ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠲᠣᠭᠣᠷᠢᠨ ᠦᠵᠡᠵᠦ ᠰᠤᠷᠤᠯᠴᠠᠬᠤ ᠠᠵᠢᠯᠯᠠᠭ᠎ᠠ ᠥᠷᠨᠢᠭᠦᠯᠪᠡ
2025-10-17 11:27:00
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠬᠡᠰᠡᠭ ᠺᠠᠳ᠋ᠷ ᠴᠠᠭᠳᠠᠭ᠎ᠠ᠎ᠪᠠᠨ ᠵᠣᠬᠢᠶᠠᠨ ᠪᠠᠢᠭᠤᠯᠵᠤ ᠳᠤᠮᠳᠠᠳᠤ ᠤᠯᠤᠰ᠎ᠤᠨ ᠨᠢᠭᠡᠳᠦᠮᠡᠯ ᠬᠣᠯᠪᠣᠭ᠎ᠠ᠎ᠶᠢᠨ ᠬᠥᠬᠡᠬᠣᠲᠠ᠎ᠳᠠᠬᠢ ᠡᠭᠦᠯᠡᠨ ᠳ᠋ᠠᠢᠲ᠋ᠠ᠎ᠶᠢᠨ ᠲᠥᠪ᠎ᠲᠦ ᠬᠦᠷᠴᠦ᠂ 《ᠥᠨᠳᠥᠷ ᠲᠦᠪᠰᠢᠨ ᠪᠦᠬᠦᠢ ᠠᠮᠤᠷ ᠲᠦᠪᠰᠢᠨ᠎ᠢᠶᠡᠷ ᠴᠢᠨᠠᠷ ᠰᠠᠢᠲᠠᠢ ᠬᠥᠭᠵᠢᠯᠲᠡ᠎ᠶᠢ ᠰᠠᠬᠢᠨ ᠬᠠᠮᠠᠭᠠᠯᠠᠶ᠎ᠠ》 ᠭᠡᠬᠦ ᠭᠣᠣᠯ ᠰᠡᠳᠦᠪᠲᠦ ᠲᠣᠭᠣᠷᠢᠨ ᠦᠵᠡᠵᠦ ᠰᠤᠷᠤᠯᠴᠠᠬᠤ ᠠᠵᠢᠯᠯᠠᠭ᠎ᠠ ᠥᠷᠨᠢᠭᠦᠯᠵᠡᠢ᠃ 

ᠠᠵᠢᠯᠯᠠᠭ᠎ᠠ᠎ᠳᠤ᠂ ᠲᠣᠰ ᠲᠥᠪ᠎ᠦᠨ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠡᠴᠡ 《ᠰᠦᠯᠵᠢᠶ᠎ᠡ᠂ ᠲᠣᠭ᠎ᠠ ᠪᠠᠷᠢᠮᠲᠠ ᠵᠢᠴᠢ ᠮᠡᠳᠡᠭᠡ ᠵᠠᠩᠭᠢ ᠎ᠶᠢᠨ ᠠᠮᠤᠷ ᠲᠦᠪᠰᠢᠨ᠎ᠦ ᠪᠠᠢᠳᠠᠯ ᠬᠢᠭᠡᠳ ᠬᠠᠮᠠᠭᠠᠯᠠᠯᠲᠠ᠎ᠶᠢᠨ ᠳᠤᠬᠠᠢ ᠵᠠᠳᠠᠯᠤᠯᠲᠠ》 ᠭᠡᠬᠦ ᠰᠡᠳᠦᠪ ᠎ᠢᠶᠡᠷ ᠲᠤᠰᠬᠠᠢ ᠰᠡᠳᠦᠪᠲᠦ ᠲᠠᠢᠯᠤᠮᠵᠢ ᠬᠢᠵᠦ᠂ ᠣᠳᠣᠬᠠᠨ᠎ᠤ ᠰᠦᠯᠵᠢᠶᠡᠨ᠎ᠦ ᠠᠮᠤᠷ ᠲᠦᠪᠰᠢᠨ᠎ᠦ ᠪᠠᠢᠳᠠᠯ᠎ᠢ ᠡᠮᠬᠢᠯᠡᠨ ᠳᠢᠭᠯᠡᠵᠦ᠂ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠬᠤᠪᠢᠶᠠᠯᠴᠠᠬᠤ᠎ᠪᠠᠷ ᠳᠠᠮᠵᠢᠨ ᠳᠠᠭᠠᠷᠢᠯᠲᠠ᠎ᠳᠤ ᠤᠴᠠᠷᠠᠭᠰᠠᠨ ᠰᠢᠯᠲᠠᠭᠠᠨ᠎ᠳᠤ ᠵᠠᠳᠠᠯᠤᠯᠲᠠ ᠬᠢᠬᠦ᠎ᠶᠢᠨ ᠬᠠᠮᠲᠤ ᠠᠷᠭᠠᠴᠠᠭᠠᠬᠤ ᠠᠷᠭ᠎ᠠ ᠪᠣᠳᠣᠯᠭ᠎ᠠ᠎ᠶᠢ ᠳᠤᠷᠠᠳᠤᠨ ᠭᠠᠷᠭᠠᠪᠠ᠃ ᠳᠠᠷᠠᠭ᠎ᠠ ᠳ᠋ᠤᠨᠢ᠂ ᠰᠢᠭᠦᠬᠦ ᠬᠣᠷᠢᠶᠠᠨ ᠎ᠤ ᠺᠠᠳ᠋ᠷ ᠴᠠᠭᠳᠠᠭ᠎ᠠ ᠲᠣᠭᠠᠴᠢᠯᠠᠬᠰᠠᠨ ᠤᠶᠤᠨᠲᠦ ᠦᠵᠡᠭᠦᠯᠭᠡ᠎ᠶᠢᠨ ᠲᠥᠪ᠂ ᠲᠣᠭ᠎ᠠ ᠪᠠᠷᠢᠮᠲᠠ᠎ᠶᠢᠨ ᠲᠥᠪ᠎ᠦᠨ ᠬᠢᠨᠠᠨ ᠡᠵᠡᠮᠳᠡᠬᠦ ᠶᠡᠬᠡ ᠲᠢᠩᠬᠢᠮ ᠵᠡᠷᠭᠡ ᠲᠠᠯᠠᠪᠤᠷ᠎ᠢᠶᠠᠷ ᠲᠣᠭᠣᠷᠢᠨ ᠦᠵᠡᠵᠦ᠂ ᠡᠭᠦᠯᠡᠨ ᠲᠣᠭ᠎ᠠ ᠪᠠᠷᠢᠮᠲᠠ᠎ᠶᠢᠨ ᠲᠥᠪ᠎ᠦᠨ ᠪᠦᠬᠦᠯᠢ ᠴᠣᠭᠴᠠ᠎ᠶᠢᠨ ᠪᠠᠢᠳᠠᠯ᠎ᠤᠨ ᠲᠠᠨᠢᠯᠴᠠᠭᠤᠯᠭ᠎ᠠ ᠎ᠶᠢ ᠨᠠᠷᠢᠨ ᠰᠣᠨᠣᠰᠴᠤ᠂ ᠬᠦᠷᠢᠶᠡᠯᠡᠩ ᠲᠣᠭᠣᠷᠢᠭ᠋ ᠎ᠤᠨ ᠪᠦᠬᠦᠯᠢ ᠴᠣᠭᠴᠠ ᠎ᠶᠢᠨ ᠠᠵᠢᠯᠯᠠᠭᠠᠨ ᠎ᠤ ᠠᠮᠤᠷ ᠲᠦᠪᠰᠢᠨ ᠎ᠢ ᠬᠠᠮᠠᠭᠠᠯᠠᠬᠤ ᠵᠢᠴᠢ ᠠᠵᠤ ᠠᠬᠤᠢᠯᠠᠯ᠎ᠤᠨ ᠡᠳᠦᠷ ᠲᠤᠲᠤᠮ᠎ᠤᠨ ᠠᠵᠢᠯᠯᠠᠭᠤᠯᠵᠤ ᠪᠠᠲᠤᠯᠠᠬᠤ ᠳᠤᠮᠳᠠ ᠲᠣᠭ᠎ᠠ ᠪᠠᠷᠢᠮᠲᠠ᠎ᠶᠢᠨ ᠠᠮᠤᠷ ᠲᠦᠪᠰᠢᠨ ᠪᠠ ᠰᠢᠰᠲᠧᠮ᠎ᠦᠨ ᠲᠣᠭᠲᠠᠭᠤᠨ ᠪᠠᠢᠳᠠᠯ᠎ᠢ ᠬᠡᠷᠬᠢᠨ ᠪᠠᠲᠤᠯᠠᠬᠤ ᠲᠤᠬᠠᠢ ᠣᠢᠯᠠᠭᠠᠪᠠ᠃

ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠣᠯᠠᠨ᠎ᠢᠶᠠᠷ᠎ᠢᠶᠠᠨ ᠲᠣᠰ ᠤᠳᠠᠭᠠᠨ᠎ᠤ ᠦᠵᠡᠭᠦᠯᠭᠡ ᠢ᠋ᠢᠨ 《ᠠᠭᠤᠯᠭ᠎ᠠ ᠪᠣᠳᠠᠲᠠᠢ᠂ ᠬᠡᠯᠪᠡᠷᠢ ᠰᠢᠨ᠎ᠡ᠂ ᠣᠯᠣᠯᠲᠠ ᠡᠯᠪᠡᠭ》 ᠪᠠᠢᠵᠦ᠂ ᠠᠵᠤ ᠠᠬᠤᠢᠯᠠᠯ᠎ᠤᠨ ᠡᠮᠦᠨ᠎ᠡ ᠵᠠᠬ᠎ᠠ᠎ᠶᠢᠨ ᠮᠡᠷᠭᠡᠵᠢᠯ᠎ᠦᠨ ᠰᠢᠨ᠎ᠡ ᠡᠭᠦᠳᠦᠯᠲᠡ ᠪᠠ ᠨᠢᠭ᠍ᠲᠠ ᠴᠢᠩᠭ᠎ᠠ ᠠᠮᠤᠷ ᠲᠦᠪᠰᠢᠨ᠎ᠦ ᠰᠢᠰᠲᠧᠮ ᠎ᠢ  ᠪᠡᠶᠡᠴᠢᠯᠡᠨ ᠤᠢᠯᠠᠭᠠᠬᠰᠠᠨ ᠢ᠋ᠢᠡᠷ ᠪᠠᠷᠠᠬᠤ ᠦᠭᠡᠢ᠂ ᠨᠠᠩ ᠴᠤ᠌ ᠦᠵᠡᠯ ᠰᠠᠨᠠᠭᠠᠨ᠎ᠤ ᠲᠠᠯ᠎ᠠ᠎ᠪᠠᠷ 《ᠰᠦᠯᠵᠢᠶᠡᠨ᠎ᠦ ᠠᠮᠤᠷ ᠲᠦᠪᠰᠢᠨ᠎ᠳᠦ ᠬᠥᠮᠥᠨ ᠪᠦᠬᠦᠨ ᠬᠠᠷᠢᠭᠤᠴᠠᠯᠭ᠎ᠠ᠎ᠲᠠᠢ》 ᠭᠡᠳᠡᠭ᠎ᠢ ᠭᠦᠨᠵᠡᠭᠡᠢ ᠲᠠᠨᠢᠭ᠍ᠰᠠᠨ ᠪᠠᠢᠨ᠎ᠠ᠃ ᠬᠣᠢᠰᠢᠳᠠ ᠪᠦᠬᠦᠶ᠋ᠢᠯᠡ ᠴᠣᠭᠴᠠ᠎ᠶᠢᠨ ᠤᠯᠤᠰ ᠎ᠤᠨ ᠠᠮᠤᠷ ᠲᠦᠪᠰᠢᠨ᠎ᠦ ᠦᠵᠡᠯᠲᠡ᠎ᠶᠢ ᠴᠢᠨᠠᠭᠰᠢᠳᠠ ᠴᠢᠩᠭᠠᠳᠬᠠᠵᠤ᠂ ᠠᠵᠢᠯ ᠎ᠤᠨ ᠪᠠᠢᠷᠢ ᠵᠢᠨ  ᠪᠣᠳᠠᠲᠤ ᠪᠠᠢᠳᠠᠯ᠎ᠳᠠᠭᠠᠨ ᠰᠠᠭᠤᠷᠢᠯᠠᠵᠤ᠂ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠦ ᠲᠦᠭᠰᠢᠭᠦᠷᠢ᠎ᠶᠢ ᠰᠡᠷᠭᠡᠢᠯᠡᠬᠦ ᠤᠬᠠᠮᠰᠠᠷ᠎ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ᠎ᠤᠨ ᠦᠷ᠎ᠡ ᠪᠦᠲᠦᠮᠵᠢ ᠎ᠪᠡᠨ ᠦᠷᠭᠦᠯᠵᠢᠯᠡᠨ ᠳᠡᠭᠡᠭᠰᠢᠯᠡᠭᠦᠯᠦᠨ᠎ᠡ ᠬᠡᠵᠦ ᠢᠯᠡᠷᠬᠡᠢᠯᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号