ᠠᠯᠪᠠᠨ ᠲᠤᠰᠢᠶᠠᠯᠲᠤ ᠬᠠᠤᠯᠢᠴᠢ ᠪᠠ ᠺᠣᠮᠫᠠᠨᠢ᠎ᠶᠢᠨ ᠬᠠᠤᠯᠢᠴᠢ᠎ᠶᠢᠨ ᠶᠡᠷᠦᠩᠬᠡᠢᠯᠡᠭᠰᠡᠨ ᠬᠡᠪ ᠴᠢᠳᠠᠪᠤᠷᠢ᠎ᠶᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠶᠠᠪᠤᠬᠲᠠᠪᠠ
2025-10-17 11:22:06
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

 ᠰᠤᠷᠪᠤᠯᠵᠢᠯᠠᠬᠴᠢ ᠦᠪᠡᠷᠲᠡᠭᠡᠨ ᠵᠠᠰᠬᠠᠤ ᠤᠷᠤᠨ᠎ᠤ ᠬᠠᠤᠯᠢ ᠴᠠᠭᠠᠵᠠ ᠢ᠋ᠢᠨ ᠲᠢᠩᠬᠢᠮ ᠡᠴᠡ ᠤᠢᠯᠠᠭᠠᠬᠰᠠᠨ ᠢ᠋ᠢᠡᠷ᠂ ᠲᠦᠷᠦᠭᠦᠭᠡᠨ ᠥᠪᠡᠷᠲᠡᠭᠡᠨ ᠵᠠᠰᠠᠬᠤ ᠣᠷᠣᠨ᠎ᠤ ᠠᠯᠪᠠᠨ ᠲᠤᠰᠢᠶᠠᠯᠲᠤ ᠬᠠᠤᠯᠢᠴᠢ ᠪᠠ ᠺᠣᠮᠫᠠᠨᠢ᠎ᠶᠢᠨ ᠬᠠᠤᠯᠢᠴᠢ᠎ᠶᠢᠨ ᠶᠡᠷᠦᠩᠬᠡᠢᠯᠡᠭᠰᠡᠨ ᠬᠡᠪ ᠴᠢᠳᠠᠪᠤᠷᠢ᠎ᠶᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠬᠢᠩᠭᠠᠨ ᠠᠢᠮᠠᠭ᠎ᠶᠠᠪᠤᠬᠲᠠᠪᠠ᠃ ᠲᠣᠰ ᠤᠳᠠᠭᠠᠨ᠎ᠤ ᠪᠣᠯᠪᠠᠰᠤᠷᠠᠯ ᠎ᠢ ᠥᠪᠡᠷᠲᠡᠭᠡᠨ ᠵᠠᠰᠠᠬᠤ ᠣᠷᠣᠨ ᠎ᠤ ᠬᠠᠤᠯᠢ ᠴᠠᠭᠠᠵᠠ᠎ᠶᠢᠨ ᠨᠡᠢᠭᠡᠮᠯᠢᠭ᠎ᠦᠨ ᠰᠤᠷᠭᠠᠨ ᠬᠥᠮᠦᠵᠢᠯ᠎ᠦᠨ ᠪᠣᠯᠪᠠᠰᠤᠷᠠᠯ᠎ᠤᠨ ᠵᠥᠪᠯᠡᠯ᠂ ᠠᠯᠪᠠᠨ ᠲᠤᠰᠢᠶᠠᠯᠲᠤ ᠬᠠᠤᠯᠢᠴᠢ ᠪᠠ ᠺᠣᠮᠫᠠᠨᠢ ᠎ᠶᠢᠨ ᠬᠠᠤᠯᠢᠴᠢ᠎ᠶᠢᠨ ᠵᠥᠪᠯᠡᠯ᠎ᠡᠴᠡ ᠳᠠᠭᠠᠭᠠᠨ ᠡᠷᠭᠢᠯᠡᠵᠦ᠂ ᠬᠢᠩᠭᠠᠨ ᠠᠢᠮᠠᠭ᠎ᠤᠨ ᠬᠠᠤᠯᠢᠴᠢ ᠎ᠶᠢᠨ ᠨᠡᠢᠭᠡᠮᠯᠢᠭ᠂ ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠬᠢᠩᠭᠠᠨ ᠠᠢᠮᠠᠭ᠎ᠤᠨ ᠬᠣᠷᠢᠶ᠎ᠠ᠎ᠶᠢᠨ ᠨᠠᠮ ᠎ᠤᠨ ᠰᠤᠷᠭᠠᠭᠤᠯᠢ ᠬᠠᠮᠵᠢᠯᠴᠠᠨ ᠡᠷᠭᠢᠯᠡᠪᠡ᠃ 

