ᠨᠡᠢᠭᠡᠮ᠎ᠦᠨ ᠠᠵᠢᠯ᠎ᠤᠨ ᠺᠠᠳ᠋ᠷᠴᠤᠳ᠎ᠤᠨ ᠠᠵᠢᠯ᠎ᠤᠨ ᠪᠠᠢᠷᠢ᠎ᠳᠦ ᠭᠠᠷᠬᠤ ᠬᠥᠮᠦᠵᠢᠯ ᠪᠣᠯᠣᠨ ᠲᠤᠬᠠᠢᠯᠠᠭᠰᠠᠨ ᠠᠵᠢᠯ᠎ᠤᠨ ᠮᠡᠳᠡᠯᠭᠡ᠎ᠶᠢᠨ ᠪᠤᠯᠪᠠᠰᠤᠷᠠᠯ ᠶᠠᠪᠤᠬᠲᠠᠪᠠ
2025-10-17 11:19:41
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠎ᠶᠢᠨ ᠨᠡᠢᠭᠡᠮ ᠎ᠦᠨ ᠠᠵᠢᠯ᠎ᠤᠨ ᠬᠡᠯᠲᠡᠰ ᠎ᠡᠴᠡ 2 ᠡᠳᠦᠷ᠎ᠦᠨ ᠬᠤᠭᠤᠴᠠᠭ᠎ᠠ᠎ᠲᠠᠢ ᠺᠠᠳ᠋ᠷ᠎ᠤᠨ ᠠᠵᠢᠯ᠎ᠤᠨ ᠪᠠᠢᠷᠢ᠎ᠳᠦ ᠭᠠᠷᠬᠤ ᠬᠥᠮᠦᠵᠢᠯ ᠪᠣᠯᠣᠨ ᠲᠤᠬᠠᠢᠯᠠᠭᠰᠠᠨ ᠠᠵᠢᠯ᠎ᠤᠨ ᠮᠡᠳᠡᠯᠭᠡ᠎ᠶᠢᠨ ᠪᠣᠯᠪᠠᠰᠤᠷᠠᠯ᠎ᠤᠨ ᠠᠩᠭᠢ᠎ᠶᠢ ᠡᠷᠬᠢᠯᠡᠪᠡ᠃ 

ᠪᠣᠯᠪᠠᠰᠤᠷᠠᠯ᠎ᠤᠨ ᠠᠩᠭᠢ ᠨᠢ ᠲᠤᠬᠠᠢᠯᠠᠭᠰᠠᠨ ᠠᠵᠢᠯ᠎ᠤᠨ ᠲᠠᠢᠯᠤᠮᠵᠢ ᠬᠢᠬᠦ᠂ ᠲᠤᠰᠬᠠᠢ ᠰᠡᠳᠦᠪ᠎ᠢᠶᠡᠷ ᠬᠠᠪᠰᠤᠷᠤᠨ ᠵᠢᠯᠤᠭᠣᠳᠬᠤ᠂ ᠲᠤᠬᠠᠢ᠎ᠶᠢᠨ ᠲᠠᠯᠠᠪᠤᠷ᠎ᠲᠤ ᠵᠢᠭᠠᠨ ᠰᠤᠷᠭᠠᠬᠤ ᠵᠡᠷᠭᠡ ᠠᠷᠭ᠎ᠠ ᠮᠠᠶᠢᠭ᠋᠎ᠢ ᠠᠪᠴᠤ᠂ ᠶᠡᠷᠦᠩᠬᠡᠢ ᠱᠦᠵᠢ ᠰᠢ᠎ᠶᠢᠨ ᠫᠢᠩ ᠤ᠋ᠨ ᠨᠡᠢᠭᠡᠮ᠎ᠦᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠪᠠ᠃ ᠪᠣᠯᠪᠠᠰᠤᠷᠠᠯ᠎ᠤᠨ ᠳᠤᠮᠳᠠ ᠰᠡᠷᠡᠮᠵᠢᠯᠡᠭᠦᠯᠬᠦ ᠬᠥᠮᠦᠵᠢᠯ ᠎ᠦᠨ ᠺᠢᠨᠣ᠋᠎ᠶᠢ ᠵᠣᠬᠢᠶᠠᠨ ᠪᠠᠢᠭᠤᠯᠤᠨ ᠦᠵᠡᠵᠦ᠂ ᠪᠠᠢᠭᠤᠯᠭ᠎ᠠ᠎ᠶᠢᠨ ᠨᠠᠮ ᠎ᠤᠨ ᠬᠣᠷᠢᠶᠠᠨ ᠎ᠤ ᠲᠤᠰᠬᠠᠢ ᠲᠤᠰᠢᠶᠠᠯᠲᠤ ᠳᠡᠳ᠋ ᠱᠦᠵᠢ ᠴᠢᠭᠡᠴᠢ ᠵᠠᠰᠠᠭ᠎ᠤᠨ ᠬᠠᠮᠲᠤ ᠎ᠶᠢᠨ ᠶᠠᠷᠢᠯᠴᠠᠭ᠎ᠠ᠎ᠶᠢ ᠥᠷᠨᠢᠭᠦᠯᠵᠦ᠂ ᠵᠠᠯᠠᠭᠤ ᠺᠠᠳ᠋ᠷᠴᠤᠳ᠎ᠤᠨ ᠠᠮᠢᠳᠤᠷᠠᠯ᠎ᠤᠨ 《ᠠᠩᠬᠠᠨ᠎ᠤ ᠲᠣᠪᠴᠢ》 ᠵᠢ ᠦᠨᠡᠨ ᠬᠦ᠌ ᠰᠠᠢᠲᠤᠷ ᠲᠣᠪᠴᠢᠯᠠᠪᠠ᠃ ᠪᠦᠬᠦ ᠨᠠᠮ᠎ᠤᠨ ᠭᠡᠰᠢᠭᠦᠨ ᠪᠠᠰᠠ ᠥᠪᠥᠷ ᠮᠣᠩᠭᠣᠯ᠎ᠤᠨ ᠮᠦᠽᠧᠢ ᠎ᠳᠦ ᠬᠦᠷᠴᠦ ᠳᠤᠮᠳᠠᠳᠤ ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠲᠤᠬᠠᠢ᠎ᠶᠢᠨ ᠲᠠᠯᠠᠪᠠᠢ᠎ᠶᠢᠨ ᠵᠢᠭᠠᠨ ᠰᠤᠷᠭᠠᠯᠲᠠ ᠬᠢᠵᠡᠢ᠃ 

ᠪᠣᠯᠪᠠᠰᠤᠷᠠᠯ᠎ᠢᠶᠠᠷ ᠳᠡᠮᠵᠢᠨ᠂ ᠰᠢᠨ᠎ᠡ᠎ᠪᠡᠷ ᠠᠵᠢᠯ᠎ᠤᠨ ᠪᠠᠢᠷᠢ᠎ᠳᠦ ᠭᠠᠷᠤᠬᠰᠠᠨ ᠺᠠᠳ᠋ᠷᠴᠤᠳ᠂ ᠲᠤᠰ ᠤᠳᠠᠭᠠᠨ ᠎ᠤ ᠪᠣᠯᠪᠠᠰᠤᠷᠠᠯ᠎ᠢᠶᠠᠷ ᠠᠵᠠ ᠲᠣᠬᠢᠶᠠᠯ ᠪᠣᠯᠭᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠤᠯᠤᠰ ᠲᠦᠷᠦ᠎ᠶᠢᠨ ᠬᠡᠪ ᠪᠣᠯᠪᠠᠰᠤᠷᠠᠯ ᠪᠣᠯᠣᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠶᠤᠨ ᠤᠬᠠᠭᠠᠨ ᠪᠣᠯᠣᠨ ᠬᠦᠴᠦᠨ ᠴᠢᠳᠠᠯ᠎ᠢᠶᠠᠨ ᠰᠢᠨ᠎ᠡ ᠴᠠᠭ ᠦᠶ᠎ᠡ ᠎ᠶᠢᠨ ᠨᠡᠢᠭᠡᠮ ᠎ᠦᠨ ᠠᠵᠢᠯ ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠳᠡᠭᠡᠷ᠎ᠡ ᠨᠢᠭ᠍ᠲᠠᠷᠠᠭᠤᠯᠵᠤ᠂ ᠨᠢᠭᠡᠨ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ ᠎ᠢ ᠰᠠᠢᠲᠤᠷ ᠬᠢᠬᠦ᠂ ᠮᠣᠩᠭᠣᠯ ᠮᠣᠷᠢᠨ ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠲᠤᠮᠲᠠ ᠲᠦᠪᠰᠢᠨ᠎ᠳᠤ ᠤᠷᠤᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠨᠡᠢᠭᠡᠮ᠎ᠦᠨ ᠠᠵᠢᠯ ᠎ᠤᠨ ᠬᠦᠴᠦᠨ ᠴᠢᠳᠠᠯ ᠎ᠢᠶᠠᠨ ᠡᠷᠭᠦᠨ᠎ᠡ ᠬᠡᠵᠦ ᠢᠯᠡᠷᠬᠡᠢᠯᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号