2026 ᠣᠨ᠎ᠤ ᠪᠦᠬᠦ ᠤᠯᠤᠰ ᠎ᠤᠨ ᠠᠰᠫᠢᠷᠠᠨᠲ ᠡᠯᠰᠡᠬᠦ ᠰᠢᠯᠭᠠᠯᠲᠠ᠎ᠳᠦ ᠨᠡᠷ᠎ᠡ ᠮᠡᠳᠡᠬᠦᠯᠬᠦ ᠠᠵᠢᠯ ᠶᠠᠪᠤᠭᠳᠠᠵᠤ ᠪᠤᠢ
2025-10-18 12:08:26
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

10 ᠰᠠᠷ᠎ᠠ᠎ᠶᠢᠨ 16᠎ᠤ᠋ ᠡᠳᠦᠷ ᠡᠴᠡ 2026 ᠣᠨ᠎ᠤ ᠪᠥᠬᠥ ᠤᠯᠤᠰ᠎ᠤᠨ ᠠᠰᠫᠢᠷᠠᠨᠲ ᠡᠯᠰᠡᠬᠦ ᠰᠢᠯᠭᠠᠯᠲᠠ᠎ᠳᠤ ᠵᠢᠩᠬᠢᠨᠢ᠎ᠪᠡᠷ ᠨᠡᠷ᠎ᠡ ᠮᠡᠳᠡᠬᠦᠯᠬᠦ ᠠᠵᠢᠯ ᠡᠬᠢᠯᠡᠨ᠂ 10 ᠰᠠᠷ᠎ᠠ᠎ᠶᠢᠨ 27᠎ᠤ᠋ ᠡᠳᠦᠷ ᠳᠠᠭᠤᠰᠤᠨ᠎ᠠ᠂ ᠨᠡᠷ᠎ᠡ ᠮᠡᠳᠡᠭᠦᠯᠬᠦ ᠴᠠᠭ ᠨᠢ ᠡᠳᠦᠷ ᠪᠦᠷᠢ ᠵᠢᠨ 9 ᠄ 00 ︱ 22 ᠄ 00 ᠪᠣᠯᠣᠨ᠎ᠠ᠃ ᠥᠪᠥᠷ ᠮᠣᠩᠭᠣᠯ᠎ᠳᠤ 22 ᠨᠡᠷ᠎ᠡ ᠮᠡᠳᠡᠭᠦᠯᠬᠦ ᠴᠡᠭ ᠳᠤᠬᠢᠷᠠᠭᠤᠯᠪᠠ᠃

ᠣᠢᠯᠠᠭᠠᠭᠰᠠᠨ᠎ᠢᠶᠠᠷ᠂ 10 ᠰᠠᠷ᠎ᠠ᠎ᠶᠢᠨ 10᠎ᠤ᠋ ᠡᠳᠦᠷ᠎ᠡᠴᠡ 13᠎ᠤ᠋ ᠡᠳᠦᠷ ᠪᠣᠯᠲᠠᠯ᠎ᠠ᠂ 2026 ᠣᠨ᠎ᠤ ᠪᠥᠬᠥ ᠤᠯᠤᠰ᠎ᠤᠨ ᠠᠰᠫᠢᠷᠠᠨᠲ ᠡᠯᠰᠡᠬᠦ ᠰᠢᠯᠭᠠᠯᠲᠠ᠎ᠶᠢᠨ ᠰᠦᠯᠵᠢᠶᠡᠨ ᠳᠡᠭᠡᠷ᠎ᠡ ᠤᠷᠢᠳᠴᠢᠯᠠᠨ ᠮᠡᠳᠡᠬᠦᠯᠬᠦ ᠠᠵᠢᠯ ᠶᠠᠪᠤᠭᠳᠠᠵᠠᠢ᠃ ᠡᠨᠡ ᠵᠢᠯ ᠥᠪᠥᠷ ᠮᠣᠩᠭᠣᠯ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠪᠤᠭᠤᠲᠤ᠎ᠶᠢᠨ ᠡᠮᠨᠡᠯᠭᠡ᠎ᠶᠢᠨ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ ᠵᠡᠷᠭᠡ 10 ᠶᠡᠬᠡ ᠳᠡᠭᠡᠳᠦ ᠰᠤᠷᠭᠠᠭᠤᠯᠢ ᠪᠠ 12 ᠠᠢᠮᠠᠭ ᠬᠣᠲᠠ᠎ᠶᠢᠨ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠳᠤ ᠨᠡᠷ᠎ᠡ ᠮᠡᠳᠡᠭᠦᠯᠬᠦ ᠴᠡᠭ ᠳᠤᠬᠢᠷᠠᠭᠤᠯᠪᠠ᠃

ᠦᠪᠤᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ ᠡᠴᠡ ᠣᠷᠣᠨ᠎ᠤ ᠳᠣᠲᠣᠷᠠᠬᠢ ᠶᠡᠬᠡ ᠳᠡᠭᠡᠳᠦ ᠰᠤᠷᠭᠠᠭᠤᠯᠢ᠎ᠶᠢᠨ 2026 ᠤᠨ ᠳ᠋ᠤ ᠳᠡᠬᠦᠰᠬᠦ ᠰᠣᠷᠣᠭ᠍ᠴᠢᠳ ᠨᠡᠷ᠎ᠡ ᠮᠡᠳᠡᠬᠦᠯᠬᠦ ᠳ᠋ᠡᠬᠡᠨ ᠭᠠᠵᠠᠷ ᠣᠷᠣᠨ᠂ ᠰᠤᠷᠭᠠᠭᠤᠯᠢ ᠬᠤᠪᠢᠶᠠᠭᠰᠠᠨ ᠰᠢᠯᠭᠠᠯᠲᠠ᠎ᠵᠢᠨ ᠴᠡᠭ ᠢ᠋ ᠠᠩᠬᠠᠷᠬᠤ ᠬᠡᠷᠡᠭᠲᠡᠢ᠃ ᠥᠪᠥᠷ ᠮᠣᠩᠭᠣᠯ᠎ᠤᠨ ᠰᠢᠯᠭᠠᠯᠲᠠ᠎ᠳᠤ ᠣᠷᠣᠯᠴᠠᠬᠤ᠎ᠪᠠᠷ ᠲᠥᠯᠥᠪᠯᠡᠵᠦ ᠪᠠᠢᠭ᠎ᠠ ᠨᠢᠬᠡᠨᠳᠡ ᠳᠡᠬᠦᠰᠦᠭᠰᠡᠨ ᠵᠢᠩᠬᠢᠨᠢ ᠠᠩᠭᠢ᠎ᠵᠢᠨ ᠰᠤᠷᠤᠭᠴᠢᠳ ᠲᠤ᠌ ᠠᠪᠴᠤ ᠬᠡᠯᠡᠪᠡᠯ᠂ ᠰᠢᠯᠭᠠᠯᠲᠠ᠎ᠳᠤ ᠨᠡᠷ᠎ᠡ ᠮᠡᠳᠡᠭᠦᠯᠬᠦ ᠴᠡᠭ᠎ᠦᠨ ᠰᠣᠩᠭᠣᠯᠲᠠ᠎ᠶᠢ ᠲᠣᠰ ᠬᠥᠮᠥᠨ᠎ᠦ ᠡᠷᠦᠬᠡ ᠠᠮᠠ᠎ᠶᠢᠨ ᠲᠠᠩᠰᠠ ᠪᠠᠢᠭ᠎ᠠ ᠪᠤᠶᠤ ᠠᠵᠢᠯᠯᠠᠵᠤ ᠪᠠᠢᠭ᠎ᠠ ᠨᠢᠬᠡᠴᠢ ᠵᠢᠨ ᠪᠠᠢᠭ᠎ᠠ ᠭᠠᠵᠠᠷ᠎ᠲᠠᠢ ᠪᠠᠨ ᠤᠶᠠᠯᠳᠤᠭᠤᠯᠬᠤ ᠬᠡᠷᠡᠭᠲᠡᠢ᠃ ᠡᠭᠦᠨ᠎ᠳᠦ ᠬᠣᠶᠠᠷ ᠵᠦᠢᠯ᠎ᠦᠨ ᠪᠠᠢᠳᠠᠯ ᠬᠤᠪᠢᠶᠠᠨ᠎ᠠ᠄ ᠎ᠡᠷᠦᠬᠡ ᠠᠮᠠ᠎ᠶᠢᠨ ᠲᠠᠩᠰᠠ ᠪᠤᠶᠤ ᠠᠵᠢᠯᠯᠠᠵᠤ ᠪᠠᠢᠭ᠎ᠠ ᠨᠢᠭᠡᠴᠢ ᠨᠢ ᠥᠪᠥᠷ ᠮᠣᠩᠭᠣᠯ᠎ᠳᠤ ᠪᠠᠢᠭ᠎ᠠ ᠰᠢᠯᠭᠠᠭᠤᠯᠤᠭ᠍ᠴᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠎ᠳᠡᠭᠡᠨ ᠡᠷᠦᠬᠡ ᠠᠮᠠ᠎ᠶᠢᠨ ᠲᠠᠩᠰᠠ ᠪᠤᠶᠤ ᠠᠵᠢᠯᠯᠠᠵᠤ ᠪᠠᠢᠭ᠎ᠠ ᠨᠢᠭᠡᠴᠢ᠎ᠶᠢᠨ ᠪᠠᠢᠭ᠎ᠠ ᠠᠢᠮᠠᠭ ᠬᠣᠲᠠ᠎ᠶᠢᠨ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠶᠢ ᠤᠷᠢᠳ᠎ᠢᠶᠠᠷ ᠰᠣᠩᠭᠣᠵᠤ ᠨᠡᠷ᠎ᠡ ᠮᠡᠳᠡᠭᠦᠯᠬᠦ ᠴᠡᠭ ᠪᠣᠯᠭᠠᠬᠤ ᠬᠡᠷᠡᠭᠲᠡᠢ; ᠡᠷᠦᠬᠡ ᠠᠮᠠ᠎ᠶᠢᠨ ᠲᠠᠩᠰᠠ ᠨᠢ ᠥᠪᠥᠷ ᠮᠣᠩᠭᠣᠯ᠎ᠳᠦ ᠪᠠᠢᠬᠤ ᠦᠭᠡᠢ ᠰᠢᠯᠭᠠᠭᠤᠯᠤᠭ᠍ᠴᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠎ᠳᠡᠭᠡᠨ ᠡᠷᠬᠡᠪᠰᠢ ᠠᠵᠢᠯᠯᠠᠵᠤ ᠪᠠᠢᠭ᠎ᠠ ᠨᠢᠭᠡᠴᠢ᠎ᠶᠢᠨ ᠪᠠᠢᠭ᠎ᠠ ᠠᠢᠮᠠᠭ ᠬᠣᠲᠠ᠎ᠶᠢᠨ ᠰᠤᠷᠭᠠᠨ ᠬᠥᠮᠦᠵᠢᠯ ᠎ᠤᠨ  ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠶᠢ ᠰᠣᠩᠭᠣᠵᠤ ᠨᠡᠷ᠎ᠡ ᠮᠡᠳᠡᠭᠦᠯᠬᠦ ᠴᠡᠭ ᠪᠣᠯᠭᠠᠬᠤ ᠬᠡᠷᠡᠭᠲᠡᠢ᠂ ᠪᠤᠰᠤᠳ ᠭᠠᠵᠠᠷ ᠣᠷᠣᠨ᠎ᠤ ᠨᠡᠷ᠎ᠡ ᠮᠡᠳᠡᠭᠦᠯᠬᠦ ᠴᠡᠭ᠎ᠢ ᠰᠣᠩᠭᠣᠵᠤ ᠪᠣᠯᠬᠤ ᠦᠭᠡᠢ᠃ ᠨᠡᠷ᠎ᠡ ᠮᠡᠳᠡᠭᠦᠯᠵᠦ ᠰᠦᠢᠳᠬᠡᠯ ᠵᠢᠡᠨ ᠳᠤᠰᠢᠶᠠᠭᠰᠠᠨ᠎ᠤ ᠳᠠᠷᠠᠭ᠎ᠠ ᠪᠣᠶ ᠪᠦᠬᠦᠢ ᠰᠢᠯᠭᠠᠭᠤᠯᠤᠭ᠍ᠴᠢ ᠴᠥᠮ ᠲᠣᠭᠲᠠᠭᠰᠠᠨ ᠴᠠᠭ᠎ᠤᠨ ᠳᠣᠲᠣᠷ᠎ᠠ ᠰᠦᠯᠵᠢᠶᠡᠨ ᠳᠡᠭᠡᠷ᠎ᠡ ᠨᠤᠲᠠᠯᠠᠬᠤ ᠬᠡᠷᠡᠭᠲᠡᠢ᠃  ᠰᠢᠯᠭᠠᠭᠤᠯᠤᠭ᠍ᠴᠢ ᠳᠤᠮᠳᠠᠳᠤ ᠤᠯᠤᠰ᠎ᠤᠨ ᠠᠰᠫᠢᠷᠠᠨᠲ ᠡᠯᠰᠡᠬᠦ ᠮᠡᠳᠡᠭᠡ ᠵᠠᠩᠭᠢ᠎ᠶᠢᠨ ᠰᠦᠯᠵᠢᠶ᠎ᠡ᠂ ᠥᠪᠥᠷ ᠮᠣᠩᠭᠣᠯ᠎ᠤᠨ ᠰᠣᠷᠣᠭ᠍ᠴᠢ ᠡᠯᠰᠡᠬᠦ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ᠂ 《ᠥᠪᠥᠷ ᠮᠣᠩᠭᠣᠯ᠎ᠤᠨ ᠰᠣᠷᠣᠭ᠍ᠴᠢ ᠡᠯᠰᠡᠬᠦ ᠰᠢᠯᠭᠠᠯᠲᠠ 》 ᠵᠢᠨ ᠵᠢᠷᠬᠢᠶ᠎ᠠ ᠵᠢᠨ ᠤᠯᠠᠨ ᠨᠡᠶ᠋ᠢᠲᠡ᠎ᠶᠢᠨ ᠳ᠋ᠤᠭᠠᠷ ᠵᠢᠴᠢ ᠰᠢᠯᠭᠠᠯᠲᠠ᠎ᠳᠤ ᠨᠡᠷ᠎ᠡ ᠮᠡᠳᠡᠭᠦᠯᠬᠦ ᠴᠡᠭ᠂ ᠬᠠᠷᠠᠯᠲᠠᠲᠤ ᠰᠣᠷᠣᠭ᠍ᠴᠢ ᠡᠯᠰᠡᠬᠦ ᠨᠢᠭᠡᠴᠢ᠎ᠶᠢᠨ ᠠᠯᠪᠠᠨ᠎ᠤ ᠰᠦᠯᠵᠢᠶ᠎ᠡ᠎ᠶᠢ ᠠᠩᠬᠠᠷᠴᠤ᠂ ᠬᠠᠮᠤᠭ᠎ᠤᠨ ᠰᠢᠨ᠎ᠡ ᠰᠢᠯᠭᠠᠯᠲᠠ᠎ᠶᠢᠨ ᠲᠣᠬᠢᠷᠠᠭᠤᠯᠤᠯᠲᠠ᠂ ᠱᠠᠭᠠᠷᠳᠠᠯᠭ᠎ᠠ ᠵᠡᠷᠭᠡ ᠵᠠᠩᠭᠢᠯᠠᠭ᠎ᠠ᠎ᠶᠢᠨ ᠮᠡᠳᠡᠭᠡ ᠵᠠᠩᠭᠢ᠎ᠶᠢ ᠠᠩᠬᠠᠷᠬᠤ ᠬᠡᠷᠡᠭᠲᠡᠢ ᠬᠡᠵᠦ ᠰᠠᠨᠠᠭᠤᠯᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号