ᠪᠣᠯᠪᠠᠰᠤᠷᠠᠯ ᠨᠢ ᠳᠤᠮᠳᠠᠳᠤ᠎ᠶᠢᠨ ᠪᠥᠬᠥ ᠤᠯᠤᠰ᠎ᠤᠨ ᠬᠠᠤᠯᠢᠴᠢ᠎ᠶᠢᠨ ᠨᠡᠢᠭᠡᠮᠯᠢᠭ᠎ᠦᠨ ᠬᠦᠴᠦᠲᠡᠢ ᠳᠡᠮᠵᠢᠯᠭᠡ᠎ᠶᠢ ᠣᠯᠵᠤ᠂ ᠪᠥᠬᠥ ᠤᠯᠤᠰ᠎ᠤᠨ ᠬᠠᠤᠯᠢᠴᠢ᠎ᠶᠢᠨ ᠨᠡᠢᠭᠡᠮᠯᠢᠭ᠎ᠦᠨ ᠲᠤᠰᠬᠠᠢ ᠮᠡᠷᠭᠡᠵᠢᠯᠲᠡᠨ ᠬᠠᠤᠯᠢᠴᠢ ᠪᠠᠷᠠᠭᠤᠨ ᠣᠷᠣᠨ᠎ᠢ᠋ᠢᠡᠷ ᠲᠣᠭᠣᠷᠢᠨ ᠪᠠᠭᠰᠢᠯᠠᠬᠤ ᠯᠧᠺᠲ᠋ᠣᠷ᠎ᠤᠨ ᠪᠦᠯᠬᠦᠮ᠎ᠢ ᠰᠤᠩᠭᠤᠵᠦ ᠬᠢᠴᠢᠶᠡᠯᠯᠡᠭᠦᠯᠪᠡ᠃ ᠬᠢᠴᠢᠶᠡᠯ ᠎ᠦᠨ ᠠᠭᠤᠯᠭ᠎ᠠ᠎ᠶᠢ ᠠᠯᠪᠠᠨ ᠲᠤᠰᠢᠶᠠᠯᠲᠤ ᠬᠠᠤᠯᠢᠴᠢ ᠪᠠ ᠺᠣᠮᠫᠠᠨᠢ ᠵᠢᠨ  ᠬᠠᠤᠯᠢᠴᠢ ᠎ᠶᠢᠨ ᠪᠣᠳᠠᠲᠤ ᠶᠠᠪᠤᠳᠠᠯ ᠎ᠤᠨ  ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠬᠤ᠎ᠶᠢᠨ ᠬᠠᠮᠲᠤ ᠨᠠᠮ ᠎ᠤᠨ ᠬᠢᠴᠢᠶᠡᠯ᠎ᠦᠨ ᠰᠤᠷᠤᠯᠴᠠᠯᠭ᠎ᠠ ᠪᠠ ᠲᠤᠬᠠᠢ᠎ᠶᠢᠨ ᠲᠠᠯᠠᠪᠤᠷ᠎ᠤᠨ ᠵᠢᠭᠠᠨ ᠰᠤᠷᠭᠠᠯᠲᠠ ᠎ᠶᠢᠨ ᠭᠣᠭᠴᠣᠭ᠎ᠠ ᠎ᠳᠤ ᠠᠭᠤᠰᠬᠠᠨ ᠣᠷᠣᠭᠤᠯᠵᠤ᠂ ᠣᠨᠣᠯ᠎ᠤᠨ ᠰᠤᠷᠤᠯᠴᠠᠯᠭ᠎ᠠ ᠪᠠ ᠪᠣᠳᠠᠲᠤ ᠶᠠᠪᠤᠳᠠᠯ ᠎ᠤᠨ ᠬᠡᠷᠡᠭᠯᠡᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃ 

ᠲᠣᠰ ᠤᠳᠠᠭᠠᠨ ᠎ᠤ ᠪᠣᠯᠪᠠᠰᠤᠷᠠᠯ ᠨᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠨᠡᠢᠭᠡᠮᠯᠢᠭ᠎ᠦᠨ ᠠᠯᠪᠠᠨ ᠲᠤᠰᠢᠶᠠᠯᠲᠤ ᠬᠠᠤᠯᠢᠴᠢ ᠪᠠ ᠺᠣᠮᠫᠠᠨᠢ᠎ᠶᠢᠨ ᠬᠠᠤᠯᠢᠴᠢ᠎ᠶᠢᠨ ᠴᠢᠨᠠᠷ ᠰᠠᠢᠲᠠᠢ ᠬᠥᠭᠵᠢᠯᠲᠡ ᠎ᠶᠢ ᠠᠬᠢᠭᠤᠯᠬᠤ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ ᠨᠠᠩ ᠴᠤ᠌ ᠲᠤᠰᠬᠠᠢᠵᠢᠭ᠍ᠰᠠᠨ ᠠᠯᠪᠠᠨ ᠲᠤᠰᠢᠶᠠᠯᠲᠤ ᠬᠠᠤᠯᠢᠴᠢ ᠪᠠ ᠺᠣᠮᠫᠠᠨᠢ᠎ᠶᠢᠨ ᠬᠠᠤᠯᠢᠴᠢ᠎ᠶᠢᠨ ᠡᠩᠨᠡᠭᠡ ᠎ᠶᠢ ᠳᠠᠪᠲᠠᠨ ᠪᠣᠯᠪᠠᠰᠤᠷᠠᠭᠤᠯᠵᠤ᠂ ᠬᠠᠤᠯᠢ᠎ᠪᠠᠷ ᠵᠠᠰᠠᠬᠤ ᠥᠪᠥᠷ ᠮᠣᠩᠭᠣᠯ ᠎ᠢ ᠪᠦᠲᠦᠭᠡᠨ ᠪᠠᠶ᠋ᠢᠭᠤᠯᠬᠤ ᠎ᠳᠤ ᠬᠠᠤᠯᠢ ᠪᠠᠷ ᠵᠠᠰᠠᠬᠤ ᠰᠠᠭᠤᠷᠢ᠎ᠶᠢ ᠪᠠᠲᠤ ᠲᠠᠯᠪᠢᠬᠤ ᠪᠣᠳᠠᠲᠠᠢ ᠦᠢᠯᠡᠳᠦᠯᠭᠡ ᠮᠥᠨ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号