᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠪᠠᠢᠯᠳᠤᠬᠤ ᠪᠣᠳᠣᠯᠭ᠎ᠠ᠎ᠶ᠋ᠢ ᠳᠤᠷᠠᠳᠴᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠲᠠᠰᠤᠷᠠᠯᠲᠠ ᠥᠬᠡᠶ ᠱᠢᠨ᠎ᠡ ᠳᠡᠭ᠌ᠲᠡᠷ᠎ᠲᠦ ᠭᠠᠷᠭᠠᠪᠠ —
ᠡᠨᠡ ᠵᠢᠯ ᠦᠨ ᠪᠦᠬᠦ᠌ ᠤᠯᠤᠰ ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠭᠤᠷᠪᠠᠳᠤᠭᠠᠷ ᠬᠤᠷᠠᠯ ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ 《ᠱᠢᠨ᠎ᠡ ᠶ᠋ᠢ ᠡᠭᠦᠳᠬᠦ᠌ ᠬᠡᠯᠬᠢᠶ᠎ᠡ ᠪᠣᠯᠤᠨ ᠠᠵᠤ ᠦᠢᠯᠡᠰ᠎ᠦᠨ ᠬᠡᠯᠬᠢᠶ᠎ᠡ᠎ᠶ᠋ᠢ ᠵᠠᠪᠰᠠᠷ ᠦᠭᠡᠢ ᠵᠣᠯᠭᠠᠭᠤᠯᠬᠤ ᠭᠡᠷᠡᠭᠳᠠᠢ》 ᠭᠡᠵᠦ᠍ ᠵᠢᠭᠠᠵᠤ ᠭᠠᠷᠭᠠᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ ᠢ ᠬᠥᠭ᠌ᠵᠢᠭᠦᠯᠬᠦ᠌᠎ᠳᠦ 《ᠭᠣᠣᠯᠳᠠᠯᠭ᠎ᠠ ᠵᠢ ᠲᠣᠭ᠍ᠲᠠᠭᠠᠵᠠᠢ》᠃
ᠣᠷᠣᠨ ᠨᠤᠲᠤᠭ ᠲᠤ ᠱᠢᠨᠵᠢᠯᠡᠨ ᠪᠠᠢᠴᠠᠭᠠᠬᠤ ᠳᠠᠭᠠᠨ ᠠᠩᠬ᠎ᠠ ᠤᠳᠠᠭ᠎ᠠ ᠳᠤᠷᠠᠳᠤᠭ᠍ᠰᠠᠨ᠎ᠡᠴᠡ ᠠᠪᠤᠭᠠᠳ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠬᠰᠠᠨ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠢ ᠬᠥᠭ᠌ᠵᠢᠭᠦᠯᠬᠦ᠌ ᠲᠤᠬᠠᠢ ᠠᠯᠢ ᠤᠯᠠᠨ ᠴᠢᠬᠤᠯᠠ ᠥᠭᠦᠯᠡᠯᠲᠡ᠂ ᠴᠢᠬᠤᠯᠠ ᠶᠡᠬᠡ ᠪᠠᠢᠷᠢᠯᠠᠭᠤᠯᠤᠯᠲᠠ ᠬᠢᠵᠦ᠍᠂ ᠠᠵᠤ ᠠᠬᠤᠢ ᠨᠡᠢᠭᠡᠮ ᠦᠨ ᠬᠥᠭ᠌ᠵᠢᠯᠲᠡ᠎ᠳᠦ ᠴᠢᠬᠤᠯᠠ ᠵᠢᠷᠤᠮᠯᠠᠯ ᠬᠠᠩᠭᠠᠪᠠ᠃
5 ᠵᠢᠯ ᠦᠨ ᠲᠤᠷᠰᠢ᠂ ᠨᠠᠮ ᠤᠨ ᠲᠥᠪ ᠬᠣᠷᠢᠶ᠎ᠠ ᠱᠢᠢᠳᠪᠦᠷᠢᠲᠦ ᠪᠤᠳᠤᠯᠭ᠎ᠠ ᠲᠤᠬᠳᠠᠭᠠᠨ᠂ ᠯᠠᠪᠳᠠᠭᠤᠨ ᠲᠣᠭ᠍ᠲᠠᠭᠤᠨ ᠢᠶᠠᠷ ᠬᠤᠪᠢᠷᠠᠯᠲᠠ ᠶ᠋ᠢ ᠠᠷᠭᠠᠴᠠᠭᠠᠵᠤ᠂ ᠵᠠᠩᠭᠢᠯᠠᠭ᠎ᠠ᠎ᠶ᠋ᠢᠨ ᠭᠣᠭ᠍ᠴᠣᠭᠠᠨᠢᠬᠡ ᠪᠦᠷᠢ ᠳ᠋ᠤ᠂ ᠵᠠᠩᠭᠢᠯᠠᠭ᠎ᠠ᠎ᠶ᠋ᠢᠨ ᠰᠣᠩᠭᠣᠯᠲᠠ ᠬᠢᠪᠠ —
2024 ᠣᠨ ᠤ ᠬᠣᠶᠠᠳᠤᠭᠠᠷ ᠤᠯᠠᠷᠢᠯ᠂ ᠭᠤᠷᠪᠠᠳᠤᠭᠠᠷ ᠤᠯᠠᠷᠢᠯ᠎ᠳᠤ᠂ ᠠᠵᠤ ᠠᠬᠤᠢ᠎ᠶ᠋ᠢᠨ ᠨᠡᠮᠡᠭ᠌ᠳᠡᠯ᠎ᠦᠨ ᠬᠤᠷᠳᠤᠴᠠ ᠤᠳᠠᠭᠠᠱᠢᠷᠠᠵᠤ᠂ ᠮᠠᠨ᠎ᠤ ᠤᠯᠤᠰ ᠨᠢᠭᠡ ᠦᠶ᠎ᠡ ᠠᠵᠤ ᠠᠬᠤᠢ᠎ᠶ᠋ᠢᠨ ᠮᠠᠭᠤᠳᠠᠯ᠎ᠤᠨ ᠳᠠᠷᠤᠯᠲᠠ ᠨᠡᠯᠢᠶᠡᠳ ᠶᠡᠬᠡ ᠪᠠᠢᠳᠠᠯ᠎ᠳᠤ ᠲᠤᠯᠭᠠᠷᠠᠪᠠ᠃
ᠲᠤᠰ ᠵᠢᠯ᠎ᠦᠨ 9 ᠰᠠᠷ᠎ᠠ᠎ᠶ᠋ᠢᠨ 26 ᠤ᠋ ᠡᠳᠦᠷ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠬᠤᠷᠠᠯ ᠬᠤᠷᠠᠯᠳᠤᠭᠤᠯᠵᠤ᠂ ᠵᠠᠩᠭᠢᠯᠠᠭ᠎ᠠ᠎ᠶ᠋ᠢᠨ ᠴᠠᠭ ᠮᠥᠴᠡ᠂ ᠴᠢᠬᠤᠯᠠ ᠵᠠᠩᠭᠢᠯᠠᠭ᠎ᠠ᠎ᠶ᠋ᠢᠨ ᠦᠶ᠎ᠡ ᠳᠦ᠂ ᠲᠤᠭ᠎ᠠ ᠵᠢ ᠨᠠᠮᠡᠭᠳᠡᠬᠦᠯᠬᠦ ᠰᠢᠷᠢᠰ ᠲᠦᠷᠦ᠍᠎ᠶ᠋ᠢᠨ ᠪᠤᠳᠤᠯᠭ᠎ᠠ᠎ᠶ᠋ᠢ ᠡᠷᠡᠰ ᠱᠢᠭᠤᠷᠬᠠᠢ ᠪᠠᠢᠷᠢᠯᠠᠭᠤᠯᠵᠤ᠂ ᠨᠡᠢᠭᠡᠮ᠎ᠦᠨ ᠢᠲᠡᠭᠡᠯ ᠢ ᠪᠦᠲᠦᠮᠵᠢᠲᠡᠢ ᠬᠥᠭ᠌ᠵᠢᠭᠡᠵᠦ᠍᠂ ᠠᠵᠤ ᠠᠬᠤᠢ ᠶ᠋ᠢ ᠮᠡᠳᠡᠭ᠌ᠳᠡᠮ᠎ᠡ ᠳᠡᠭᠡᠭ᠌ᠰᠢᠯᠡᠭᠦᠯᠵᠦ᠍᠂ ᠪᠦᠬᠦ᠌ ᠵᠢᠯ ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠪᠡ᠃
ᠵᠠᠩᠭᠢᠯᠠᠭ᠎ᠠ ᠵᠢ ᠠᠳᠬᠤᠨ ᠪᠦᠬᠦ ᠲᠠᠯ᠎ᠠ ᠵᠢ ᠲᠠᠢᠴᠢᠯᠠᠵᠤ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠣᠭ᠍ᠴᠣᠭ᠎ᠠ ᠳ᠋ᠤ ᠨᠠᠢᠳᠠᠪᠤᠷᠢᠵᠢᠭᠤᠯᠪᠠ
2024 ᠣᠨ ᠤ 8 ᠰᠠᠷ᠎ᠠ᠎ᠶ᠋ᠢᠨ 29 ᠤ᠋ ᠡᠳᠦᠷ᠂ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠤᠨ ᠳᠠᠷᠠᠭᠠᠬᠢ ᠠᠩᠬᠠᠳᠤᠭᠠᠷ ᠤᠳᠠᠭ᠎ᠠ ᠶ᠋ᠢᠨ ᠲᠥᠪ ᠦᠨ ᠥᠭᠡᠷᠡᠴᠢᠯᠡᠯᠲᠡ ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠬᠤᠷᠢᠶ᠎ᠠ ᠵᠢᠨ ᠬᠤᠷᠠᠯ ᠬᠤᠷᠠᠯᠳᠤᠪᠠ᠃
ᠬᠤᠷᠠᠯ᠎ᠡᠴᠡ᠄《ᠥᠭᠡᠷᠡᠴᠢᠯᠡᠯᠲᠡ᠎ᠶ᠋ᠢᠨ ᠲᠠᠯ᠎ᠠ ᠪᠡᠷ ᠬᠢ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠵᠢᠭᠠᠪᠤᠷᠢ ᠠᠪᠴᠤ᠌ ᠮᠡᠳᠡᠭᠦᠯᠬᠦ᠌ ᠲᠦᠷᠢᠮ᠎ᠢ ᠴᠢᠩᠭ᠎ᠠ ᠬᠡᠷᠡᠭ᠌ᠵᠢᠭᠦᠯᠬᠦ᠌ ᠬᠡᠷᠡᠭ᠌ᠲᠡᠢ᠃ ᠥᠭᠡᠷᠡᠴᠢᠯᠡᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠭᠣᠣᠯᠳᠠᠯᠭ᠎ᠠ ᠪᠣᠯᠤᠨ ᠤᠷᠢᠳ᠎ᠢᠶᠠᠷ ᠪᠣᠳᠣᠯᠬᠢᠯᠠᠬᠤ ᠴᠢᠭ᠌ᠯᠡᠯ᠎ᠢ ᠣᠨᠣᠪᠴᠢᠲᠠᠢ ᠡᠵᠡᠮᠳᠡᠵᠦ᠍᠂ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢᠨ ᠡᠮᠦᠨ᠎ᠡ ᠬᠣᠢᠨᠠᠬᠢ ᠲᠡᠰ ᠳᠠᠷᠠᠭᠠᠯᠠᠯ᠂ ᠬᠦᠭ ᠠᠢᠵᠠᠮ ᠴᠠᠭ ᠲᠣᠬᠢᠶᠠᠯ ᠢ ᠵᠣᠬᠢᠰᠲᠠᠢ ᠲᠤᠬᠢᠷᠠᠭᠤᠯᠬᠤ ᠬᠡᠷᠡᠭ᠌ᠲᠡᠢ᠃ ᠥᠭᠡᠷᠡᠴᠢᠯᠡᠯᠲᠡ ᠶ᠋ᠢ ᠠᠵᠤ ᠠᠬᠤᠢ ᠨᠡᠢᠭᠡᠮ ᠦᠨ ᠬᠥᠭ᠌ᠵᠢᠯᠲᠡᠯᠤᠭᠡ ᠨᠡᠩ ᠨᠢᠭ᠍ᠲᠠ ᠤᠶᠠᠯᠳᠤᠭᠤᠯᠵᠤ᠂ ᠪᠡᠯᠭᠡ ᠲᠡᠮᠳᠡᠭ᠎ᠦᠨ ᠴᠢᠨᠠᠷᠲᠠᠢ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠲᠦᠷᠭᠡᠳᠭᠡᠨ ᠨᠠᠢᠳᠠᠪᠤᠷᠢᠵᠢᠭᠤᠯᠬᠤ ᠬᠡᠷᠡᠭ᠌ᠲᠡᠢ᠃ ᠥᠭᠡᠷᠡᠴᠢᠯᠡᠯᠲᠡ᠎ᠶ᠋ᠢᠨ ᠱᠢᠰᠲ᠋ᠧᠮ᠎ᠦᠨ ᠲᠥᠪᠯᠡᠷᠡᠯ᠎ᠢ ᠴᠢᠩᠭᠠᠳᠭᠠᠵᠤ᠂ ᠥᠭᠡᠷᠡᠴᠢᠯᠡᠯᠲᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠨᠢᠭᠡᠳᠦᠯᠲᠦ ᠴᠢᠨᠠᠷ᠎ᠢ ᠴᠢᠩᠭᠠᠳᠭᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠵᠡᠭᠦᠯᠬᠦ᠌ ᠨᠥᠯᠥᠭᠡ᠎ᠶ᠋ᠢ ᠰᠠᠨᠠᠭᠠᠴᠢᠯᠠᠭ᠎ᠠ᠎ᠡᠴᠡ᠎ᠪᠠᠨ ᠦᠨᠡᠯᠡᠵᠦ᠍᠂ ᠥᠭᠡᠷᠡᠴᠢᠯᠡᠯᠲᠡ ᠪᠠ ᠬᠥᠭ᠌ᠵᠢᠯᠲᠡ᠎ᠶ᠋ᠢᠨ ᠬᠠᠮᠳᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ》 ᠭᠡᠵᠤ ᠴᠢᠬᠤᠯᠠᠴᠢᠯᠠᠪᠠ᠃
ᠭᠠᠭ᠍ᠴᠠ ᠬᠦ᠌ ᠨᠠᠮ᠎ᠤᠨ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠌᠂ ᠡᠯ᠎ᠡ ᠲᠠᠯ᠎ᠠ ᠶ᠋ᠢ ᠵᠣᠬᠢᠴᠠᠭᠤᠯᠬᠤ ᠤᠳᠤᠷᠢᠳᠭᠤ ᠭᠣᠣᠯᠯᠠᠭ᠍ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠪᠠᠯ ᠰᠠᠶᠢ ᠬᠦᠴᠦᠨ ᠴᠢᠳᠠᠯ ᠪᠣᠯᠤᠨ ᠡᠬᠢ ᠪᠠᠶᠠᠯᠢᠭ ᠢ ᠲᠥᠪᠯᠡᠷᠡᠭᠦᠯᠦᠨ ᠬᠠᠮᠵᠢᠯᠴᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠵᠦ᠍ ᠴᠢᠳᠠᠨ᠎ᠠ᠃
5 ᠵᠢᠯ᠎ᠦᠨ ᠲᠤᠷᠰᠢ᠂ ᠨᠠᠮ᠎ᠤᠨ ᠲᠥᠪ ᠬᠣᠷᠢᠢ᠎ᠠ ᠠᠯᠢ ᠤᠯᠠᠨ ᠠᠷᠭ᠎ᠠ ᠬᠡᠮᠵᠢᠢ᠎ᠡ ᠠᠪᠴᠤ᠌᠂ ᠪᠠᠢᠭᠤᠯᠤᠯ ᠲᠣᠭ᠍ᠲᠠᠴᠠ᠎ᠶ᠋ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠍᠂ ᠨᠠᠮ᠎ᠤᠨ ᠴᠢᠭ᠌ᠯᠡᠯ᠎ᠢ ᠡᠵᠡᠮᠳᠡᠬᠦ᠌᠂ ᠶᠡᠬᠡ ᠲᠠᠯ᠎ᠠ᠎ᠶ᠋ᠢ ᠬᠠᠮᠢᠶᠠᠷᠬᠤ᠂ ᠨᠠᠢᠳᠠᠪᠤᠷᠢᠵᠢᠭᠤᠯᠤᠯᠲᠠ᠎ᠶ᠋ᠢ ᠪᠠᠲᠤᠯᠠᠬᠤ ᠦᠢᠯᠡᠳᠦᠯ᠎ᠢ ᠢᠮᠠᠭ᠍ᠲᠠ ᠪᠠᠳᠠᠷᠠᠭᠤᠯᠬᠤ᠎ᠶ᠋ᠢ ᠪᠠᠲᠤᠯᠠᠪᠠ᠃
2025 ᠣᠨ᠎ᠤ 6 ᠰᠠᠷ᠎ᠠ᠎ᠶ᠋ᠢᠨ 30 ᠤ᠋ ᠡᠳᠦᠷ᠂ 《ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠬᠡᠷᠡᠭ ᠵᠥᠪᠯᠡᠬᠦ᠌ ᠵᠣᠬᠢᠴᠠᠭᠤᠯᠬᠤ ᠪᠠᠢᠭᠤᠯᠤᠮᠵᠢ᠎ᠶ᠋ᠢᠨ ᠠᠵᠢᠯ᠎ᠤᠨ ᠲᠦᠷᠢᠮ》 ᠢ᠋ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠤᠷᠠᠯ ᠳᠡᠭᠡᠷ᠎ᠡ ᠬᠢᠨᠠᠨ ᠵᠥᠪᠯᠡᠪᠡ᠃
ᠨᠠᠮ ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠬᠡᠷᠡᠭ ᠵᠥᠪᠯᠡᠬᠦ᠌ ᠵᠣᠬᠢᠴᠠᠭᠤᠯᠬᠤ ᠪᠠᠢᠭᠤᠯᠤᠮᠵᠢ᠎ᠶ᠋ᠢ ᠪᠠᠢᠭᠤᠯᠬᠤ ᠪᠣᠯ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠦᠷᠢᠨᠱᠢᠬᠦᠯᠬᠦ᠌᠂ ᠴᠢᠬᠤᠯᠠ ᠶᠡᠬᠡ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠴᠢᠬᠤᠯᠠ ᠲᠦᠷᠢᠮ ᠦᠨ ᠲᠤᠬᠢᠷᠠᠭᠤᠯᠤᠯᠳᠠ ᠪᠣᠯᠤᠨ᠎ᠠ᠃ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠬᠡᠷᠡᠭ ᠵᠥᠪᠯᠡᠬᠦ᠌ ᠵᠣᠬᠢᠴᠠᠭᠤᠯᠬᠤ ᠪᠠᠢᠭᠤᠯᠤᠮᠵᠢ ᠵᠢ ᠪᠠᠢᠭᠤᠯᠬᠤ᠂ ᠲᠤᠱᠢᠶᠠᠯ ᠬᠠᠷᠢᠭᠤᠴᠠᠯᠭ᠎ᠠ ᠪᠠ ᠠᠵᠢᠯᠯᠠᠭ᠎ᠠ᠎ᠶ᠋ᠢ ᠤᠯᠠᠮ ᠴᠢᠨᠠᠭ᠍ᠰᠢᠳᠠ ᠵᠢᠷᠤᠮᠵᠢᠭᠤᠯᠬᠤ ᠨᠢ ᠴᠢᠬᠤᠯᠠ ᠶᠡᠬᠡ ᠠᠵᠢᠯ᠎ᠤᠨ ᠦᠵᠦ᠍ ᠲᠥᠯᠥᠪᠯᠡᠭᠡ ᠵᠢ ᠬᠢᠬᠦ᠌᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭ᠍ᠴᠠ᠎ᠪᠠᠷ ᠠᠬᠢᠭᠤᠯᠬᠤ᠂ ᠱᠠᠯᠠᠪᠳᠠᠨ ᠨᠠᠢᠳᠠᠪᠤᠷᠢᠵᠢᠭᠤᠯᠬᠤ ᠡᠭᠦᠷᠭᠡ ᠴᠢᠳᠠᠪᠬᠢ᠎ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠲᠥᠪ ᠦᠨ ᠮᠥᠩᠭᠥᠨ ᠭᠦᠢᠯᠭᠡᠭᠡᠨ᠎ᠦ ᠬᠤᠷᠢᠶ᠎ᠠ᠂ ᠲᠥᠪ᠎ᠦᠨ ᠮᠥᠩᠭᠥᠨ ᠭᠦᠢᠯᠭᠡᠭᠡᠨ᠎ᠦ ᠠᠵᠢᠯ᠎ᠤᠨ ᠬᠤᠷᠢᠶ᠎ᠠ᠂ ᠲᠥᠪ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠷᠢᠶ᠎ᠠ᠂ ᠲᠥᠪ᠎ᠦᠨ ᠨᠡᠢᠭᠡᠮ᠎ᠦᠨ ᠠᠵᠢᠯ᠎ᠤᠨ ᠶᠠᠮᠤᠨ᠎ᠢ ᠪᠠᠢᠭᠤᠯᠪᠠ ᠁ ᠨᠠᠮ ᠪᠣᠯᠤᠨ ᠲᠦᠷᠦ᠍᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠠᠢᠭᠤᠯᠤᠮᠵᠢ᠎ᠶ᠋ᠢᠨ ᠲᠤᠱᠢᠶᠠᠯ ᠬᠠᠷᠢᠭᠤᠴᠠᠯᠭ᠎ᠠ᠎ᠶ᠋ᠢᠨ ᠲᠠᠯ᠎ᠠ᠎ᠡᠴᠡ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠬᠤ᠎ᠶ᠋ᠢ ᠡᠯ᠎ᠡ ᠬᠦᠷᠢᠶ᠎ᠡ ᠴᠠᠷᠠᠭ᠎ᠠ᠂ ᠡᠯ᠎ᠡ ᠲᠠᠯ᠎ᠠ᠂ ᠡᠯ᠎ᠡ ᠭᠣᠭ᠍ᠴᠣᠭ᠎ᠠ᠎ᠳᠤ ᠨᠠᠢᠳᠠᠪᠤᠷᠢᠵᠢᠭᠤᠯᠪᠠ᠃
ᠨᠠᠮ᠎ᠤᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠲᠥᠪ ᠬᠤᠷᠢᠶ᠎ᠠ ᠵᠢᠨ ᠪᠦᠭᠦᠳᠡ ᠬᠤᠷᠠᠯ᠎ᠡᠴᠡ ᠬᠥᠭ᠌ᠵᠢᠯᠲᠡ᠎ᠶ᠋ᠢᠨ ᠴᠢᠭ᠌ᠯᠡᠯ ᠢ ᠤᠬᠠᠭᠠᠯᠠᠨ ᠲᠣᠭ᠍ᠲᠠᠭᠠᠨ᠎ᠠ; ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠤᠷᠢᠶ᠎ᠠ ᠵᠢᠨ ᠬᠤᠷᠠᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠤᠷᠠᠯ᠎ᠡᠴᠡ ᠠᠵᠤ ᠠᠬᠤᠢ᠎ᠶ᠋ᠢᠨ ᠪᠠᠢᠳᠠᠯ ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠰᠤᠳᠤᠯᠤᠨ ᠵᠠᠳᠠᠯᠵᠤ᠂ ᠴᠢᠬᠤᠯᠠ ᠶᠡᠬᠡ ᠠᠵᠤ ᠠᠬᠤᠢ᠎ᠶ᠋ᠢᠨ ᠬᠡᠷᠡᠭ ᠶᠠᠪᠤᠳᠠᠯ᠎ᠤᠨ ᠱᠢᠢᠳᠪᠦᠷᠢᠲᠦ ᠪᠤᠳᠤᠯᠭ᠎ᠠ ᠵᠢ ᠲᠣᠭ᠍ᠲᠠᠭᠠᠨ᠎ᠠ ; ᠲᠥᠪ᠎ᠦᠨ ᠡᠳ᠋᠎ᠦᠨ ᠵᠠᠰᠠᠭ ᠠᠵᠤ ᠠᠬᠤᠢ᠎ᠶ᠋ᠢᠨ ᠬᠤᠷᠢᠶ᠎ᠠ᠎ᠵᠢᠨ ᠬᠤᠷᠠᠯ ᠪᠣᠯᠤᠨ ᠲᠥᠪ᠎ᠦᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠬᠤᠷᠢᠶ᠎ᠠ ᠵᠢᠨ ᠬᠤᠷᠠᠯ᠎ᠡᠴᠡ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠴᠢᠬᠤᠯᠠ ᠶᠡᠬᠡ ᠠᠰᠠᠭᠤᠳᠠᠯ ᠪᠣᠯᠤᠨ ᠴᠢᠬᠤᠯᠠ ᠶᠡᠬᠡ ᠥᠭᠡᠷᠡᠴᠢᠯᠡᠯᠲᠡ᠎ᠶ᠋ᠢ ᠰᠤᠳᠤᠯᠤᠨ᠎ᠠ ᠁ ᠨᠠᠮ᠎ᠤᠨ ᠴᠢᠬᠤᠯᠠ ᠶᠡᠬᠡ ᠠᠵᠢᠯ᠎ᠢ ᠤᠳᠤᠷᠢᠳᠭᠤ ᠪᠠᠢᠭᠤᠯᠤᠯ ᠳᠠᠰᠤᠷᠠᠯᠳᠠ ᠦᠭᠡᠢ ᠪᠦᠷᠢᠨᠰᠢᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠯᠠᠪᠳᠠᠭᠤᠨ ᠪᠠᠲᠤᠲᠠᠢ ᠤᠷᠤᠭ᠍ᠰᠢᠯᠠᠬᠤ᠎ᠶ᠋ᠢ ᠪᠠᠲᠤᠯᠠᠪᠠ᠃
ᠨᠢᠬᠡ ᠨᠢᠬᠡ ᠵᠢᠯ᠎ᠢᠶᠡᠷ ᠬᠢᠵᠦ᠍᠂ ᠨᠢᠬᠡ ᠨᠢᠬᠡ ᠠᠵᠢᠯ᠎ᠢᠶᠡᠷ ᠬᠦᠢᠴᠡᠳᠬᠡᠨ᠎ᠡ᠃
ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠪᠥᠲᠥᠭᠡᠨ ᠪᠠᠢᠭᠤᠯᠬᠤ ᠲᠤᠬᠠᠶ —《ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠲᠦᠷᠭᠡᠪᠴᠢᠯᠡᠨ ᠪᠥᠲᠥᠭᠡᠨ ᠪᠠᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠰᠠᠨᠠᠯ》 ᠳ᠋ᠤ ᠦᠵᠦ᠍ ᠲᠥᠯᠥᠪᠯᠡᠭᠡ᠎ᠶ᠋ᠢ ᠲᠣᠳᠣᠷᠬᠠᠶ ᠲᠣᠭ᠍ᠲᠠᠭᠠᠵᠤ᠂《ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢᠨ ᠵᠢᠯᠣᠭᠣᠳᠤᠮᠵᠢ(ᠲᠤᠷᠱᠢᠨ ᠬᠡᠷᠡᠭ᠌ᠵᠢᠭᠦᠯᠬᠦ᠌)》᠎ᠳ᠋ᠤ ᠵᠥᠪ ᠴᠢᠭ᠌ᠯᠡᠯ᠎ᠢᠶᠡᠷ ᠬᠥᠲᠥᠯᠦᠨ ᠵᠢᠯᠣᠭᠣᠳᠭᠤ ᠪᠠ ᠨᠠᠵᠠᠭᠠᠶ ᠲᠠᠯ᠎ᠠ᠎ᠵᠢᠨ ᠬᠢᠵᠠᠭᠠᠷᠯᠠᠯ᠎ᠢ ᠴᠢᠩᠭᠠᠳᠭᠠᠵᠤ᠂ ᠬᠣᠯᠪᠣᠭ᠍ᠳᠠᠯ ᠪᠥᠬᠥᠶ ᠢᠵᠢ ᠪᠥᠷᠢᠳᠦᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠵᠠᠬ᠎ᠠ ᠳᠡᠯᠭᠡᠭᠦᠷ᠎ᠦᠨ ᠪᠡᠬᠢᠯᠡᠯᠲᠡ᠎ᠶ᠋ᠢ ᠡᠪᠳᠡᠨ᠂ ᠲᠣᠨᠣᠭ ᠲᠥᠬᠥᠭᠡᠷᠦᠮᠵᠢ᠎ᠶ᠋ᠢᠨ ᠬᠠᠷᠢᠯᠴᠠᠨ ᠨᠡᠪᠳᠡᠷᠡᠯᠴᠡᠬᠦ ᠶ᠋ᠢ ᠠᠬᠢᠭᠤᠯᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠦᠯᠲᠡ᠎ᠶ᠋ᠢ ᠵᠢᠷᠤᠮᠵᠢᠭᠤᠯᠤᠨ᠂ 《ᠲᠦᠷᠪᠡᠨ ᠨᠢᠷᠤᠭᠤ ᠨᠠᠶ᠋ᠮᠠᠨ ᠲᠤᠯᠭᠠᠭᠤᠷᠢ》 ᠶ᠋ᠢ ᠦᠨᠳᠦᠰᠦᠨ᠎ᠳᠡᠭᠡᠨ ᠠᠯᠬᠤᠮ ᠠᠯᠬᠤᠮ᠎ᠢᠶᠠᠷ ᠪᠠᠢᠭᠤᠯᠪᠠ ;
ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠲᠤᠬᠠᠢ — ᠨᠠᠮ᠎ᠤᠨ ᠲᠥᠪ ᠬᠣᠷᠢᠢ᠎ᠠ ᠪᠦᠬᠦ᠌ ᠲᠠᠯ᠎ᠠ ᠡᠴᠡ ᠪᠠᠢᠳᠠᠯ᠎ᠢ ᠪᠣᠳᠣᠯᠬᠢᠯᠠᠵᠤ᠂ ᠵᠠᠩᠭᠢᠯᠠᠭ᠎ᠠ᠎ᠶ᠋ᠢᠨ ᠭᠠᠵᠠᠷ᠎ᠲᠤ ᠨᠠᠢᠳᠠᠪᠤᠷᠢᠵᠢᠭᠤᠯᠵᠤ᠂ ᠡᠯ᠎ᠡ ᠭᠠᠵᠠᠷ ᠣᠷᠣᠨ ᠪᠦᠬᠦ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠡᠬᠢ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠢ ᠣᠯᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠪᠠ; ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ ᠵᠡᠷᠭᠡ ᠭᠤᠷᠪᠠᠨ ᠶᠡᠬᠡ ᠬᠤᠳᠠ᠎ᠶ᠋ᠢᠨ ᠪᠦᠯᠦᠭ᠌ᠵᠢᠯ ᠨᠢ ᠶᠠᠭ ᠰᠠᠢᠬᠠᠨ ᠪᠦᠬᠦ᠌ ᠤᠯᠤᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠴᠢᠬᠤᠯᠠ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠪᠤᠯᠵᠤ᠂ ᠪᠠᠷᠠᠭᠤᠨ ᠤᠷᠤᠨ᠂ ᠵᠡᠭᠦᠨ ᠬᠣᠢᠲᠤ ᠣᠷᠣᠨ᠂ ᠳᠤᠮᠳᠠ ᠤᠷᠤᠨ᠂ ᠵᠡᠭᠦᠨ ᠤᠷᠤᠨ ᠵᠡᠷᠭᠡ ᠳᠦᠷᠪᠡᠨ ᠶᠡᠬᠡ ᠣᠷᠣᠨ ᠪᠦᠰᠡ᠎ᠶ᠋ᠢᠨ ᠬᠡᠰᠡᠭ ᠲᠤᠰ ᠲᠤᠰ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠬᠠᠮᠵᠢᠯᠴᠠᠨ ᠬᠥᠭ᠌ᠵᠢᠬᠦ᠌ ᠬᠠᠨᠳᠤᠰᠢ ᠨᠡᠩ ᠢᠯᠡ ᠲᠣᠳᠣ ᠪᠤᠯᠵᠤ᠂ ᠨᠢᠭᠡ ᠬᠥᠯᠭᠡ ᠱᠢᠳᠠᠷ᠎ᠠ᠎ᠶ᠋ᠢᠨ ᠶᠡᠬᠡ ᠲᠠᠯ᠎ᠠ ᠲᠣᠳᠣᠷᠬᠠᠢ ᠪᠤᠯᠵᠤ᠂ ᠬᠠᠮᠳᠤᠳᠠ ᠬᠦᠴᠦᠯᠡᠪᠡ; ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢᠨ ᠲᠦᠷᠢᠮ᠎ᠦᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠦᠲᠦᠮᠵᠢᠲᠡᠶ ᠪᠣᠳᠠᠲᠠᠶ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠶ᠋ᠢ ᠦᠨᠡᠨ ᠬᠦ᠌ ᠪᠠᠲᠤᠯᠠᠵᠤ᠂ ᠡᠯ᠎ᠡ ᠭᠠᠵᠠᠷ ᠣᠷᠣᠨ ᠡᠯ᠎ᠡ ᠬᠦᠷᠢᠶ᠎ᠡ ᠴᠠᠷᠠᠭ᠎ᠠ᠎ᠶ᠋ᠢ ᠬᠦᠴᠦᠲᠡᠶ ᠵᠢᠯᠣᠭᠣᠳᠴᠤ᠌᠂ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠪᠠ᠃
ᠲᠣᠭ᠎ᠢ ᠮᠠᠨᠳᠤᠭᠤᠯᠤᠨ ᠡᠷᠡᠮᠡᠬᠡᠢᠯᠡᠨ ᠤᠷᠤᠭ᠍ᠰᠢᠯᠠᠵᠤ ᠪᠣᠳᠠᠲᠠᠶ ᠠᠵᠢᠯᠯᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ
2025 ᠣᠨ᠎ᠤ 9 ᠰᠠᠷ᠎ᠠ᠎ᠶ᠋ᠢᠨ 29 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ ᠬᠤᠷᠠᠯ ᠬᠤᠷᠠᠯᠳᠤᠭᠤᠯᠵᠤ᠂ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠴᠢᠬᠤᠯᠠ ᠶᠡᠬᠡ ᠠᠰᠠᠭᠤᠳᠠᠯ᠎ᠢ ᠰᠤᠳᠤᠯᠤᠨ ᠲᠣᠭ᠍ᠲᠠᠭᠠᠵᠤ᠂《ᠡᠷᠬᠡᠪᠰᠢ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠤᠳᠤᠷᠢᠳᠤᠯᠭ᠎ᠠ᠎ᠶ᠋ᠢ ᠠᠵᠤ ᠠᠬᠤᠶ ᠨᠡᠢᠭᠡᠮ ᠦᠨ ᠬᠥᠭ᠌ᠵᠢᠯᠲᠡ᠎ᠶ᠋ᠢᠨ ᠡᠯ᠎ᠡ ᠲᠠᠯ᠎ᠠ᠎ᠶ᠋ᠢᠨ ᠪᠥᠬᠥ᠌ ᠶᠠᠪᠤᠴᠠ᠎ᠳᠤ ᠲᠤᠭᠤᠱᠢᠯᠠᠭᠤᠯᠬᠤ ᠬᠡᠷᠡᠭ᠌ᠲᠡᠶ》 ᠭᠡᠵᠦ᠍ ᠴᠢᠬᠤᠯᠠᠴᠢᠯᠠᠪᠠ᠃
ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍ ᠰᠠᠭᠤᠷᠢ᠎ᠶ᠋ᠢ ᠪᠡᠬᠢᠵᠢᠭᠦᠯᠦᠨ᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠂ ᠣᠩᠭᠣᠴᠠ ᠤᠷᠤᠰᠭᠠᠯ᠎ᠤᠨ ᠳᠤᠮᠳᠠ ᠬᠦᠷᠬᠦ᠌ ᠦᠶ᠎ᠡ᠎ᠳᠦ ᠳᠠᠪᠠᠯᠭᠠᠨ ᠨᠡᠩ ᠱᠢᠷᠦᠭᠦᠰᠴᠦ᠍᠂ ᠬᠥᠮᠦᠨ ᠠᠭᠤᠯᠠ᠎ᠶ᠋ᠢᠨ ᠬᠢᠷ᠎ᠠ᠎ᠳᠤ ᠬᠦᠷᠬᠦ᠌ ᠦᠶ᠎ᠡ᠎ᠳᠦ ᠠᠭᠤᠯᠠᠨ ᠵᠠᠮ ᠨᠡᠩ ᠡᠭ᠌ᠴᠡ ᠪᠣᠯᠤᠨ᠎ᠠ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠣᠯ ᠡᠷᠬᠡᠪᠰᠢ ᠵᠢᠷᠤᠮᠯᠠᠬᠤ ᠲᠡᠷᠢᠭᠦᠨ ᠴᠢᠬᠤᠯᠠ ᠵᠠᠷᠴᠢᠮ ᠮᠥᠨ᠃
