ᠠᠯᠳᠠᠨ ᠨᠠᠮᠤᠷ᠎ᠤᠨ ᠪᠡᠭᠡᠵᠢᠩ᠎ᠳᠦ᠂ ᠪᠦᠬᠦ ᠲᠡᠯᠡᠭᠡᠢ ᠵᠢᠨ ᠡᠮᠡᠭ᠌ᠲᠡᠢᠴᠦᠳ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠪᠠᠰᠠ ᠨᠢᠭᠡᠨ ᠬᠥᠱᠢᠢ᠎ᠡ ᠲᠡᠮᠳᠡᠭ ᠤ᠋ᠨ ᠴᠠᠭ ᠮᠥᠴᠡ᠎ᠶ᠋ᠢ ᠭᠡᠷᠡᠴᠢᠯᠡᠪᠡ᠃ ᠲᠡᠯᠡᠭᠡᠢ ᠵᠢᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ᠎ᠤᠨ ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠲᠡᠷᠢᠭᠦᠯᠡᠭ᠌ᠴᠢ ᠰᠢ ᠵᠢᠨ ᠫᠢᠩ ᠭᠣᠣᠯ ᠵᠤᠷᠢᠯᠳᠠᠳᠤ ᠶᠠᠷᠢᠶ᠎ᠠ ᠲᠠᠯᠪᠢᠵᠤ᠂ ᠪᠡᠭᠡᠵᠢᠩᠳ᠋ᠡᠬᠢ ᠳᠡᠯᠡᠬᠡᠢ᠎ᠶ᠋ᠢᠨ ᠡᠮᠡᠭ᠌ᠲᠡᠢᠴᠦᠳ᠎ᠦᠨ ᠶᠡᠬᠡ ᠬᠤᠷᠠᠯ ᠬᠤᠷᠠᠯᠳᠤᠭ᠍ᠰᠠᠨ 30 ᠵᠢᠯ ᠦᠨ ᠲᠤᠷᠱᠢᠬᠢ ᠪᠦᠬᠦ ᠲᠡᠯᠡᠭᠡᠢ ᠵᠢᠨ ᠡᠮᠡᠭ᠌ᠲᠡᠢᠴᠦᠳ᠎ᠦᠨ ᠠᠵᠢᠯ ᠦᠢᠯᠡᠰ᠎ᠦᠨ ᠣᠯᠤᠭ᠍ᠰᠠᠨ ᠢᠯᠡᠳᠲᠡ ᠠᠮᠵᠢᠯᠲᠠ᠎ᠶ᠋ᠢ ᠡᠷᠭᠢᠴᠡᠭᠦᠯᠵᠦ᠍᠂ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠲᠤᠯᠭᠠᠷᠠᠵᠤ ᠪᠠᠢᠭ᠎ᠠ ᠠᠵᠠ ᠲᠣᠬᠢᠶᠠᠯ ᠥᠷᠢᠰᠥᠯᠳᠦᠭᠡᠨ᠎ᠢ ᠭᠦᠨᠵᠡᠭᠡᠢ ᠵᠠᠳᠠᠯᠵᠤ᠂ ᠪᠦᠬᠦ ᠲᠡᠯᠡᠭᠡᠢ ᠵᠢᠨ ᠡᠮᠡᠭ᠌ᠲᠡᠢᠴᠦᠳ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠲᠤᠬᠠᠢ ᠱᠢᠨ᠎ᠡ ᠰᠠᠨᠠᠭᠠᠴᠢᠯᠠᠭ᠎ᠠ ᠱᠢᠨ᠎ᠡ ᠠᠷᠭ᠎ᠠ ᠬᠡᠮᠵᠢᠶ᠎ᠡ᠎ᠶ᠋ᠢ ᠳᠤᠷᠠᠳᠴᠠᠢ᠃ ᠶᠠᠷᠢᠶ᠎ᠠ ᠨᠢ ᠥᠨᠳᠥᠷ᠎ᠲᠦ ᠵᠣᠭ᠍ᠰᠣᠨ ᠠᠯᠤᠰ ᠢ ᠪᠠᠷᠠᠯᠠᠵᠦ᠍᠂ ᠠᠭᠤᠯᠤᠭ᠍ᠳᠠᠬᠤᠨ ᠨᠢ ᠡᠯᠪᠡᠭ ᠪᠠᠶᠠᠯᠢᠭ ᠪᠠᠢᠵᠤ᠂ ᠲᠤᠮᠤ ᠤᠯᠤᠰ ᠤᠨ ᠤᠳᠤᠷᠢᠳᠤᠭ᠍ᠴᠢ᠎ᠶ᠋ᠢᠨ ᠬᠤᠯᠠ᠎ᠶ᠋ᠢᠨ ᠬᠠᠷᠠᠴᠠ ᠬᠤᠷᠴᠠ ᠲᠠᠨᠢᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠢᠯᠡᠷᠡᠭᠦᠯᠵᠦ᠍᠂ ᠪᠦᠬᠦ ᠲᠡᠯᠡᠭᠡᠢ ᠵᠢᠨ ᠡᠮᠡᠭ᠌ᠲᠡᠢᠴᠦᠳ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠦᠵᠡᠯ ᠰᠠᠨᠠᠭᠠᠨ᠎ᠤ ᠵᠢᠯᠤᠭᠤᠳᠤᠯᠭ᠎ᠠ ᠪᠠ ᠠᠵᠢᠯᠯᠠᠭᠠᠨ᠎ᠤ ᠵᠦᠭ᠌ᠯᠡᠭᠦᠷ ᠬᠠᠩᠭᠠᠪᠠ᠃
ᠡᠨᠡ ᠤᠳᠠᠭ᠎ᠠ᠎ᠶ᠋ᠢᠨ ᠲᠡᠯᠡᠭᠡᠢ ᠵᠢᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ ᠬᠤᠷᠠᠯᠳᠤᠭ᠍ᠰᠠᠨ ᠨᠢ ᠶᠠᠭ ᠪᠡᠭᠡᠵᠢᠩᠳ᠋ᠡᠬᠢ ᠳᠡᠯᠡᠬᠡᠢ᠎ᠶ᠋ᠢᠨ ᠡᠮᠡᠭ᠌ᠲᠡᠢᠴᠦᠳ᠎ᠦᠨ ᠶᠡᠭᠡ ᠬᠤᠷᠠᠯ ᠬᠤᠷᠠᠯᠳᠤᠭ᠍ᠰᠠᠨ 30 ᠵᠢᠯ᠎ᠦᠨ ᠤᠢ ᠪᠣᠯᠤᠨ᠎ᠠ᠃ ᠭᠤᠴᠢᠨ ᠵᠢᠯ ᠭᠠᠷ ᠬᠣᠯᠪᠣᠯᠴᠠᠨ ᠡᠷᠡᠮᠡᠭᠡᠢᠯᠡᠨ ᠤᠷᠤᠭ᠍ᠰᠢᠯᠠᠵᠤ᠂ ᠭᠤᠴᠢᠨ ᠵᠢᠯ᠎ᠦᠨ ᠱᠢᠷᠭᠠᠭᠤ ᠴᠢᠷᠮᠠᠢᠯᠭ᠎ᠠ ᠦᠷ᠎ᠡ ᠪᠦᠲᠦᠮᠵᠢ ᠤᠯᠪᠠ᠃ ᠪᠡᠭᠡᠵᠢᠩ ᠳ᠋ᠡᠬᠢ ᠳᠡᠯᠡᠬᠡᠢ᠎ᠶ᠋ᠢᠨ ᠡᠮᠡᠭ᠌ᠲᠡᠢᠴᠦᠳ᠎ᠦᠨ ᠶᠡᠭᠡ ᠬᠤᠷᠠᠯ ᠤᠨ ᠵᠣᠷᠢᠭ ᠰᠠᠨᠠᠭᠠᠨ᠎ᠤ ᠵᠢᠯᠤᠭᠤᠳᠤᠯᠭ᠎ᠠ ᠳᠣᠣᠷ᠎ᠠ᠂ ᠪᠦᠬᠦ ᠲᠡᠯᠡᠭᠡᠢ ᠵᠢᠨ ᠡᠮᠡᠭ᠌ᠲᠡᠢᠴᠦᠳ᠎ᠦᠨ ᠠᠵᠢᠯ ᠦᠢᠯᠡᠰ ᠥᠷᠨᠢᠨ ᠬᠥᠭ᠌ᠵᠢᠵᠦ᠍᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠲᠠᠪᠱᠢᠯᠳᠠ᠎ᠳᠤ ᠦᠵᠡᠰᠭᠦᠯᠡᠩᠲᠦ ᠰᠠᠢᠬᠠᠨ ᠦᠩᠭᠡ ᠪᠤᠳᠤᠭ ᠨᠡᠮᠡᠷᠢᠯᠡᠪᠡ᠃ ᠬᠦᠢᠰᠤ ᠵᠢᠨ ᠢᠯᠭᠠᠯ ᠡᠷᠬᠡ ᠲᠡᠭ᠌ᠰᠢ ᠪᠠᠢᠬᠤ᠎ᠶ᠋ᠢ ᠬᠥᠭᠡᠭᠡᠴᠡᠯᠳᠦᠬᠦ᠌ ᠨᠢ ᠳᠡᠯᠡᠬᠡᠢ ᠨᠡᠢᠭᠡᠮ ᠤ᠋ᠨ ᠨᠡᠢᠳᠡᠮ᠎ᠦᠨ ᠬᠠᠮᠲᠤ᠎ᠶ᠋ᠢᠨ ᠲᠠᠨᠢᠯᠲᠠ ᠪᠤᠯᠬᠤ ᠦᠶ᠎ᠠ ᠳ᠋ᠤ᠂ ᠡᠮᠡᠭ᠌ᠲᠡᠢᠴᠦᠳ ᠦᠨ ᠣᠷᠣᠱᠢᠨ ᠲᠣᠭ᠍ᠲᠠᠨᠢᠬᠤ ᠪᠠ ᠬᠥᠭ᠌ᠵᠢᠬᠦ᠌ ᠣᠷᠴᠢᠨ ᠨᠥᠬᠥᠴᠡᠯ ᠦᠷᠭᠦᠯᠵᠢᠯᠡᠨ ᠱᠢᠯᠢᠳᠡᠭ᠌ᠵᠢᠵᠦ᠍᠂ ᠠᠵᠤ ᠠᠬᠤᠢ᠂ ᠤᠯᠤᠰ ᠲᠦᠷᠦ᠍᠂ ᠰᠣᠶᠣᠯ᠂ ᠨᠡᠢᠭᠡᠮ᠎ᠦᠨ ᠠᠮᠢᠳᠤᠷᠠᠯ᠎ᠤᠨ ᠳᠤᠮᠳᠠ ᠨᠡᠩ ᠴᠢᠬᠤᠯᠠ ᠦᠢᠯᠡᠳᠦᠯ ᠢᠶᠡᠨ ᠪᠠᠳᠠᠷᠠᠭᠤᠯᠬᠤ ᠪᠤᠯᠤᠨ᠎ᠠ᠂ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ ᠶ᠋ᠢ ᠪᠡᠶᠡᠯᠡᠭᠦᠯᠬᠦ᠌᠎ᠳᠦ ᠮᠥᠨ ᠯᠡ ᠲᠠᠢ᠌ᠨ ᠳᠠᠵᠢᠨ ᠮᠥᠷᠭᠥᠯᠳᠦᠭᠡᠨ᠂ ᠲᠤᠢᠯ᠎ᠤᠨ ᠶᠠᠳᠠᠭᠤ ᠬᠦᠴᠢᠷᠳᠡᠯ ᠵᠡᠷᠭᠡ ᠪᠤᠳᠤᠯᠢᠶᠠᠨᠲᠠᠢ ᠥᠷᠢᠰᠥᠯᠳᠦᠭᠡᠨ᠎ᠳᠦ ᠲᠤᠯᠭᠠᠷᠠᠵᠤ ᠪᠠᠢᠬᠤ ᠵᠢ ᠪᠢᠳᠠ ᠪᠠᠰᠠ ᠤᠮᠳᠤᠭᠠᠢᠯᠠᠵᠤ ᠪᠤᠯᠬᠤ ᠦᠭᠡᠢ᠂ ᠬᠦᠢᠰᠤ ᠵᠢᠨ ᠢᠯᠭᠠᠯ ᠡᠷᠬᠡ ᠲᠡᠭ᠌ᠰᠢ ᠪᠠᠢᠬᠤ᠎ᠶ᠋ᠢ ᠪᠡᠶᠡᠯᠡᠭᠦᠯᠬᠦ᠌᠎ᠳᠦ ᠮᠥᠨ ᠯᠡ ᠡᠭᠦᠷᠭᠡ ᠬᠦᠨᠳᠦ ᠵᠠᠮ ᠬᠤᠯᠠ ᠪᠠᠢᠨ᠎ᠠ᠃ ᠲᠣᠰ ᠤᠳᠠᠭ᠎ᠠ ᠵᠢᠨ ᠲᠦᠷᠦᠭᠦᠴᠦᠳ᠎ᠦᠨ ᠬᠤᠷᠠᠯ᠎ᠤᠨ ᠭᠤᠤᠯ ᠰᠡᠳᠦᠪ ᠪᠣᠯ《ᠬᠤᠪᠢ ᠵᠠᠶᠠᠭ᠎ᠠ ᠪᠠᠨ ᠬᠠᠮᠲᠤᠳᠭᠠᠬᠤ᠄ ᠡᠮᠡᠭ᠌ᠲᠡᠢᠴᠦᠳ᠎ᠦᠨ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠱᠢᠨ᠎ᠡ ᠠᠬᠢᠴᠠ᠎ᠶ᠋ᠢ ᠲᠦᠷᠭᠡᠳᠭᠡᠬᠦ》 ᠪᠣᠯᠤᠨ᠎ᠠ᠃ ᠴᠠᠭ ᠦᠶ᠎ᠡ ᠤᠷᠤᠭ᠍ᠰᠢᠯᠠᠵᠤ᠂ ᠨᠡᠢᠭᠡᠮ ᠬᠥᠭ᠌ᠵᠢᠵᠦ᠍ ᠪᠠᠢᠨ᠎ᠠ᠂ ᠪᠡᠭᠡᠵᠢᠩ ᠳ᠋ᠡᠬᠢ ᠳᠡᠯᠡᠬᠡᠢ᠎ᠶ᠋ᠢᠨ ᠡᠮᠡᠭ᠌ᠲᠡᠢᠴᠦᠳ᠎ᠦᠨ ᠶᠡᠭᠡ ᠬᠤᠷᠠᠯ᠎ᠤᠨ ᠤᠬ ᠰᠠᠨᠠᠭ᠎ᠠ ᠶ᠋ᠢ ᠲᠠᠬᠢᠨ ᠡᠷᠭᠢᠴᠡᠭᠦᠯᠵᠦ᠍᠂ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠱᠢᠨ᠎ᠡ ᠠᠬᠢᠴᠠ᠎ᠶ᠋ᠢ ᠲᠦᠷᠭᠡᠳᠭᠡᠬᠦ᠌᠎ᠳᠦ ᠨᠡᠩ ᠥᠷᠭᠡᠨ ᠳᠡᠯᠭᠡᠷ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠨᠡᠩ ᠥᠷᠭᠡᠨ ᠠᠭᠤᠳᠠᠮ ᠵᠠᠮ ᠢ ᠨᠡᠭᠡᠭᠡᠵᠦ᠍᠂ ᠨᠡᠩ ᠪᠣᠳᠠᠲᠠᠢ᠎ᠶ᠋ᠢ ᠡᠷᠬᠢᠮᠯᠡᠭ᠌ᠰᠡᠨ ᠠᠵᠢᠯᠯᠠᠭ᠎ᠠ ᠠᠪᠬᠤ ᠪᠣᠯ ᠲᠤᠰ ᠤᠳᠠᠭ᠎ᠠ᠎ᠶ᠋ᠢᠨ ᠲᠦᠷᠦᠭᠦᠴᠦᠳ᠎ᠦᠨ ᠬᠤᠷᠠᠯ᠎ᠤᠨ ᠴᠢᠬᠤᠯᠠ ᠲᠡᠦᠬᠡᠲᠦ ᠡᠭᠦᠷᠭᠡ ᠪᠣᠯᠬᠤ ᠪᠥᠭᠡᠳ ᠳᠡᠯᠡᠬᠡᠢ ᠨᠡᠢᠭᠡᠮ᠎ᠦᠨ ᠨᠡᠢᠳᠡᠮ ᠦᠨ ᠬᠠᠮᠲᠤ ᠶ᠋ᠢᠨ ᠲᠠᠨᠢᠯᠲᠠ ᠪᠠ ᠴᠢᠩ ᠰᠡᠳᠭᠢᠯ᠎ᠦᠨ ᠬᠦᠰᠡᠯ ᠡᠷᠡᠮᠡᠯᠵᠡᠯ ᠪᠣᠯᠤᠨ᠎ᠠ᠃
ᠴᠠᠭ ᠦᠶ᠎ᠡ᠎ᠶ᠋ᠢᠨ ᠲᠠᠭᠤᠨ᠎ᠢ ᠴᠤᠤᠷᠢᠶᠠᠲᠤᠭᠤᠯᠵᠤ᠂ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠪᠣᠯᠭᠠᠪᠠ᠂ ᠲᠡᠷᠢᠭᠦᠯᠡᠭ᠌ᠴᠢ ᠰᠢ ᠵᠢᠨ ᠫᠢᠩ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠱᠢᠨ᠎ᠡ ᠠᠬᠢᠴᠠ᠎ᠶ᠋ᠢ ᠲᠦᠷᠭᠡᠳᠭᠡᠬᠦ᠌᠂ ᠪᠦᠬᠦ ᠲᠡᠯᠡᠭᠡᠢ ᠵᠢᠨ ᠡᠮᠡᠭ᠌ᠲᠡᠢᠴᠦᠳ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠲᠦᠷᠪᠡᠨ ᠰᠠᠨᠠᠭᠤᠯᠭ᠎ᠠ ᠳᠤᠷᠠᠳᠪᠠ᠃ 《ᠳᠥᠷᠪᠡᠨ ᠬᠠᠮᠲᠤ᠎ᠵᠢᠨ ᠲᠠᠨᠢᠯᠲᠠ》᠎ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶ᠋ᠢ ᠳᠣᠪᠣᠢᠯᠭᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶ᠋ᠢ ᠵᠡᠷᠭᠡ ᠪᠡᠷ ᠵᠠᠰᠠᠬᠤ ᠶ᠋ᠢ ᠴᠢᠬᠤᠯᠠᠴᠢᠯᠠᠵᠤ᠂ ᠡᠮᠡᠭ᠌ᠲᠡᠢᠴᠦᠳ ᠦᠨ ᠪᠦᠬᠦ᠌ ᠲᠠᠯ᠎ᠠ ᠶ᠋ᠢᠨ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠤᠷᠢᠲᠠᠯ᠂ ᠬᠥᠳᠡᠯᠭᠡᠬᠦ ᠬᠦᠴᠦᠨ᠎ᠦ ᠡᠬᠢ ᠰᠤᠷᠪᠤᠯᠵᠢ᠂ ᠦᠨᠳᠦᠰᠦᠨ ᠪᠠᠲᠤᠯᠠᠭ᠎ᠠ ᠪᠠ ᠬᠠᠮᠲᠤᠷᠠᠯᠴᠠᠭᠠᠨ᠎ᠤ ᠲᠠᠪᠴᠠᠩ ᠢ ᠲᠤᠳᠤᠷᠬᠠᠢᠯᠠᠵᠤ᠂ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠱᠢᠨ᠎ᠡ ᠠᠬᠢᠴᠠ᠎ᠶ᠋ᠢ ᠲᠦᠷᠭᠡᠳᠭᠡᠬᠦ᠌᠂ ᠨᠡᠩ ᠲᠥᠪ ᠭᠣᠣᠯᠴᠢ ᠵᠦᠢ ᠵᠣᠬᠢᠰᠲᠠᠢ ᠲᠡᠯᠡᠬᠡᠢ ᠵᠢᠨ ᠵᠠᠰᠠᠯᠲᠠ᠎ᠶ᠋ᠢᠨ ᠱᠢᠰᠲ᠋ᠧᠮ ᠢ ᠪᠠᠢᠭᠤᠯᠬᠤ᠎ᠳᠤ ᠳᠤᠮᠳᠠᠳᠤ ᠤᠯᠤᠰ᠎ᠤᠨ ᠣᠢᠯᠠᠭᠠᠭ᠍ᠳᠠᠬᠤᠨ ᠪᠣᠯᠤᠨ ᠳᠤᠮᠳᠠᠳᠤ ᠤᠯᠤᠰ᠎ᠤᠨ ᠲᠥᠰᠦᠯ᠎ᠢ ᠬᠠᠩᠭᠠᠪᠠ᠃
