ᠼᠢᠷᠺ ᠵᠦᠴᠦᠭᠡ 《ᠬᠤᠨ ᠭᠠᠯᠠᠭᠤ》 ᠵᠢ 362 ᠲᠠᠯᠠᠪᠠᠶ ᠲᠤᠭᠯᠠᠪᠠ
2025-10-17 09:47:38
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠼᠢᠷᠺ ᠤ᠋ᠨ ᠪᠦᠯᠬᠦᠮ ᠤ᠋ᠨ ᠪᠦᠳᠦᠭᠡᠯ ᠼᠢᠷᠺ ᠵᠦᠴᠦᠭᠡ 《ᠬᠤᠨ ᠭᠠᠯᠠᠭᠤ》 ᠶ᠋ᠢ 2025 ᠤᠨ ᠳ᠋ᠦ ᠤᠷᠳᠤᠰ ᠬᠤᠳᠠ ᠶ᠋ᠢᠨ ᠡᠵᠡᠨ ᠬᠤᠷᠤᠭ᠎ᠠ ᠬᠤᠰᠢᠭᠤᠨ ᠤ᠋ ᠵᠢᠭᠤᠯᠴᠢᠯᠠᠯ ᠤ᠋ᠨ ᠦᠵᠡᠮᠵᠢ ᠶ᠋ᠢᠨ ᠭᠠᠵᠠᠷ ᠲᠦ᠍ ᠰᠠᠭᠤᠷᠢᠰᠢᠨ ᠲᠣᠭ᠍ᠯᠠᠵᠤ᠂ 161 ᠡᠳᠦᠷ ᠲᠦ᠍ ᠵᠠᠯᠭᠠᠭ᠎ᠠ ᠪᠠᠷ 362 ᠲᠠᠯᠠᠪᠠᠶ ᠲᠣᠭ᠍ᠯᠠᠭ᠍ᠰᠠᠨ ᠲᠡᠮᠳᠡᠭ᠌ᠯᠡᠯ ᠢ᠋ ᠡᠭᠦᠳᠤᠨ᠂ ᠥᠨᠳᠥᠷ ᠳᠠᠪᠲᠠᠮᠵᠢ ᠲᠠᠶ᠂ ᠴᠢᠨᠠᠷ ᠰᠠᠢᠲᠠᠶ  ᠲᠠᠢᠰᠠᠨ ᠤ᠋ ᠲᠣᠭ᠍ᠯᠠᠯᠲᠠ ᠪᠠᠷ  ᠲᠠᠢᠰᠠᠨ ᠤ᠋ ᠵᠦᠴᠦᠭᠡ ᠵᠢᠨ ᠲᠤᠬᠠᠢ ᠵᠢᠨ ᠭᠠᠵᠠᠷ ᠲᠦ᠍ ᠰᠠᠭᠤᠷᠢᠰᠢᠨ ᠲᠣᠭ᠍ᠯᠠᠭ᠍ᠰᠠᠨ ᠱᠢᠨ᠎ᠡ ᠠᠮᠵᠢᠯᠲᠠ ᠶ᠋ᠢ ᠡᠭᠦᠳᠪᠡ᠃

ᠡᠨᠡ ᠵᠢᠯ ᠤ᠋ᠨ 《5.1》 ᠤ᠋ ᠲᠣᠭ᠍ᠯᠠᠯᠲᠠ ᠡᠬᠢᠯᠡᠭ᠌ᠰᠡᠨ ᠡᠴᠡ ᠨᠠᠭᠠᠰᠢ᠂ ᠲᠣᠭ᠍ᠯᠠᠯᠲᠠ ᠶ᠋ᠢᠨ ᠡᠷᠴᠢᠮ ᠶᠡᠬᠡᠲᠡᠶ ᠮᠦᠷᠳᠡᠬᠡᠨ ᠠᠢᠵᠠᠮ ᠬᠤᠷᠳᠤᠨ ᠪᠠᠢᠬᠤ ᠨᠢ ᠲᠣᠭ᠍ᠯᠠᠭ᠍ᠴᠢ ᠶ᠋ᠢᠨ ᠳᠠᠮᠢᠷ ᠬᠦᠴᠦ  ᠪᠣᠯᠤᠨ ᠰᠥᠰᠥ᠍ ᠵᠣᠷᠢᠭ ᠤ᠋ᠨ ᠰᠢᠯᠭᠠᠯᠳᠠ ᠪᠣᠯᠤᠭᠰᠠᠨ ᠮᠦᠷᠳᠡᠭᠡᠨ ᠪᠠᠰᠠ ᠴᠦ᠍ ᠲᠣᠭ᠍ᠯᠠᠯᠲᠠ ᠶ᠋ᠢᠨ ᠪᠦᠯᠬᠦᠮ ᠤ᠋ᠨ ᠬᠠᠮᠢᠶᠠᠷᠤᠯᠲᠠ ᠶ᠋ᠢᠨ ᠲᠣᠭ᠍ᠲᠠᠴᠠ ᠵᠢᠴᠢ ᠬᠦᠷᠢᠶᠡᠯᠡᠩ ᠪᠦᠯᠬᠦᠮ ᠤ᠋ᠨ ᠲᠤᠰᠬᠠᠢᠵᠢᠭᠰᠠᠨ ᠡᠵᠡᠩᠨᠡᠯᠲᠡ ᠶ᠋ᠢᠨ ᠱᠢᠯᠭᠠᠯᠲᠠ ᠪᠤᠯᠵᠠᠢ᠃ 362 ᠲᠠᠯᠠᠪᠠᠢ ᠲᠣᠭ᠍ᠯᠠᠯᠲᠠ ᠵᠢ ᠠᠯᠳᠠᠭ᠎ᠠ ᠦᠭᠡᠢ ᠲᠤᠭᠯᠠᠭᠰᠠᠨ ᠨᠢ ᠲᠣᠭ᠍ᠯᠠᠭ᠍ᠴᠢᠳ ᠤ᠋ᠨ  ᠲᠤᠬᠠᠢᠯᠠᠭ᠍ᠰᠠᠨ ᠠᠵᠢᠯ ᠤ᠋ᠨ ᠪᠠᠷᠢᠮᠲᠠᠯᠠᠯ ᠪᠠ ᠬᠠᠷᠢᠭᠤᠴᠠᠯᠭ᠎ᠠ ᠡᠭᠦᠷᠭᠡᠯᠡᠯ ᠢ᠋ ᠢᠯᠡᠷᠡᠭᠦᠯᠵᠦ᠍᠂ ᠤᠯᠤᠰ ᠤ᠋ᠨ ᠥᠮᠴᠢᠯᠡᠯᠳᠦ ᠤᠳᠭ᠎ᠠ ᠤᠷᠠᠯᠢᠭ ᠤ᠋ᠨ ᠬᠦᠷᠢᠶᠡᠯᠡᠩ ᠪᠦᠯᠬᠦᠮ ᠤ᠋ᠨ ᠬᠠᠮᠢᠶᠠᠷᠤᠯᠲᠠ ᠡᠵᠡᠩᠨᠡᠯᠲᠡ ᠶ᠋ᠢᠨ ᠮᠡᠷᠭᠡᠵᠢᠭ᠌ᠰᠡᠨ᠂ ᠪᠠᠷᠢᠮᠵᠢᠶᠠᠵᠢᠭ᠍ᠰᠠᠨ ᠪᠠ ᠲᠤᠰᠭᠠᠢᠵᠢᠭ᠍ᠰᠠᠨ ᠪᠠᠢᠳᠠᠯ ᠢ᠋ ᠬᠠᠷᠠᠭᠤᠯᠵᠤ᠂ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠼᠢᠷᠺ ᠤ᠋ᠨ ᠪᠦᠯᠬᠦᠮ ᠤ᠋ᠨ ᠴᠢᠳᠠᠪᠤᠷᠢᠲᠠᠨ ᠤ᠋ ᠡᠩᠨᠡᠭᠡ ᠶ᠋ᠢᠨ ᠪᠠᠢᠭᠤᠯᠤᠯᠲᠠ ᠶ᠋ᠢᠨ ᠱᠢᠨ᠎ᠡ ᠦᠷ᠎ᠡ ᠪᠦᠲᠦᠭᠡᠯ ᠢ᠋ ᠢᠯᠡᠷᠡᠭᠦᠯᠵᠠᠢ᠃

ᠼᠢᠷᠺ ᠵᠦᠴᠦᠭᠡ 《ᠬᠤᠨ ᠭᠠᠯᠠᠭᠤ》 ᠪᠣᠯ ᠼᠢᠷᠺ᠂ ᠪᠥᠵᠢᠭ ᠪᠠ ᠳᠠᠭᠤᠤ ᠬᠥᠭ᠌ᠵᠢᠮ ᠢ᠋ ᠤᠶᠠᠯᠳᠤᠭᠤᠯᠤᠭᠰᠠᠨ ᠲᠣᠮᠣ ᠬᠡᠯᠪᠡᠷᠢ ᠶ᠋ᠢᠨ ᠲᠠᠢᠰᠠᠨ ᠤ᠋ ᠵᠦᠴᠦᠭᠡ ᠪᠠᠢᠵᠤ᠂ ᠥᠪᠥᠷ ᠮᠣᠩᠭᠣᠯ ᠤ᠋ᠨ ᠤᠷᠠᠯᠢᠭ  ᠵᠦᠴᠦᠭᠡ ᠶ᠋ᠢᠨ ᠬᠦᠷᠢᠶᠡᠯᠡᠩ ᠤ᠋ᠨ ᠼᠢᠷᠺ ᠤ᠋ᠨ ᠪᠦᠯᠬᠦᠮ ᠡᠴᠡ ᠵᠣᠬᠢᠶᠠᠨ ᠪᠦᠲᠦᠭᠡᠭ᠌ᠰᠡᠨ ᠲᠤᠷᠪᠢᠯᠢᠭ ᠪᠦᠳᠦᠬᠡᠯ ᠪᠤᠯᠤᠨ᠎ᠠ᠃ ᠪᠦᠬᠦ᠌ ᠵᠦᠴᠦᠭᠡ ᠨᠢ ᠬᠤᠨ ᠭᠠᠯᠠᠭᠤ ᠶ᠋ᠢᠨ ᠨᠡᠭᠦᠳᠡᠯ ᠢ᠋ᠶ᠋ᠡᠷ ᠰᠠᠨᠠᠭ᠎ᠠ ᠲᠥᠷᠬᠦ᠌ ᠪᠡᠨ ᠪᠣᠯᠭᠠᠵᠤ᠂ 《ᠳᠡᠭᠳᠡᠭᠡᠬᠡᠢ》᠂ 《ᠭᠠᠯᠠᠭᠤᠨ ᠡᠷᠢᠯ》᠂ 《ᠭᠠᠯᠠᠭᠤᠳ ᠪᠤᠴᠠᠯ᠎ᠠ》 ᠭᠡᠬᠦ᠌ 3 ᠦᠵᠡᠭ᠌ᠳᠡᠯ ᠬᠤᠪᠢᠶᠠᠨ᠂ ᠤᠷᠠᠨ ᠨᠤᠭᠤᠯᠤᠭ᠎ᠠ᠂ ᠪᠠᠯᠧᠲ ᠪᠥᠵᠢᠭ᠂ ᠲᠤᠭᠤᠢ ᠲᠡᠭᠡᠷ᠎ᠡ ᠡᠴᠨ ᠠᠶᠠᠭ᠎ᠠ ᠵᠡᠷᠭᠡᠯᠡᠬᠦ᠂ ᠶᠧᠯᠸᠢ᠂ ᠦᠨᠳᠦᠷ ᠡᠴᠡ ᠡᠷᠬᠢᠯᠳᠦᠨ ᠪᠠᠭᠤᠬᠤ ᠵᠡᠷᠭᠡ 10 ᠭᠠᠷᠤᠶ ᠵᠦᠢᠯ ᠤ᠋ᠨ ᠮᠠᠰᠢ ᠬᠦᠴᠢᠷᠲᠡᠶ ᠼᠢᠷᠺ ᠤ᠋ᠨ ᠲᠣᠭ᠍ᠯᠠᠯᠲᠠ ᠪᠠᠷ ᠳᠡᠮᠵᠢᠨ ᠥᠰᠦᠨ ᠪᠣᠢᠵᠢᠬᠤ᠂ ᠬᠥᠭᠡᠭᠡᠴᠡᠯᠳᠦᠯ ᠪᠠ ᠪᠤᠴᠠᠯᠲᠠ ᠶ᠋ᠢᠨ ᠲᠤᠬᠠᠶ ᠰᠡᠳᠭᠢᠯ ᠬᠥᠳᠡᠯᠭᠡᠮ᠎ᠡ ᠦᠯᠢᠭᠡᠷ ᠢ᠋ ᠶᠠᠷᠢᠵᠠᠢ᠃ ᠼᠢᠷᠺ ᠵᠦᠴᠦᠭᠡ 《ᠬᠤᠨ ᠭᠠᠯᠠᠭᠤ》 ᠶ᠋ᠢᠨ ᠠᠮᠵᠢᠯᠲᠠ ᠲᠠᠶ ᠰᠦᠪᠡᠭᠴᠢᠯᠡᠯᠳᠡ ᠨᠢ ᠰᠣᠶᠣᠯ ᠵᠢᠭᠤᠯᠴᠢᠯᠠᠯ ᠤ᠋ᠨ ᠲᠠᠯᠠᠪᠠᠶ ᠳ᠋ᠦ ᠰᠠᠭᠤᠷᠢᠰᠢᠭᠰᠠᠨ ᠲᠣᠭ᠍ᠯᠠᠯᠲᠠ ᠳ᠋ᠤ ᠴᠣ ᠱᠢᠨ᠎ᠡ ᠤᠷᠠᠯᠢᠭ ᠤ᠋ᠨ ᠬᠡᠪ ᠳᠠᠭᠤᠷᠢᠶᠠᠯ ᠪᠣᠯᠤᠭ᠍ᠰᠠᠨ ᠢ᠋ᠶ᠋ᠠᠷ ᠪᠠᠷᠠᠬᠤ ᠥᠬᠡᠶ᠂ ᠢᠷᠡᠭᠡᠳᠦᠶ ᠶ᠋ᠢᠨ ᠰᠣᠶᠣᠯ ᠵᠢᠭᠤᠯᠴᠢᠯᠠᠯ ᠤ᠋ᠨ ᠲᠣᠭ᠍ᠯᠠᠯᠲᠠ ᠶ᠋ᠢᠨ ᠱᠢᠨ᠎ᠡ ᠶ᠋ᠢ ᠡᠭᠦᠳᠬᠦ᠌ ᠬᠥᠭ᠌ᠵᠢᠯᠲᠡ ᠳ᠋ᠦ ᠡᠷᠬᠢᠮ ᠨᠠᠨᠳᠢᠨ ᠲᠤᠷᠰᠢᠯᠭ᠎ᠠ ᠬᠠᠩᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号