ᠢᠷᠡᠭᠡᠳᠦᠢ ᠵᠢ ᠪᠠᠷᠠᠯᠠᠬᠤᠶ᠎ᠠ᠂ ᠦᠵᠡᠯ ᠰᠠᠨᠠᠭᠠᠨ᠎ᠤ ᠲᠠᠯ᠎ᠠ᠎ᠪᠠᠷ ᠨᠡᠩ ᠨᠢᠭᠡᠳᠦᠯᠲᠡᠢ᠂ ᠤᠯᠤᠰ ᠲᠦᠷᠦ᠍᠎ᠶ᠋ᠢᠨ ᠲᠠᠯ᠎ᠠ᠎ᠪᠠᠷ ᠨᠡᠩ ᠪᠦᠯᠬᠦᠮᠳᠡᠯ᠎ᠲᠡᠶ᠂ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠨᠡᠩ ᠨᠢᠭᠡᠳᠦᠯᠲᠡᠢ ᠪᠠᠢᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠵᠥᠪ ᠴᠢᠭ᠌ᠯᠡᠯ᠎ᠢ ᠪᠠᠲᠤ ᠡᠵᠡᠮᠳᠡᠬᠦ᠌ ᠬᠡᠷᠡᠭ᠌ᠲᠡᠢ᠃
《ᠡᠯ᠎ᠡ ᠭᠠᠵᠠᠷ ᠣᠷᠣᠨ᠎ᠤ ᠬᠢᠨ〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠲᠥᠯᠥᠪᠵᠢᠭᠦᠯᠬᠦ᠌᠎ᠳᠡᠭᠡᠨ ᠪᠦᠬᠦ᠌ ᠤᠯᠤᠰ᠎ᠤᠨ ᠶᠡᠬᠡ ᠲᠠᠯᠠᠲᠤᠮᠳᠠ ᠪᠠᠢᠷᠢ ᠲᠣᠭ᠍ᠲᠠᠭᠠᠯᠲᠠ ᠪᠠᠨ ᠣᠨᠣᠪᠴᠢᠲᠠᠢ ᠲᠤᠬᠳᠠᠭᠠᠵᠤ᠂ ᠲᠥᠯᠥᠪᠵᠢᠭᠦᠯᠭᠡ᠎ᠶ᠋ᠢ ᠵᠣᠯᠭᠠᠭᠤᠯᠬᠤ᠎ᠶ᠋ᠢ ᠴᠢᠩᠭᠠᠳᠭᠠᠬᠤ ᠬᠡᠷᠡᠭ᠌ᠲᠡᠢ》᠃ ᠡᠨᠡ ᠵᠢᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠤᠨ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠴᠣᠬᠣᠯᠠᠪᠤᠷᠢ ᠥᠭ᠌ᠴᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ᠎ᠤ ᠲᠥᠯᠥᠪᠵᠢᠭᠦᠯᠦᠨ ᠪᠠᠢᠷᠢᠯᠠᠭᠤᠯᠬᠤ᠎ᠳᠤ ᠦᠨᠳᠦᠰᠦᠨ ᠵᠢᠷᠤᠮᠯᠠᠯ ᠬᠠᠩᠭᠠᠪᠠ᠃
ᠵᠧᠵᠢᠶᠠᠩ ᠮᠤᠵᠢ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠲᠤᠰᠭᠠᠢ ᠰᠡᠳᠦᠪᠲᠦ ᠬᠤᠷᠠᠯ ᠬᠤᠷᠠᠯᠳᠤᠭᠤᠯᠵᠤ᠂《ᠴᠢᠨᠠᠷ ᠰᠠᠢᠲᠠᠢ ᠬᠥᠭ᠌ᠵᠢᠯᠲᠡ᠎ᠪᠡᠷ ᠬᠠᠮᠲᠤ᠎ᠪᠠᠷ ᠪᠠᠶᠠᠵᠢᠬᠤ ᠵᠢᠱ᠌ᠢᠢ᠎ᠡ ᠦᠵᠡᠭᠦᠯᠬᠦ᠌ ᠣᠷᠣᠨ᠎ᠢ ᠪᠦᠳᠦᠭᠡᠨ ᠪᠠᠢᠭᠤᠯᠬᠤ》 ᠪᠡᠷ ᠭᠣᠣᠯ ᠡᠭᠦᠷᠭᠡ ᠪᠣᠯᠭᠠᠪᠠ; ᠱᠠᠨᠳᠦ᠋ᠩ ᠮᠤᠵᠢ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠰᠠᠨᠠᠯ ᠬᠤᠷᠢᠶᠠᠬᠤ ᠠᠵᠢᠯᠯᠠᠭ᠎ᠠ ᠥᠷᠨᠢᠭᠦᠯᠵᠦ᠍᠂ ᠴᠢᠨᠠᠷ ᠰᠠᠢᠲᠠᠶ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠪᠠᠷ ᠳᠠᠮᠵᠢᠨ ᠤᠮᠠᠷᠠᠲᠤ ᠣᠷᠣᠨ᠎ᠤ ᠠᠵᠤ ᠠᠬᠤᠶ᠎ᠶ᠋ᠢᠨ ᠴᠢᠬᠤᠯᠠ ᠨᠡᠮᠡᠭ᠌ᠳᠡᠯ᠎ᠦᠨ ᠲᠤᠢᠯ᠎ᠢ ᠪᠣᠶ ᠪᠣᠯᠭᠠᠨ᠎ᠠ ; ᠾᠧᠨᠠᠨ ᠮᠤᠵᠢ ᠳᠤᠮᠳᠠ ᠬᠡᠰᠡᠭ᠎ᠦᠨ ᠭᠠᠵᠠᠷ ᠣᠷᠣᠨ᠎ᠤ ᠲᠦᠷᠭᠡᠨ ᠬᠥᠭ᠌ᠵᠢᠬᠦ᠌᠎ᠶ᠋ᠢ ᠠᠬᠢᠭᠤᠯᠬᠤ ᠪᠠᠢᠯᠳᠤᠬᠤ ᠪᠣᠳᠣᠯᠭ᠎ᠠ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠠᠢᠯᠳᠤᠬᠤ ᠪᠣᠳᠣᠯᠭ᠎ᠠ᠎ᠶ᠋ᠢ ᠡᠷᠡᠰ ᠨᠠᠢᠳᠠᠪᠤᠷᠢᠵᠢᠭᠤᠯᠤᠨ᠎ᠠ ᠭᠡᠵᠦ᠍ ᠳᠤᠷᠠᠳᠪᠠ ᠁
ᠬᠠᠷᠠᠯᠲᠠ᠎ᠲᠠᠶ᠂ ᠲᠥᠯᠥᠪᠵᠢᠭᠦᠯᠭᠡ᠎ᠲᠡᠶ᠂ ᠪᠠᠢᠯᠳᠤᠬᠤ ᠪᠣᠳᠣᠯᠭ᠎ᠠ᠎ᠲᠠᠶ᠂ ᠳᠤᠮᠳᠠᠳᠤ ᠤᠯᠤᠰ᠎ᠤᠨ ᠮᠠᠶᠢᠭ ᠤᠨ ᠣᠳᠣᠬᠢᠴᠢᠯᠠᠯᠲᠠᠶᠠᠭ ᠠᠯᠬᠤᠮ ᠠᠯᠬᠤᠮ ᠵᠢᠡᠷ ᠯᠠᠪᠳᠠᠭᠤᠨ ᠪᠠᠲᠤᠲᠠᠶ ᠠᠬᠢᠵᠤ ᠪᠠᠢᠨ᠎ᠠ᠃
ᠢᠷᠡᠭᠡᠳᠦᠢ᠎ᠵᠢ ᠪᠠᠷᠠᠯᠠᠬᠤᠶ᠎ᠠ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭ᠌ᠵᠢᠯᠲᠡ ᠶ᠋ᠢ ᠬᠦᠳᠦᠯᠦᠨ ᠳᠠᠭᠠᠭᠤᠯᠵᠤ᠂ ᠪᠣᠳᠠᠲᠠᠢ ᠠᠵᠢᠯᠯᠠᠵᠤ ᠡᠷᠡᠯᠬᠡᠭᠯᠡᠨ ᠤᠷᠤᠭ᠍ᠰᠢᠯᠠᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃
ᠥᠭᠡᠷᠡᠴᠢᠯᠡᠯᠲᠡ ᠬᠦᠭᠵᠢᠯᠲᠡ ᠵᠢ ᠲᠣᠭ᠍ᠲᠠᠭᠤᠨ ᠪᠠᠢᠯᠭᠠᠬᠤᠬᠠᠲᠠᠭᠤ ᠪᠡᠷᠬᠡ ᠬᠦᠨᠳᠦ ᠡᠭᠦᠷᠭᠡ᠎ᠶ᠋ᠢᠨ ᠡᠮᠦᠨ᠎ᠡ᠂ ᠨᠠᠮ᠎ᠤᠨ ᠭᠡᠱᠢᠭᠦᠨ ᠺᠠᠳ᠋ᠷᠴᠤᠳ᠎ᠤᠨ ᠴᠤᠭ ᠵᠢᠪᠬᠤᠭ᠎ᠠ ᠲᠡᠭᠦᠯᠳᠡᠷ᠂ ᠠᠵᠢᠯ᠎ᠳᠠᠭᠠᠨ ᠴᠠᠭᠠᠷᠠᠭ᠍ᠰᠠᠨ ᠠᠵᠢᠯ᠎ᠤᠨ ᠰᠤᠷᠲᠠᠯ ᠪᠣᠯ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ ᠪᠠᠲᠤ ᠴᠢᠩᠭ᠎ᠠ ᠪᠠᠲᠤᠯᠠᠭ᠎ᠠ ᠮᠥᠨ᠃
ᠢᠷᠡᠭᠡᠳᠦᠢ᠎ᠵᠢ ᠪᠠᠷᠠᠯᠠᠬᠤᠶ᠎ᠠ᠂ ᠡᠯ᠎ᠡ ᠵᠦᠢᠯ᠎ᠦᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠬᠦᠴᠦᠨ᠎ᠢᠶᠡᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠬᠦ᠌ ᠬᠡᠷᠡᠭ᠌ᠲᠡᠢ᠃
ᠲᠡᠷᠢᠭᠦᠨ ᠴᠢᠬᠤᠯᠠ ᠡᠭᠦᠷᠭᠡ᠎ᠶ᠋ᠢ ᠲᠣᠭ᠍ᠲᠠᠭᠠᠵᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠬᠥᠭ᠌ᠵᠢᠯᠲᠡ᠎ᠶ᠋ᠢᠨ ᠢᠲᠡᠭᠡᠯ ᠢᠶᠡᠨ ᠪᠠᠲᠤᠳᠭᠠᠵᠤ᠂ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠪᠠᠯ ᠯᠠᠪᠲᠠᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠴᠢᠬᠤᠯᠠ ᠶᠡᠬᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠵᠤ᠂ ᠨᠡᠢᠭᠡᠮ ᠵᠢᠷᠤᠮ ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠱᠢᠢᠳᠪᠦᠷᠢᠲᠦ ᠴᠢᠨᠠᠷᠲᠠᠢ ᠠᠬᠢᠴᠠ᠎ᠲᠠᠶ ᠪᠣᠯᠬᠤ᠎ᠶ᠋ᠢ ᠪᠠᠲᠤᠯᠠᠵᠤ ᠴᠢᠳᠠᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 10 ᠰᠠᠷ᠎ᠠ ᠵᠢᠨ 14 ᠤ᠋ ᠴᠠᠬᠢᠯᠭᠠᠨ ᠮᠡᠳᠡᠭᠡ ᠡᠴᠡ)