ᠬᠦᠢᠰᠤ ᠵᠢᠨ ᠢᠯᠭᠠᠯ ᠡᠷᠬᠡ ᠲᠡᠭ᠌ᠰᠢ ᠪᠠᠢᠬᠤ ᠪᠠ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠬᠦᠷᠢᠶᠡᠨ᠎ᠳᠦ ᠳᠤᠮᠳᠠᠳᠤ ᠤᠯᠤᠰ ᠰᠠᠨᠠᠭᠠᠴᠢᠯᠠᠭ᠍ᠴᠢ ᠪᠣᠯᠬᠤ ᠪᠦᠭᠡᠳ ᠨᠡᠩ ᠴᠤ᠌ ᠦᠨᠡᠨ ᠪᠤᠳᠠᠳᠠᠢ ᠠᠵᠢᠯᠯᠠᠭ᠍ᠴᠢ᠃ ᠳᠤᠮᠳᠠᠳᠤ ᠤᠯᠤᠰ ᠡᠮᠡᠭ᠌ᠲᠡᠢᠴᠦᠳ᠎ᠦᠨ ᠠᠵᠢᠯ ᠦᠢᠯᠡᠰ᠎ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠤᠭ᠎ᠠ ᠶᠡᠬᠡ ᠦᠢᠯᠡᠳᠦᠯᠭᠡ᠎ᠳᠦ ᠠᠭᠤᠰᠤᠯᠴᠠᠭᠤᠯᠬᠤ᠎ᠶ᠋ᠢ ᠪᠠᠷᠢᠮᠲᠠᠯᠠᠵᠤ᠂ ᠲᠤᠰ ᠪᠡᠶ᠎ᠡ᠎ᠶ᠋ᠢᠨ ᠬᠥᠭ᠌ᠵᠢᠯᠲᠡ᠎ᠪᠡᠷ᠎ᠢᠶᠡᠨ ᠪᠦᠬᠦ ᠲᠡᠯᠡᠬᠡᠢ ᠵᠢᠨ ᠡᠮᠡᠭ᠌ᠲᠡᠢᠴᠦᠳ᠎ᠦᠨ ᠠᠵᠢᠯ ᠦᠢᠯᠡᠰ᠎ᠲᠦ ᠠᠵᠠ ᠲᠣᠬᠢᠶᠠᠯ ᠪᠠ ᠪᠠᠲᠤᠯᠠᠭ᠎ᠠ ᠬᠠᠩᠭᠠᠵᠤ᠂ ᠳᠤᠮᠳᠠᠳᠤ ᠤᠯᠤᠰ᠎ᠤᠨ ᠡᠮᠡᠭ᠌ᠲᠡᠢᠴᠦᠳ᠎ᠦᠨ ᠦᠢᠯᠡᠰ ᠪᠣᠯᠤᠨ ᠪᠦᠬᠦ ᠲᠡᠯᠡᠬᠡᠢ ᠵᠢᠨ ᠡᠮᠡᠭ᠌ᠲᠡᠢᠴᠦᠳ᠎ᠦᠨ ᠠᠵᠢᠯ ᠦᠢᠯᠡᠰ᠎ᠦᠨ ᠭᠠᠷ ᠬᠣᠯᠪᠣᠨ ᠬᠠᠮᠲᠤ᠎ᠪᠠᠷ ᠤᠷᠤᠭ᠍ᠰᠢᠯᠠᠬᠤ᠎ᠶ᠋ᠢ ᠠᠬᠢᠭᠤᠯᠪᠠ᠃ ᠲᠤᠰ ᠤᠳᠠᠭ᠎ᠠ᠎ᠶ᠋ᠢᠨ ᠲᠦᠷᠦᠭᠦᠴᠦᠳ᠎ᠦᠨ ᠬᠤᠷᠠᠯ ᠳᠡᠭᠡᠷ᠎ᠡ᠂ ᠲᠡᠷᠢᠭᠦᠯᠡᠭ᠌ᠴᠢ ᠰᠢ ᠵᠢᠨ ᠫᠢᠩ ᠢᠷᠡᠭᠡᠳᠦᠢ᠎ᠶ᠋ᠢᠨ 5 ᠵᠢᠯ᠎ᠳᠦ ᠳᠤᠮᠳᠠᠳᠤ ᠤᠯᠤᠰ ᠠᠯᠢ ᠤᠯᠠᠨ ᠪᠣᠳᠠᠲᠠᠢ᠎ᠶ᠋ᠢ ᠡᠷᠬᠢᠮᠯᠡᠭ᠌ᠰᠡᠨ ᠰᠢᠨ᠎ᠠ ᠠᠷᠭ᠎ᠠ ᠬᠡᠮᠵᠢᠢ᠎ᠡ ᠠᠪᠤᠨ᠎ᠠ ᠭᠡᠵᠦ᠍ ᠨᠡᠢᠲᠡᠯᠡᠪᠡ᠃ ᠡᠳᠡᠭᠡᠷ ᠠᠷᠭ᠎ᠠ ᠬᠡᠮᠵᠢᠶ᠎ᠡ ᠨᠢ ᠳᠤᠮᠳᠠᠳᠤ ᠤᠯᠤᠰ ᠡᠯ᠎ᠡ ᠤᠯᠤᠰ᠎ᠲᠠᠶ ᠭᠠᠷ ᠬᠣᠯᠪᠣᠨ ᠡᠮᠡᠭ᠌ᠲᠡᠢᠴᠦᠳ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠍᠂ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌ ᠨᠢ ᠯᠠᠪᠲᠠᠢ᠃
