2025 ᠣᠨ᠎ᠤ ᠬᠠᠳᠤᠨ ᠭᠣᠣᠯ᠎ᠤᠨ ᠰᠠᠪᠠ ᠭᠠᠵᠠᠷ᠎ᠤᠨ ᠵᠠᠯᠠᠭᠤᠴᠤᠳ ᠪᠠᠭᠠᠴᠤᠳ᠎ᠤᠨ ᠭᠤᠷᠪᠠᠨ ᠶᠡᠬᠡ ᠪᠥᠮᠪᠥᠭᠡ᠎ᠶ᠋ᠢᠨ ᠤᠷᠢᠯᠭ᠎ᠠ ᠎ᠶ᠋ᠢᠨ ᠤᠷᠤᠯᠳᠤᠭᠠᠨ᠎ᠳᠤ ᠦᠪᠦᠷ ᠮᠤᠨᠭᠭᠤᠯ᠎ᠤᠨ ᠲᠠᠮᠢᠷᠴᠢᠨ ᠰᠢᠯᠢᠳᠡᠭ ᠬᠢᠷᠢ ᠪᠦᠲᠦᠮᠵᠢ ᠤᠯᠵᠠᠢ
2025-10-17 10:16:49
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ ᠲᠦᠷᠦᠬᠦᠬᠡᠨ᠂ 2025 ᠣᠨ᠎ᠤ ᠬᠠᠲᠤᠨ ᠭᠤᠤᠯ᠎ᠤᠨ ᠰᠠᠪᠠ ᠭᠠᠵᠠᠷ᠎ᠤᠨ ᠵᠠᠯᠠᠭᠤᠴᠤᠳ ᠪᠠᠭᠠᠴᠤᠳ᠎ᠤᠨ ᠭᠤᠷᠪᠠᠨ ᠶᠡᠬᠡ ᠪᠥᠮᠪᠥᠭᠡ᠎ᠶ᠋ᠢᠨ ᠤᠷᠢᠯᠭ᠎ᠠ᠎ᠶ᠋ᠢᠨ ᠤᠷᠤᠯᠳᠤᠭᠠᠨ ᠨᠢᠩᠱᠢᠶᠠ᠎ᠶ᠋ᠢᠨ ᠢᠷᠭᠠᠶ ᠬᠤᠲᠠ᠎ᠳᠤ ᠲᠡᠭᠦᠰ ᠠᠮᠵᠢᠯᠲᠠ᠎ᠲᠠᠶ ᠥᠨᠳᠥᠷᠯᠡᠪᠡ᠃

ᠲᠤᠰ ᠤᠷᠤᠯᠳᠤᠭᠠᠨ᠎ᠳᠦ ᠥᠪᠥᠷ ᠮᠣᠩᠭᠣᠯ᠂ ᠱᠠᠨᠳᠦ᠋ᠩ᠂ ᠾᠧᠨᠠᠨ᠂ ᠰᠸᠴᠤᠸᠠᠨ᠂ ᠭᠠᠨᠰᠦ᠂ ᠱᠠᠨ ᠰᠢ᠂ ᠱᠠᠨᠰᠢ᠂ ᠬᠥᠬᠡᠨᠠᠭᠤᠷ ᠪᠣᠯᠤᠨ ᠨᠢᠩᠱᠢᠶᠠ᠎ᠠᠴᠠ ᠢᠷᠡᠭ᠌ᠰᠡᠨ 1000 ᠱᠢᠬᠠᠮ ᠵᠠᠯᠠᠭᠤᠴᠤᠳ ᠪᠠᠭᠠᠴᠤᠳ ᠤᠷᠤᠯᠴᠠᠪᠠ᠃ ᠡᠭᠦᠨ᠎ᠳᠦ ᠥᠪᠥᠷ ᠮᠣᠩᠭᠣᠯ᠎ᠤᠨ ᠲᠠᠪᠤᠨ ᠡᠩᠨᠡᠭᠡ ᠰᠠᠭ᠍ᠰᠤᠨ ᠪᠥᠮᠪᠥᠭᠡ᠂ ᠠᠯᠠᠭᠠᠳᠠᠬᠤ ᠪᠥᠮᠪᠥᠭᠡ᠂ ᠬᠥᠯ ᠪᠥᠮᠪᠥᠭᠡ ᠵᠡᠷᠭᠡ ᠭᠤᠷᠪᠠᠨ ᠶᠡᠬᠡ ᠤᠷᠤᠯᠳᠤᠭᠠᠨ᠎ᠤ ᠲᠠᠯᠠᠪᠤᠷ᠎ᠲᠤ ᠡᠷᠡᠯᠬᠡᠭ᠌ᠯᠡᠨ ᠲᠡᠮᠡᠴᠡᠪᠡ᠃ 9 ᠡᠳᠦᠷ᠎ᠦᠨ ᠱᠢᠷᠦᠭᠦᠨ ᠥᠷᠢᠰᠥᠯᠳᠦᠭᠡᠨ᠎ᠢᠶᠡᠷ ᠳᠠᠮᠵᠢᠭᠠᠳ ᠥᠪᠥᠷ ᠮᠣᠩᠭᠣᠯ᠎ᠤᠨ ᠡᠷᠡᠭ᠌ᠲᠡᠶ᠎ᠶ᠋ᠢᠨ ᠰᠠᠭ᠍ᠰᠤᠨ ᠪᠥᠮᠪᠥᠭᠡ᠎ᠶ᠋ᠢᠨ ᠠᠩᠭᠢ ᠨᠢᠭᠡᠳᠦᠭᠡᠷ᠎ᠲᠦ ᠲᠤᠳᠤᠷᠠᠵᠦ᠂ ᠡᠮᠡᠭ᠌ᠲᠡᠶ᠎ᠶ᠋ᠢᠨ ᠠᠯᠠᠭᠠᠳᠠᠬᠤ ᠪᠥᠮᠪᠥᠭᠡ᠎ᠶ᠋ᠢᠨ ᠠᠩᠭᠢ ᠨᠢᠭᠡᠳᠦᠭᠡᠷ᠎ᠲᠦ ᠤᠷᠤᠵᠤ᠂ ᠡᠷᠡᠭ᠌ᠲᠡᠶ᠎ᠶ᠋ᠢᠨ ᠠᠯᠠᠭᠠᠳᠠᠬᠤ ᠪᠥᠮᠪᠥᠭᠡ᠎ᠶ᠋ᠢᠨ ᠠᠩᠭᠢ ᠳᠥᠷᠪᠡᠳᠦᠭᠡᠷ᠎ᠲᠦ ᠵᠢᠭᠰᠠᠵᠤ᠂ ᠡᠷᠡᠭ᠌ᠲᠡᠶ᠎ᠶ᠋ᠢᠨ ᠬᠥᠯ ᠪᠥᠮᠪᠥᠭᠡ᠎ᠶ᠋ᠢᠨ ᠠᠩᠭᠢ ᠵᠢᠷᠭᠤᠳᠤᠭᠠᠷ᠎ᠲᠤ ᠣᠷᠣᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号