ᠬᠦᠬᠡᠬᠤᠳᠠ ᠵᠤᠬᠢᠶᠠᠨ ᠪᠠᠢᠭᠤᠯᠤᠯᠲᠠ᠎ᠶᠢᠨ ᠴᠤᠬᠴᠠᠯᠠᠯᠲᠠ᠎ᠶᠢ ᠴᠢᠩᠭᠠᠳᠬᠠᠵᠦ ᠵᠡᠮᠳᠡᠭ᠌ᠴᠦᠳ᠎ᠦᠨ ᠦᠶ᠋ᠯᠡᠰ᠎ᠦᠨ ᠰᠠᠭᠤᠷᠢ᠎ᠶ᠋ᠢ ᠪᠡᠬᠢᠵᠢᠭᠦᠯᠵᠦ ᠪᠤᠢ
2025-10-17 10:11:15
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠬᠦᠬᠡᠬᠤᠲᠠ᠎ᠶᠢᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠬᠤᠭᠤᠴᠠᠭᠠᠨ᠎ᠳᠤ᠂ ᠬᠥᠬᠡᠬᠣᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠵᠦ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠵᠣᠬᠢᠶᠠᠨ ᠪᠠᠢᠭᠤᠯᠤᠯᠲᠠ᠎ᠶᠢᠨ ᠴᠤᠬᠴᠠᠯᠠᠯᠲᠠ᠎ᠶᠢᠨ ᠠᠵᠢᠯ᠎ᠤᠨ ᠡᠭᠦᠷᠭᠡ ᠪᠠᠨ ᠪᠥᠬᠥ᠌ ᠲᠠᠯ᠎ᠠ᠎ᠪᠠᠷ ᠪᠡᠶᠡᠯᠡᠭᠦᠯᠵᠦ᠍᠂ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦ᠍ᠨ ᠨᠡᠮᠡᠷᠢᠯᠡᠪᠡ᠃

ᠬᠦᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ ᠦᠨᠳᠦᠰᠦᠨ ᠱᠠᠲᠤᠨ᠎ᠤ ᠵᠡᠮᠳᠡᠭ᠌ᠴᠦᠳ᠎ᠦᠨ ᠵᠣᠬᠢᠶᠠᠨ ᠪᠠᠢᠭᠤᠯᠤᠯᠲᠠ᠎ᠶ᠋ᠢ ᠦᠨᠳᠦᠰᠦᠨ ᠱᠠᠲᠤᠨ᠎ᠤ ᠵᠠᠰᠠᠯᠲᠠ᠎ᠳᠤ ᠭᠦᠨᠵᠡᠭᠡᠶ ᠠᠭᠤᠰᠤᠯᠴᠠᠭᠤᠯᠬᠤ ᠎ᠶ᠋ᠢ ᠢᠳᠡᠪᠬᠢᠲᠡᠶ ᠠᠬᠢᠭᠤᠯᠵᠤ᠂ ᠵᠢᠷᠤᠮᠵᠢᠯ᠎ᠤᠨ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃ ᠤᠢᠷ᠎ᠡ ᠵᠢᠨ ᠵᠢᠯ᠎ᠳᠦ᠂ 《ᠬᠣᠲᠠ᠂ ᠬᠣᠱᠢᠭᠤ ᠱᠢᠶᠠᠨ ᠲᠣᠭᠣᠷᠢᠭ᠂ ᠱᠢᠶᠠᠩ ᠪᠠᠯᠭᠠᠰᠤ (ᠵᠡᠭᠡᠯᠢ ᠭᠤᠳᠤᠮᠵᠢ)᠂ ᠲᠣᠰᠭᠣᠨ (ᠨᠡᠢᠭᠡᠮ ᠲᠣᠭᠣᠷᠢᠭ)》 ᠳᠥᠷᠪᠡᠨ ᠱᠠᠲᠤᠨ᠎ᠤ ᠵᠡᠮᠳᠡᠭ᠌ᠴᠦᠳ᠎ᠦᠨ ᠵᠣᠬᠢᠶᠠᠨ ᠪᠠᠢᠭᠤᠯᠤᠯᠲᠠ᠎ᠶ᠋ᠢᠨ ᠬᠤᠭᠤᠴᠠᠭ᠎ᠠ ᠰᠣᠯᠢᠬᠤ ᠠᠵᠢᠯ᠎ᠢ ᠤᠷᠤᠭ᠍ᠰᠢᠲᠠᠶ ᠪᠡᠶᠡᠯᠡᠭᠦᠯᠵᠦ᠍᠂ ᠠᠵᠢᠯ᠎ᠤᠨ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠢ ᠪᠦᠷᠢᠨᠱᠢᠭᠦᠯᠪᠡ; ᠲᠣᠰᠭᠣᠨ (ᠨᠡᠢᠭᠡᠮ ᠲᠣᠭᠣᠷᠢᠭ) ᠤ᠋ ᠵᠡᠮᠳᠡᠭ᠌ᠴᠦᠳ ᠤ᠋ᠨ ᠨᠡᠢᠭᠡᠮᠯᠢᠭ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠪᠦᠬᠦ᠌  ᠬᠣᠲᠠ᠎ᠶ᠋ᠢᠨ 80 ᠱᠢᠶᠠᠩ ᠪᠠᠯᠭᠠᠰᠤ (ᠵᠡᠭᠡᠯᠢ ᠭᠤᠳᠤᠮᠵᠢ)᠂ 411 ᠨᠡᠢᠭᠡᠮ ᠲᠣᠭᠣᠷᠢᠭ᠂ 965 ᠵᠠᠰᠠᠭ ᠵᠠᠬᠢᠷᠭᠠᠨ᠎ᠤ ᠲᠣᠰᠭᠣᠨ᠎ᠳᠤ 1415 ᠲᠤᠰᠭᠠᠢ ᠲᠤᠱᠢᠶᠠᠯᠲᠤ ᠭᠡᠱᠢᠭᠦᠨ ᠲᠣᠬᠢᠷᠠᠭᠤᠯᠵᠤ᠂ ᠦᠢᠯᠡᠴᠢᠯᠡᠭᠡ᠎ᠶ᠋ᠢ ᠪᠦᠬᠦᠨ᠎ᠢ ᠪᠦᠷᠬᠦᠭᠦᠯᠬᠦ᠌᠎ᠶ᠋ᠢ ᠪᠡᠶᠡᠯᠡᠭᠦᠯᠪᠡ᠃ ᠡᠬᠦᠨ ᠡᠴᠡ ᠭᠠᠳᠠᠨ᠎ᠠ᠂ 190 ᠲᠦᠮᠡᠨ ᠲᠥᠭᠥᠷᠢᠭ᠎ᠦᠨ ᠪᠡᠯᠡ ᠣᠷᠣᠭᠤᠯᠵᠤ 14 ᠭᠠᠵᠠᠷ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠣᠷᠣᠨ ᠪᠠᠢᠷᠢ᠎ᠶ᠋ᠢ ᠲᠣᠭ᠍ᠲᠠᠭᠠᠵᠤ᠂ ᠪᠦᠬᠦ᠌ ᠣᠷᠣᠨ᠎ᠤ ᠬᠠᠮᠢᠶ᠎ᠠ  ᠪᠦᠬᠦᠢ  ᠪᠣᠯᠪᠠᠰᠤᠷᠠᠯ᠎ᠤᠨ ᠠᠩᠭᠢ ᠵᠢᠴᠢ ᠲᠤᠬᠠᠢ᠎ᠶ᠋ᠢᠨ ᠲᠠᠯᠠᠪᠠᠢ᠎ᠶ᠋ᠢᠨ ᠬᠤᠷᠠᠯ᠎ᠢ ᠳᠠᠭᠠᠭᠠᠴᠢᠯᠠᠨ ᠡᠷᠬᠢᠯᠡᠪᠡ᠃

ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠲᠠᠯ᠎ᠠ ᠎ᠪᠠᠷ᠂ ᠬᠥᠬᠡᠬᠣᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ᠎ᠶᠢᠨ ᠨᠠᠶ᠋ᠮᠠᠳᠤᠭᠠᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠦᠪᠰᠢᠶᠡᠷᠡᠯ᠎ᠢᠶᠡᠷ ᠳᠠᠮᠵᠢᠨ᠂ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠢ ᠳᠥᠷᠪᠡ ᠤᠳᠠᠭ᠎ᠠ ᠬᠤᠷᠠᠯᠳᠤᠭᠤᠯᠵᠤ᠂ ᠪᠣᠳᠠᠲᠠᠶ ᠠᠵᠢᠯ᠎ᠤᠨ ᠬᠡᠷᠡᠭ᠌ᠴᠡᠭᠡ᠎ᠶ᠋ᠢ ᠦᠨᠳᠦᠰᠦᠯᠡᠨ᠂ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ᠎ᠢ ᠨᠡᠮᠡᠵᠦ᠍ ᠨᠥᠬᠥᠪᠥᠷᠢᠯᠡᠬᠦ᠌ ᠪᠠ ᠰᠣᠯᠢᠵᠤ᠂ ᠵᠣᠬᠢᠶᠠᠨ ᠪᠠᠢᠭᠤᠯᠤᠯᠲᠠ᠎ᠶ᠋ᠢᠨ ᠥᠨᠳᠥᠷ ᠪᠦᠲᠦᠮᠵᠢᠲᠡᠶ ᠠᠵᠢᠯᠯᠠᠬᠤ᠎ᠶ᠋ᠢ ᠦᠨᠡᠨ ᠬᠦ᠌ ᠪᠠᠲᠤᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号