ᠦᠪᠦᠷ ᠮᠤᠩᠭᠤᠯ᠎ᠤᠨ ᠵᠠᠯᠠᠭᠤ ᠠᠵᠤ ᠠᠬᠤᠢᠯᠠᠯᠳᠠᠳ᠎ᠤᠨ ᠨᠡᠢᠭᠡᠮᠯᠢᠭ ᠰᠤᠷᠤᠯᠴᠠᠨ ᠰᠤᠳᠤᠯᠬᠤ ᠠᠵᠢᠯᠯᠠᠭ᠎ᠠ ᠥᠷᠨᠢᠭᠦᠯᠵᠡᠢ
2025-10-17 10:27:13
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ᠎ᠤᠨ ᠵᠠᠯᠠᠭᠤ ᠠᠵᠤ ᠠᠬᠤᠢᠯᠠᠯᠲᠠᠳ᠎ᠤᠨ ᠨᠡᠢᠭᠡᠮᠯᠢᠭ ᠪᠠᠶᠠᠨᠨᠠᠭᠤᠷ ᠬᠣᠲᠠ᠎ᠶ᠋ᠢᠨ ᠵᠠᠯᠠᠭᠤ ᠠᠵᠤ ᠠᠬᠤᠢᠯᠠᠯᠲᠠᠳ᠎ᠤᠨ ᠨᠡᠢᠭᠡᠮᠯᠢᠭ᠎ᠲᠡᠶ ᠬᠠᠮᠲᠤᠷᠠᠨ 《ᠵᠠᠯᠠᠭᠤᠴᠤᠳ᠎ᠤᠨ ᠰᠣᠨᠣᠰᠬᠠᠯ — ᠵᠠᠯᠠᠭᠤ ᠠᠵᠤ ᠠᠬᠤᠢᠯᠠᠯᠲᠠᠳ᠎ᠤᠨ ᠳᠠᠭᠤᠨ》 ᠰᠤᠷᠤᠯᠴᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠵᠠᠯᠠᠭᠤ ᠠᠵᠤ ᠠᠬᠤᠢᠯᠠᠯᠲᠠᠳ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢᠨ ᠲᠠᠪᠴᠠᠩ ᠎ᠢ ᠪᠠᠢᠭᠤᠯᠵᠤ᠂ ᠠᠵᠤ  ᠠᠬᠤᠢᠯᠠᠯ᠎ᠤᠨ ᠬᠥᠭ᠌ᠵᠢᠯᠲᠡ᠎ᠶ᠋ᠢᠨ ᠬᠦᠰᠡᠯ ᠱᠠᠭᠠᠷᠳᠠᠯᠭ᠎ᠠ᠎ᠪᠠᠨ ᠢᠯᠡᠳᠭᠡᠬᠦ᠌ ᠠᠷᠭ᠎ᠠ ᠵᠠᠮ ᠎ᠢ ᠱᠢᠯᠤᠭᠤᠳᠭᠠᠵᠤ᠂ ᠵᠠᠯᠠᠭᠤ ᠠᠵᠤ ᠠᠬᠤᠢᠯᠠᠯᠲᠠᠳ᠎ᠤᠨ ᠲᠡᠮᠡᠴᠡᠯ᠎ᠦᠨ ᠴᠣᠭ ᠵᠢᠪᠬᠤᠭ᠎ᠠ᠎ᠶ᠋ᠢ ᠢᠯᠡᠷᠡᠭᠦᠯᠪᠡ᠃ 15 ᠵᠠᠯᠠᠭᠤ ᠠᠵᠤ ᠠᠬᠤᠢᠯᠠᠯᠲᠠᠳ᠎ᠤᠨ ᠲᠥᠯᠥᠭᠡᠯᠡᠭ᠌ᠴᠢ ᠠᠵᠢᠯᠯᠠᠭ᠎ᠠ ᠳ᠋ᠦ ᠣᠷᠣᠯᠴᠠᠵᠠᠢ᠃

