ᠦᠢᠷ᠎ᠠ᠎ᠳᠤ᠂ ᠥᠪᠥᠷ ᠮᠣᠩᠭᠣᠯ᠎ᠤᠨ ᠭᠸᠨ ᠾᠧᠩ ᠢᠳᠡᠭᠡᠨ᠎ᠦ ᠵᠦᠶ᠋ᠯ᠎ᠦᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠪᠣᠭᠣᠮᠲᠠ᠎ᠶ᠋ᠢᠨ AEO ᠳᠡᠭᠡᠳᠦ ᠵᠡᠷᠭᠡ᠎ᠶ᠋ᠢᠨ ᠭᠡᠷᠡᠴᠢᠯᠡᠯ᠎ᠢ ᠤᠯᠵᠤ᠂ ᠥᠪᠥᠷ ᠮᠣᠩᠭᠣᠯ᠎ᠤᠨ ᠠᠩᠬᠠᠳᠠᠭ᠍ᠴᠢ ᠲᠣᠰ ᠭᠡᠷᠡᠴᠢᠯᠡᠯ᠎ᠢ ᠤᠯᠤᠬᠰᠠᠨ ᠦᠷᠡᠴᠦᠮᠠ ᠵᠢᠨ ᠲᠥᠷᠥᠯ᠎ᠦᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠠᠳᠠᠭᠠᠳᠤ ᠳ᠋ᠤ ᠭᠠᠷᠭᠠᠬᠤ ᠠᠵᠤ ᠠᠬᠤᠢᠯᠠᠯ ᠪᠣᠯᠵᠠᠶ᠃
AEO ᠲᠦᠷᠢᠮ (ᠭᠡᠷᠡᠴᠢᠯᠡᠭᠡ ᠬᠢᠯᠭᠡᠭ᠌ᠰᠡᠨ ᠡᠵᠡᠩᠨᠡᠭ᠌ᠴᠢ) ᠪᠤᠯ ᠤᠯᠠᠨ ᠤᠯᠤᠰ᠎ᠤᠨ ᠪᠤᠭᠤᠮᠳᠠ ᠵᠢᠨ ᠵᠤᠬᠢᠶᠠᠨ ᠪᠠᠢᠭᠤᠯᠤᠯᠳᠠ ᠡᠴᠡ ᠰᠠᠨᠠᠭᠠᠴᠢᠯᠠᠨ ᠭᠠᠷᠭᠠᠬᠰᠠᠨ ᠪᠤᠭᠤᠮᠳᠠ ᠪᠡᠷ ᠲᠠᠮᠵᠢᠨ ᠢᠲᠡᠭᠡᠮᠵᠢ᠎ᠶ᠋ᠢᠨ ᠪᠠᠢᠳᠠᠯ᠂ ᠬᠠᠤᠯᠢ ᠲᠦᠷᠢᠮ᠎ᠢ ᠵᠢᠷᠤᠮᠯᠠᠨ ᠰᠠᠬᠢᠭ᠍ᠰᠠᠨ ᠪᠠᠢᠳᠠᠯ ᠪᠤᠯᠤᠨ ᠠᠷᠠᠯᠵᠢᠶᠠᠨ᠎ᠤ ᠠᠮᠤᠷ ᠲᠦᠪᠱᠢᠨ ᠬᠠᠷᠢᠴᠠᠡᠭᠭᠤᠢ ᠦᠨᠳᠤᠷ ᠪᠠᠢᠳᠠᠯ᠎ᠢ ᠦᠨᠳᠤᠰᠤᠯᠡᠨ ᠠᠵᠤ ᠠᠬᠤᠢᠯᠠᠯ᠎ᠳᠤ ᠪᠠᠳᠤᠯᠠᠭ᠎ᠠ ᠬᠢᠵᠤ᠂ ᠪᠠᠳᠤᠯᠠᠬᠳᠠᠬᠰᠠᠨ ᠠᠵᠤ ᠠᠬᠤᠢᠯᠠᠯ ᠪᠤᠭᠤᠮᠳᠠ ᠪᠡᠷ ᠰᠢᠯᠤᠭᠤᠨ ᠦᠡᠭᠭᠡᠷᠡᠬᠦ ᠬᠠᠷᠠᠭᠠᠯᠵᠠᠯ ᠬᠦᠷᠳᠡᠭᠡᠬᠦ ᠨᠢᠭᠡ ᠵᠦᠢᠯ᠎ᠤᠨ ᠲᠦᠷᠢᠮ ᠪᠤᠯᠤᠨ᠎ᠠ᠂ ᠲᠡᠬᠦᠨ ᠢ ᠣᠯᠠᠨ ᠤᠯᠤᠰ᠎ᠤᠨ ᠠᠷᠠᠯᠵᠢᠶᠠᠨ᠎ᠤ 《ᠰᠠᠭᠠᠳ ᠦᠭᠡᠶ ᠨᠡᠪᠲᠡᠷᠡᠬᠦ᠌ ᠦᠨᠡᠮᠯᠡᠯ》 ᠬᠡᠳᠡᠭ᠃
ᠥᠪᠥᠷ ᠮᠣᠩᠭᠣᠯ᠎ᠤᠨ ᠭᠸᠨ ᠾᠧᠩ ᠢᠳᠡᠭᠡᠨ᠎ᠦ ᠵᠦᠶ᠋ᠯ᠎ᠦᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠪᠠᠶᠠᠨᠨᠠᠭᠤᠷ ᠬᠣᠲᠠ᠎ᠶ᠋ᠢᠨ ᠬᠠᠩᠭᠢᠨ ᠬᠣᠢᠲᠤ ᠬᠣᠱᠢᠭᠤᠨ᠎ᠤ ᠱᠠᠮᠪᠠ ᠪᠠᠯᠭᠠᠰᠤᠨ᠎ᠤ ᠠᠵᠤ ᠦᠶ᠋ᠯᠡᠳᠪᠦᠷᠢ᠎ᠶ᠋ᠢᠨ ᠬᠦᠷᠢᠶᠡᠯᠡᠩ᠎ᠳᠤ ᠪᠠᠢᠷᠢᠯᠠᠵᠤ᠂ ᠯᠠᠩᠭᠤᠸᠠ᠎ᠶ᠋ᠢᠨ ᠦᠷ᠎ᠡ᠂ ᠲᠠᠷᠪᠤᠰ᠎ᠤᠨ ᠦᠷ᠎ᠡ ᠵᠡᠷᠭᠡ ᠦᠷ᠎ᠡ ᠴᠦᠮ᠎ᠠ᠎ᠶ᠋ᠢᠨ ᠲᠥᠷᠥᠯ᠎ᠦᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠵᠠᠬᠢᠶᠠᠯᠠᠨ ᠳᠠᠷᠢᠬᠤ᠂ ᠬᠤᠳᠠᠯᠳᠤᠨ ᠠᠪᠬᠤ᠂ ᠡᠳ᠋ᠱᠢᠭᠦᠯᠬᠦ᠌᠂ ᠬᠥᠮᠥᠷᠭᠡᠯᠡᠨ ᠬᠠᠳᠠᠭᠠᠯᠠᠬᠤ᠂ ᠪᠣᠷᠣᠯᠠᠭᠤᠯᠬᠤ ᠵᠢᠴᠢ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠠᠵᠢᠯ᠎ᠢ ᠨᠢᠭᠡ ᠴᠣᠭ᠍ᠴᠠᠵᠢᠭᠤᠯᠤᠭ᠍ᠰᠠᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠵᠤ ᠠᠬᠤᠢᠯᠠᠯ ᠪᠣᠯᠤᠨ᠎ᠠ᠃ ᠤᠯᠤᠰ᠎ᠤᠨ ᠳᠣᠲᠣᠭᠠᠳᠤ᠎ᠶ᠋ᠢᠨ ᠬᠠᠮᠤᠭ᠎ᠤᠨ ᠲᠣᠮᠣ ᠦᠷ᠎ᠡ ᠴᠥᠮ᠎ᠡ ᠦᠶ᠋ᠯᠡᠳᠪᠦᠷᠢᠯᠡᠵᠦ᠍ ᠪᠣᠯᠪᠠᠰᠤᠷᠠᠭᠤᠯᠬᠤ ᠰᠠᠭᠤᠷᠢᠨ ᠪᠣᠯᠤᠭ᠍ᠰᠠᠨ᠎ᠤ ᠬᠤᠪᠢ᠎ᠳᠤ᠂ ᠲᠣᠰ ᠺᠣᠮᠫᠠᠨᠢ 64 ᠵᠤᠷᠪᠤᠰ ᠠᠦ᠋ᠲ᠋ᠣ᠋ ᠦᠢᠯᠡᠳᠪᠤᠷᠢᠯᠡᠯ᠎ᠤᠨ ᠱᠤᠭᠤᠮ᠎ᠲᠠᠶ᠂ ᠵᠢᠯ᠎ᠦᠨ ᠦᠶ᠋ᠯᠡᠳᠪᠦᠷᠢᠯᠡᠬᠦ᠌ ᠴᠢᠳᠠᠪᠤᠷᠢ ᠨᠢ 60 ᠲᠦᠮᠡᠨ ᠲᠣᠨ᠎ᠳᠤ ᠬᠦᠷᠴᠦ᠍ ᠪᠠᠢᠨ᠎ᠠ᠃
ᠦᠷ᠎ᠡ ᠴᠦᠮ᠎ᠠ᠎ᠶ᠋ᠢᠨ ᠲᠦᠷᠦᠯ᠎ᠦᠨ ᠲᠠᠷᠢᠶᠠᠯᠠᠩ᠎ᠤᠨ ᠪᠦᠲᠦᠭᠡᠭ᠌ᠳᠡᠬᠦᠨ ᠪᠣᠯ 《ᠥᠪᠥᠷ ᠮᠣᠩᠭᠣᠯ ᠨᠡᠷᠡᠮᠵᠢᠲᠦ》 ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠳᠠᠭᠠᠳᠤ ᠭᠠᠷᠭᠠᠯᠲᠠ᠎ᠶ᠋ᠢᠨ ᠴᠢᠬᠤᠯᠠ ᠠᠬᠢᠭᠤᠯᠬᠤ ᠬᠦᠴᠦᠨ ᠮᠥᠨ᠂ ᠪᠦᠲᠦᠭᠡᠭ᠌ᠳᠡᠬᠦᠨ ᠨᠢ 100 ᠭᠠᠷᠤᠢ ᠤᠯᠤᠰ ᠪᠠ ᠭᠠᠵᠠᠷ ᠣᠷᠣᠨ᠎ᠳᠤ ᠪᠣᠷᠣᠯᠠᠭᠤᠯᠤᠭ᠍ᠳᠠᠵᠤ ᠪᠤᠢ᠃ ᠪᠣᠭᠣᠮᠲᠠ᠎ᠶ᠋ᠢᠨ ᠬᠢᠨ AEO ᠳᠡᠭᠡᠳᠦ ᠵᠡᠷᠭᠡ᠎ᠶ᠋ᠢᠨ ᠭᠡᠷᠡᠴᠢᠯᠡᠯ ᠲᠠᠢ ᠠᠵᠤ ᠠᠬᠤᠢᠯᠠᠯ᠎ᠳᠤ ᠬᠠᠷᠢᠶ᠎ᠠ ᠭᠠᠵᠠᠷ᠎ᠤᠨ ᠪᠠᠢᠴᠠᠭᠠᠯᠲᠠ᠂ ᠭᠠᠳᠠᠭᠠᠳᠤ᠎ᠳᠤ ᠭᠠᠷᠭᠠᠬᠤ ᠪᠠᠷᠠᠭᠠᠨ᠎ᠤ ᠪᠣᠭᠣᠮᠲᠠ᠎ᠪᠠᠷ ᠰᠠᠭᠠᠳ ᠥᠬᠡᠶ ᠥᠩᠭᠡᠷᠡᠬᠦ᠌ ᠵᠢᠴᠢ ᠤᠭ ᠭᠠᠷᠤᠯᠲᠠ᠎ᠶ᠋ᠢᠨ ᠣᠷᠣᠨ᠎ᠤ ᠲᠦᠷᠢᠮ᠎ᠳᠦ ᠬᠠᠷᠠᠭᠠᠯᠵᠠᠯ ᠬᠦᠷᠲᠡᠭᠡᠬᠦ᠌ ᠵᠡᠷᠭᠡ ᠳᠠᠪᠬᠤᠷ ᠲᠥᠷᠥ᠎ᠶ᠋ᠢᠨ ᠪᠣᠳᠣᠯᠭ᠎ᠠ᠎ᠶ᠋ᠢ ᠤᠷᠢᠳ᠎ᠢᠶᠠᠷ ᠬᠠᠩᠭᠠᠵᠤ᠂ ᠠᠵᠤ ᠠᠬᠤᠢᠯᠠᠯ᠎ᠤᠨ ᠭᠠᠳᠠᠭᠠᠳᠤᠭᠤᠪᠢᠭᠤᠯᠭᠠ ᠤᠯᠬᠤ᠎ᠶ᠋ᠢ ᠨᠠᠷᠢᠯᠢᠭ ᠣᠨᠣᠴᠠᠲᠠᠶ ᠲᠡᠮᠵᠢᠬᠦ ᠵᠢᠨ ᠬᠠᠮᠲᠤ ᠳᠣᠲᠣᠭᠠᠳᠤ ᠡᠵᠡᠮᠳᠡᠯ᠎ᠦᠨ ᠲᠦᠪᠱᠢᠨ᠂ ᠡᠳ᠋᠎ᠦᠨ ᠶᠠᠪᠤᠳᠠᠯ᠎ᠤᠨ ᠪᠠᠢᠳᠠᠯ᠂ ᠬᠠᠤᠯᠢ᠎ᠶ᠋ᠢ ᠰᠠᠬᠢᠬᠤ ᠵᠢᠷᠤᠮᠵᠢᠯ ᠪᠠ ᠠᠷᠠᠯᠵᠢᠶᠠᠨ᠎ᠤ ᠠᠮᠤᠷ ᠲᠦᠪᠱᠢᠨ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠨᠢᠭᠡ ᠨᠢᠭᠡ ᠪᠡᠷ ᠵᠢᠯᠤᠭᠤᠳᠤᠮᠵᠢ ᠬᠢᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠠᠳᠠᠭᠠᠳᠤ᠎ᠳᠤ ᠭᠠᠷᠭᠠᠬᠤ ᠨᠠᠩ ᠣᠯᠠᠨ ᠠᠵᠤ ᠠᠬᠤᠢᠯᠠᠯ᠎ᠤᠨ AEO ᠳᠡᠭᠡᠳᠦ ᠲᠠᠰ᠎ᠤᠨ ᠭᠡᠷᠡᠴᠢᠯᠡᠯ᠎ᠦᠨ ᠵᠢᠭ᠍ᠰᠠᠭᠠᠯ᠎ᠳᠤ ᠣᠷᠣᠬᠤ᠎ᠶ᠋ᠢ ᠠᠬᠢᠭᠤᠯᠵᠤ᠂ 《ᠥᠪᠥᠷ ᠮᠣᠩᠭᠣᠯ ᠨᠡᠷᠡᠮᠵᠢᠲᠦ》 ᠲᠠᠷᠢᠶᠠᠯᠠᠩ᠎ᠤᠨ ᠪᠦᠲᠦᠭᠡᠭ᠌ᠳᠡᠬᠦᠨ᠎ᠦ ᠴᠢᠨᠠᠷ ᠰᠠᠢᠲᠠᠶ ᠭᠠᠳᠠᠭᠠᠳᠤ ᠭᠠᠷᠭᠠᠯᠲᠠ᠎ᠶ᠋ᠢ ᠠᠬᠢᠭᠤᠯᠵᠤ ᠪᠤᠢ᠃