ᠰᠤᠷᠪᠤᠯᠵᠢᠯᠠᠬᠴᠢ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠤᠶᠤᠨ᠎ᠤ ᠪᠤᠯᠪᠠᠰᠤᠨ᠎ᠤ ᠪᠠᠢᠭᠤᠯᠤᠯᠲᠠ ᠢ᠋ᠢᠨ ᠬᠤᠷᠢᠶᠠᠨ᠎ᠤ ᠠᠯᠪᠠᠨ ᠬᠡᠷ ᠡᠴᠡ ᠤᠢᠯᠠᠭᠠᠬᠰᠠᠨ ᠢ᠋ᠢᠡᠷ᠂ 2025 ᠣᠨ᠎ᠤ ᠭᠤᠷᠪᠠᠳᠤᠭᠠᠷ ᠤᠳᠠᠭ᠎ᠠ᠎ᠶᠢᠨ 《ᠳᠤᠮᠳᠠᠳᠤ ᠤᠯᠤᠰ᠎ᠤᠨ ᠰᠠᠢᠨ ᠬᠥᠮᠥᠨ᠎ᠦ ᠨᠡᠷᠡᠰ》 ᠢ᠋ ᠨᠡᠢᠲᠡᠯᠡᠬᠦ ᠶᠣᠰᠣᠯᠠᠯ ᠵᠢᠴᠢ ᠪᠥᠬᠥ ᠤᠯᠤᠰ᠎ᠤᠨ ᠶᠣᠰᠣ᠌ ᠰᠤᠷᠲᠠᠬᠤᠨ᠎ᠤ ᠵᠢᠱ᠌ᠢᠶᠡᠴᠢ ᠬᠢᠭᠡᠳ ᠳᠡᠷᠭᠡᠳᠡᠬᠢ ᠰᠠᠢᠨ ᠬᠥᠮᠥᠨ᠎ᠦ ᠲᠤᠬᠠᠢ᠎ᠶᠢᠨ ᠲᠠᠯᠠᠪᠠᠢ ᠢ᠋ᠢᠨ ᠰᠣᠯᠢᠯᠴᠠᠭᠠᠨ᠎ᠤ ᠠᠵᠢᠯᠯᠠᠭ᠎ᠠ 10 ᠰᠠᠷ᠎ᠠ᠎ᠶᠢᠨ 15᠎ᠤ᠋ ᠡᠳᠦᠷ ᠰᠢᠨᠵᠢᠶᠠᠩ ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠠᠺᠰᠦ ᠣᠷᠣᠨ᠎ᠳᠤ ᠶᠠᠪᠤᠭᠳᠠᠵᠦ᠂ ᠡᠯ᠎ᠡ ᠭᠠᠵᠠᠷ᠎ᠤᠨ ᠲᠠᠨᠢᠯᠴᠠᠭᠤᠯᠭ᠎ᠠ᠂ ᠰᠦᠯᠵᠢᠶᠡᠨ ᠠᠨᠲᠠ ᠢ᠋ᠢᠨ ᠦᠨᠡᠯᠡᠯᠲᠡ ᠪᠠ ᠲᠤᠰᠬᠠᠢ ᠮᠡᠷᠭᠡᠵᠢᠯᠲᠡᠨ᠎ᠦ ᠰᠢᠯᠭᠠᠷᠠᠭᠤᠯᠤᠯᠲᠠ ᠵᠡᠷᠭᠡ ᠭᠤᠬᠴᠤᠭ᠎ᠠ ᠪᠡᠷ ᠳᠡᠮᠵᠢᠨ ᠪᠤᠰᠤᠳ ᠢ᠋ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠭᠰᠠᠨ᠂ ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠭᠰᠡᠨ᠂ ᠦᠨᠡᠨᠴᠢ ᠢᠲᠡᠭᠡᠮᠵᠢᠲᠡᠢ᠂ ᠠᠵᠢᠯ ᠦᠢᠯᠡᠰ ᠢ᠋ᠶ᠋ᠡᠨ ᠳᠡᠭᠡᠳᠦᠯᠡᠨ ᠬᠤᠪᠢ ᠨᠡᠮᠡᠷᠢ ᠦᠵᠡᠭᠦᠯᠦᠭᠰᠡᠨ᠂ ᠨᠠᠰᠤᠲᠠᠨ᠎ᠢᠶᠠᠨ ᠠᠴᠢᠯᠠᠵᠤ ᠲᠥᠷᠥᠯ ᠰᠠᠳᠤᠨ᠎ᠢᠶᠠᠨ ᠬᠠᠢᠷᠠᠯᠠᠭᠰᠠᠨ 138 ᠬᠥᠮᠥᠨ ᠢᠷᠠᠭᠤ ᠠᠯᠳᠠᠷᠲᠠᠢ᠎ᠪᠠᠷ ᠨᠡᠷᠡᠰ᠎ᠤᠨ ᠵᠢᠭ᠍ᠰᠠᠭᠠᠯᠲᠠ᠎ᠳᠤ ᠣᠷᠣᠪᠠ᠃ ᠡᠭᠦᠨ᠎ᠳᠦ ᠥᠪᠥᠷ ᠮᠣᠩᠭᠣᠯ᠎ᠤᠨ ᠭᠣᠸ᠋ ᠶᠦᠩ 《ᠠᠵᠢᠯ ᠦᠢᠯᠡᠰ᠎ᠢᠶᠡᠨ ᠳᠡᠭᠡᠳᠦᠯᠡᠵᠦ ᠬᠤᠪᠢ ᠨᠡᠮᠡᠷᠢ ᠦᠵᠡᠭᠦᠯᠦᠭᠰᠡᠨ》 ᠰᠠᠢᠨ ᠬᠥᠮᠥᠨ᠎ᠢᠶᠡᠷ ᠦᠨᠡᠯᠡᠭᠳᠡᠪᠡ᠃
ᠭᠤᠤ ᠶᠦᠩ ᠪᠤᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠤᠳᠠ᠎ᠶᠢᠨ ᠳᠠᠯᠠᠳ ᠬᠣᠰᠢᠭᠤᠨ᠎ᠤ ᠾᠧᠦ ᠵᠢᠶᠠ ᠶᠢᠩᠽᠢ ᠲᠣᠰᠬᠣᠨ᠎ᠤ ᠨᠠᠮ᠎ᠤᠨ ᠡᠭᠦᠷ᠎ᠦᠨ ᠭᠡᠰᠢᠭᠦᠨ᠃ ᠲᠡᠷᠡ《ᠨᠠᠮ᠎ᠤᠨ ᠪᠠᠢᠭᠤᠯᠤᠯᠲᠠ᠎ᠪᠠᠷ ᠬᠦᠲᠦᠯᠦᠨ ᠲᠠᠭᠠᠭᠤᠯᠵᠦ ᠨᠢᠭᠡᠳᠦᠯᠲᠡᠢ ᠳᠠᠷᠢᠵᠤ ᠬᠠᠮᠲᠤ᠎ᠪᠠᠷ ᠪᠠᠶᠠᠵᠢᠬᠤ》 ᠭᠠᠵᠠᠷ ᠰᠢᠷᠣᠢ᠎ᠶᠢᠨ ᠬᠠᠮᠲᠤᠷᠠᠯᠴᠠᠭᠠᠨ᠎ᠤ ᠵᠠᠭᠪᠤᠷ᠎ᠢ ᠡᠭᠦᠳᠴᠤ᠂ 1200 ᠭᠠᠷᠤᠢ ᠡᠷᠦᠬᠡ᠎ᠶᠢ ᠳᠠᠶ᠋ᠢᠴᠢᠯᠠᠨ 3161.6 ᠮᠦ᠍ ᠲᠠᠷᠢᠶᠠᠨ ᠭᠠᠵᠠᠷ᠎ᠢ ᠨᠡᠢᠳᠬᠡᠵᠦ᠂ ᠭᠠᠵᠠᠷ ᠰᠢᠷᠣᠢ᠎ᠶᠢ ᠨᠡᠢᠳᠬᠡᠬᠦ᠂ ᠠᠵᠤ ᠦᠢᠯᠡᠰ᠎ᠦᠨ ᠬᠡᠯᠪᠡᠷᠢ ᠪᠠᠨ ᠬᠤᠪᠢᠷᠠᠭᠤᠯᠬᠤ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠢᠶᠡᠷ ᠬᠦᠴᠦᠨ ᠣᠯᠭᠣᠬᠤ᠎ᠪᠠᠷ ᠳᠠᠮᠵᠢᠨ ᠭᠤᠸᠠᠨ ᠨᠢᠦ ᠵᠢᠦᠢ ᠡᠮᠦᠨ᠎ᠡ ᠨᠢᠭᠡᠲᠦᠯ᠎ᠤᠨ 2024 ᠣᠨ᠎ᠤ ᠠᠰᠢᠭ᠋ ᠬᠤᠪᠢᠶᠠᠬᠰᠠᠨ ᠪᠥᠬᠥ ᠵᠣᠭᠣᠰ᠎ᠤᠨ ᠲᠣᠭ᠎ᠠ 522.66 ᠲᠦᠮᠡᠨ ᠲᠥᠭᠥᠷᠢᠭ᠎ᠲᠦ ᠬᠦᠷᠴᠦ᠂ ᠬᠥᠮᠥᠨ ᠳᠤᠮᠳᠠᠴᠢ᠎ᠶᠢᠨ ᠠᠰᠢᠭ᠋ ᠬᠤᠪᠢᠶᠠᠬᠰᠠᠨ ᠣᠷᠣᠯᠭ᠎ᠠ 18600 ᠲᠥᠭᠥᠷᠢᠭ ᠪᠣᠯᠣᠨ ᠨᠡᠮᠡᠭᠳᠡᠵᠦ᠂ 2018 ᠣᠨ᠎ᠤ ᠭᠠᠵᠠᠷ ᠰᠢᠷᠣᠢ᠎ᠶᠢᠨ ᠡᠵᠡᠩᠨᠡᠯᠲᠡ ᠢ᠋ᠢᠨ ᠡᠷᠬᠡ ᠵᠢ ᠬᠦᠢᠯᠭᠡᠭᠡᠬᠰᠡᠨ ᠬᠤᠭᠤᠴᠠᠭ᠎ᠠ᠎ᠲᠠᠢ ᠬᠠᠷᠢᠴᠠᠭᠤᠯᠪᠠᠯ᠂ ᠬᠥᠮᠥᠨ ᠳᠤᠮᠳᠠᠴᠢ᠎ᠶᠢᠨ ᠣᠷᠣᠯᠭ᠎ᠠ 11300 ᠲᠥᠭᠥᠷᠢᠭ ᠨᠡᠮᠡᠭᠳᠡᠪᠡ᠃ ᠲᠡᠷᠡ ᠨᠤᠳᠤᠭ ᠤᠰᠤᠨ᠎ᠤ ᠪᠠᠨ ᠰᠤᠷᠲᠠᠯᠪᠣᠯᠪᠠᠰᠤᠨᠤ ᠪᠠᠢᠭᠤᠯᠤᠯᠲᠠ ᠶ᠋ᠢ ᠠᠬᠢᠭᠤᠯᠵᠤ᠂《ᠲᠠᠪᠤᠨ ᠣᠳᠣᠲᠤ ᠭᠡᠰᠢᠭᠦᠨ》 ᠵᠡᠷᠭᠡ ᠶ᠋ᠢᠨ ᠰᠢᠯᠭᠠᠷᠠᠭᠤᠯᠤᠯᠲᠠ ᠶ᠋ᠢ ᠥᠷᠨᠢᠭᠦᠯᠵᠦ᠂ ᠰᠣᠶᠣᠯ᠎ᠤᠨ ᠠᠮᠢᠳᠤᠷᠠᠯ ᠢ᠋ ᠪᠠᠶᠠᠯᠢᠭ᠍ᠵᠢᠭᠤᠯᠤᠨ᠂ ᠪᠣᠯᠪᠠᠰᠤᠨ ᠰᠢᠨ᠎ᠡ ᠰᠤᠷᠲᠠᠯ ᠢ᠋ ᠰᠠᠨᠠᠭᠠᠴᠢᠯᠠᠵᠤ᠂ ᠲᠣᠰᠬᠣᠨ᠎ᠤ ᠠᠷᠠᠳ᠎ᠤᠨ ᠣᠶᠤᠨ ᠰᠠᠨᠠᠭᠠᠨ᠎ᠤ ᠳᠦᠷᠰᠦ ᠪᠠᠢᠳᠠᠯ ᠢ᠋ ᠲᠤᠢᠯ᠎ᠤᠨ ᠶᠡᠬᠡᠪᠡᠷ ᠳᠡᠭᠡᠭᠰᠢᠯᠡᠭᠦᠯᠪᠡ᠃ ᠭᠤᠤ ᠶᠦᠩ ᠲᠣᠰᠬᠣᠨ᠎ᠢᠶᠠᠨ ᠳᠠᠭᠠᠭᠤᠯᠤᠨ ᠪᠦᠬᠦ ᠤᠯᠤᠰ᠎ᠤᠨ ᠬᠥᠳᠡᠭᠡ ᠲᠣᠰᠬᠣᠨ᠎ᠤ ᠵᠠᠰᠠᠯᠲᠠ᠎ᠶᠢᠨ ᠵᠢᠱ᠌ᠢᠶ᠎ᠡ ᠦᠵᠡᠭᠦᠯᠬᠦ ᠲᠣᠰᠬᠣᠨ᠂ ᠪᠦᠬᠦ ᠤᠯᠤᠰ᠎ᠤᠨ ᠪᠣᠯᠪᠠᠰᠤᠨ ᠲᠣᠰᠬᠣᠨ ᠪᠠᠯᠭᠠᠰᠤ ᠵᠡᠷᠭᠡ ᠢᠷᠠᠭᠤ ᠠᠯᠳᠠᠷ ᠢ᠋ ᠬᠦᠷᠲᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号