ᠣᠯᠠᠨ᠎ᠢᠶᠠᠷ᠎ᠢᠶᠠᠨ ᠤᠷᠢᠳ ᠬᠣᠵᠢᠳ ᠥᠪᠥᠷ ᠮᠣᠩᠭᠣᠯ᠎ᠤᠨ ᠵᠢᠩ ᠸᠧᠶ ᠪᠥᠲᠥᠭᠡᠨ ᠪᠠᠢᠭᠤᠯᠤᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠂ ᠪᠠᠶᠠᠨᠨᠠᠭᠤᠷ ᠬᠣᠲᠠ᠎ᠶ᠋ᠢᠨ ᠬᠣᠩ ᠴᠢᠶᠣᠤ ᠭᠠᠷ ᠳᠠᠮᠵᠢᠭ᠍ᠰᠠᠨ ᠮᠠᠱᠢᠨ ᠲᠡᠷᠭᠡᠨ᠎ᠦ ᠠᠷᠠᠯᠵᠢᠶᠠᠨ᠎ᠤ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠮᠸᠩ ᠶᠤᠸᠠᠨ ᠺᠤᠸᠠᠨ ᠢᠳᠡᠭᠡᠨ᠎ᠦ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠲᠠᠯ᠎ᠠ ᠨᠤᠲᠤᠭ᠎ᠤᠨ  ᠬᠣᠩ  ᠪᠦᠦ ᠢᠳᠡᠭᠡᠨ ᠎ᠦ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠱᠢᠨ ᠮᠠ᠎ᠲᠠᠶ ᠠᠷᠠᠯᠵᠢᠶᠠᠨ᠎ᠤ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠳ᠋ᠠ ᠳ᠋ᠠᠨ ᠹᠠᠩ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ  ᠺᠣᠮᠫᠠᠨᠢ ᠵᠡᠷᠭᠡ 9 ᠠᠵᠤ ᠠᠬᠤᠢᠯᠠᠯ᠎ᠳᠤ ᠬᠦᠷᠴᠦ᠍᠂ ᠠᠵᠤ  ᠠᠬᠤᠢᠯᠠᠯ᠎ᠤᠨ ᠦᠶ᠋ᠯᠡᠳᠪᠦᠷᠢᠯᠡᠯ᠎ᠦᠨ ᠶᠠᠪᠤᠴᠠ᠂ ᠮᠡᠷᠭᠡᠵᠢᠯ ᠲᠥᠬᠥᠭᠡᠷᠦᠮᠵᠢ᠂ ᠡᠵᠡᠩᠨᠡᠯᠲᠡ ᠬᠠᠮᠢᠶᠠᠷᠤᠯᠲᠠ ᠵᠢᠴᠢ ᠬᠥᠭ᠌ᠵᠢᠯᠲᠡ᠎ᠶ᠋ᠢᠨ ᠲᠥᠯᠥᠪᠵᠢᠭᠦᠯᠭᠡ ᠵᠡᠷᠭᠡ ᠪᠠᠢᠳᠠᠯ ᠎ᠢ ᠨᠠᠷᠢᠨ ᠣᠢᠯᠠᠭᠠᠪᠠ᠃

ᠶᠠᠷᠢᠯᠴᠠᠬᠤ ᠬᠤᠷᠠᠯ ᠳᠡᠭᠡᠷ᠎ᠡ᠂ ᠵᠠᠯᠠᠭᠤ ᠠᠵᠤ ᠠᠬᠤᠢᠯᠠᠯᠲᠠᠳ ᠠᠵᠢᠯ ᠲᠥᠷᠥᠯ᠎ᠦᠨ ᠬᠥᠭ᠌ᠵᠢᠯᠲᠡ᠎ᠶ᠋ᠢᠨ  ᠬᠠᠨᠳᠤᠰᠢ᠂ ᠵᠠᠬ᠎ᠠ ᠳᠡᠯᠭᠡᠭᠦᠷ᠎ᠦᠨ ᠠᠵᠠ ᠲᠣᠬᠢᠶᠠᠯ ᠪᠣᠯᠤᠨ ᠥᠷᠢᠰᠥᠯᠳᠦᠭᠡᠨ᠎ᠦ ᠲᠣᠭᠣᠷᠢᠨ᠎ᠳᠤ ᠰᠠᠨᠠᠯ᠎ᠢᠶᠠᠨ ᠭᠦᠨᠵᠡᠭᠡᠶ ᠰᠣᠯᠢᠯᠴᠠᠨ ᠶᠠᠷᠢᠯᠴᠠᠵᠤ᠂ ᠬᠥᠭ᠌ᠵᠢᠯᠲᠡ᠎ᠶ᠋ᠢᠨ ᠲᠥᠯᠥᠪᠵᠢᠭᠦᠯᠭᠡ᠎ᠪᠡᠨ ᠴᠢᠯᠦᠭᠡᠳᠡᠢ ᠶᠠᠷᠢᠯᠴᠠᠵᠤ᠂ ᠢᠳᠡᠪᠬᠢᠲᠡᠶ ᠠᠷᠭ᠎ᠠ ᠤᠬᠠᠭᠠᠨ ᠭᠠᠷᠭᠠᠵᠤ᠂ ᠬᠠᠮᠲᠤᠷᠠᠯᠴᠠᠭᠠᠨ᠎ᠤ ᠠᠵᠠ ᠲᠣᠬᠢᠶᠠᠯ ᠪᠣᠯᠤᠨ ᠬᠠᠮᠲᠤ ᠎ᠪᠠᠷ ᠠᠱᠢᠭ ᠭᠥᠷᠳᠡᠬᠦ᠌ ᠲᠥᠰᠦᠯ᠎ᠢ ᠡᠷᠢᠯᠬᠢᠯᠡᠪᠡ᠃

ᠲᠤᠰ ᠤᠳᠠᠭ᠎ᠠ ᠎ᠶ᠋ᠢᠨ ᠠᠵᠢᠯᠯᠠᠭ᠎ᠠ᠎ᠶ᠋ᠢ ᠠᠮᠵᠢᠯᠲᠠ᠎ᠲᠠᠶ ᠡᠷᠬᠢᠯᠡᠭ᠌ᠰᠡᠡ ᠨᠢ ᠵᠠᠯᠠᠭᠤ ᠠᠵᠤ ᠠᠬᠤᠢᠯᠠᠯᠲᠠᠳ᠎ᠤᠨ ᠬᠣᠭᠣᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠵᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠎ᠶ᠋ᠢ ᠪᠡᠶᠡᠯᠡᠭᠦᠯᠪᠡ᠃ ᠬᠤᠢᠰᠢᠳᠠ ᠨᠡᠢᠭᠡᠮᠯᠢᠭ᠎ᠦᠨ᠎ᠬᠢᠨ ᠰᠣᠯᠢᠯᠴᠠᠭᠠᠨ᠎ᠤ ᠲᠠᠪᠴᠠᠩ᠎ᠢ ᠦᠷᠭᠦᠯᠵᠢᠯᠡᠨ ᠪᠠᠢᠭᠤᠯᠵᠤ᠂ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠴᠢᠩᠭᠠᠳᠭᠠᠨ᠂ ᠦᠨᠳᠦᠰᠦᠨ ᠱᠠᠲᠤᠨ᠎ᠤ ᠰᠠᠭᠤᠷᠢ᠎ᠶ᠋ᠢ ᠪᠡᠬᠢᠵᠢᠭᠦᠯᠵᠦ᠍᠂ ᠵᠠᠯᠠᠭᠤ ᠠᠵᠤ ᠠᠬᠤᠢᠯᠠᠯᠲᠠᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠳᠤᠮᠳᠠ ᠨᠠᠩ ᠶᠡᠬᠡ ᠵᠢᠳᠬᠦᠯ ᠴᠢᠷᠮᠠᠢᠯᠭ᠎ᠠ ᠭᠠᠷᠭᠠᠬᠤ᠎ᠳᠤ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号