ᠡᠮᠡᠭ᠌ᠲᠡᠢᠴᠦᠳ᠎ᠦᠨ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠵᠤᠷᠢᠭ ᠰᠢᠭᠤᠳᠤᠨ ᠪᠠᠢᠩᠭᠤ ᠪᠠᠷᠢᠮᠳᠠᠯᠠᠵᠤ᠂ ᠣᠷᠳᠣ ᠬᠤᠭᠤᠴᠠᠭ᠎ᠠ᠎ᠪᠠᠷ ᠦᠷᠭᠦᠯᠵᠢᠯᠡᠨ ᠲᠡᠮᠡᠴᠡᠬᠦ᠌ ᠬᠡᠷᠡᠭ᠌ᠲᠡᠶ᠃ ᠲᠡᠦᠬᠡ᠎ᠶ᠋ᠢᠨ ᠱᠢᠨ᠎ᠡ ᠭᠠᠷᠤᠭ᠎ᠠ᠎ᠳᠤ ᠵᠣᠭ᠍ᠰᠣᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠬᠠᠷᠠᠯᠲᠠ ᠲᠡᠢᠰᠢ ᠡᠯ᠎ᠡ ᠲᠠᠯ᠎ᠠ᠎ᠶ᠋ᠢᠨ ᠬᠢᠨ ᠭᠠᠷ ᠬᠣᠯᠪᠣᠨ ᠬᠠᠮᠲᠤ᠎ᠪᠠᠷ ᠤᠷᠤᠭ᠍ᠰᠢᠯᠠᠵᠤ᠂ ᠠᠮᠠᠯᠠᠯᠲᠠ᠎ᠪᠠᠨ ᠠᠵᠢᠯᠯᠠᠭ᠎ᠠ ᠪᠣᠯᠭᠠᠨ ᠬᠤᠪᠢᠷᠠᠭᠤᠯᠵᠤ᠂ ᠵᠢᠷᠤᠭ ᠲᠥᠰᠦᠪ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠡᠮᠡᠭ᠌ᠲᠡᠢᠴᠦᠳ᠎ᠦᠨ ᠬᠦᠴᠦᠨ ᠴᠢᠳᠠᠯ ᠢ ᠭᠦᠢᠴᠡᠳ ᠪᠠᠳᠠᠷᠠᠭᠤᠯᠪᠠᠯ ᠯᠠᠪᠲᠠᠢ ᠪᠦᠬᠦ ᠲᠡᠯᠡᠬᠡᠢ ᠵᠢᠨ ᠡᠮᠡᠭ᠌ᠲᠡᠢᠴᠦᠳ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠰᠠᠢ᠌ᠨ ᠰᠠᠢᠬᠠᠨ ᠢᠷᠡᠭᠡᠳᠦᠢ᠎ᠶ᠋ᠢ ᠡᠭᠦᠳᠴᠦ᠍᠂ ᠬᠥᠮᠦᠨ ᠲᠥᠷᠥᠯᠬᠢᠲᠡᠨ᠎ᠦ ᠨᠡᠢᠭᠡᠮ ᠦᠨ ᠬᠥᠭ᠌ᠵᠢᠯᠲᠡ ᠶ᠋ᠢᠨ ᠭᠡᠭᠡᠨ ᠰᠠᠷᠠᠭᠤᠯ ᠢᠷᠡᠭᠡᠳᠦᠢ᠎ᠶ᠋ᠢ ᠴᠤᠬᠴᠠᠯᠠᠵᠤ ᠴᠢᠳᠠᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 10 ᠰᠠᠷ᠎ᠠ ᠵᠢᠨ 14 ᠤ᠋ ᠴᠠᠬᠢᠯᠭᠠᠨ ᠮᠡᠳᠡᠭᠡ ᠡᠴᠡ)