10 ᠰᠠᠷ᠎ᠠ᠎ᠶ᠋ᠢᠨ 17 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠸᠠᠩ ᠸᠧᠶ ᠵᠥᠩ ᠬᠥᠬᠡᠬᠣᠲᠠ᠎ᠳᠤ ᠰᠦ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠱᠢᠨ᠎ᠡ ᠶ᠋ᠢ ᠡᠭᠦᠳᠬᠦ᠌᠂ ᠲᠣᠭᠠᠴᠢᠯᠠᠭ᠍ᠰᠠᠨ ᠠᠵᠤ ᠠᠬᠤᠶ ᠵᠡᠷᠭᠡ ᠠᠵᠢᠯ᠎ᠢ ᠪᠠᠢᠴᠠᠭᠠᠨ ᠰᠤᠳᠤᠯᠵᠤ᠂ ᠶᠡᠷᠦᠩᠬᠡᠶ ᠱᠦᠵᠢ ᠰᠢ ᠵᠢᠨ ᠫᠢᠩ ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠰᠠᠢᠲᠤᠷ ᠬᠡᠷᠡᠭ᠌ᠵᠢᠭᠦᠯᠵᠦ᠍᠂ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠢ ᠶᠡᠬᠡᠪᠡᠷ ᠪᠣᠢᠵᠢᠭᠤᠯᠤᠨ ᠬᠥᠭ᠌ᠵᠢᠭᠦᠯᠵᠦ᠍᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠬᠦᠴᠦᠯᠡᠨ ᠪᠠᠢᠭᠤᠯᠵᠤ᠂ ᠣᠳᠣᠬᠢᠴᠢᠯᠠᠭ᠍ᠰᠠᠨ ᠲᠥᠪ ᠬᠣᠲᠠ᠎ᠶ᠋ᠢ ᠲᠦᠷᠭᠡᠳᠭᠡᠨ ᠪᠥᠲᠥᠭᠡᠨ ᠪᠠᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠯᠠᠭ᠍ᠴᠢ ᠲᠡᠷᠢᠭᠦᠯᠡᠭ᠌ᠴᠢ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠪᠦᠦ ᠭᠠᠩ ᠣᠷᠣᠯᠴᠠᠵᠠᠢ᠃
ᠸᠠᠩ ᠸᠧᠶ ᠵᠥᠩ ᠡᠩ ᠲᠡᠷᠢᠭᠦᠨ᠎ᠳᠦ ᠢᠯᠢ ᠣᠲᠣ ᠦᠶ᠎ᠡ᠎ᠶ᠋ᠢᠨ ᠣᠶᠤᠨᠴᠢ ᠡᠷᠡᠭᠦᠯ ᠮᠡᠨᠳᠦ᠍᠎ᠶ᠋ᠢᠨ ᠬᠦᠨᠳᠠᠢ᠎ᠳᠤ ᠬᠦᠷᠴᠦ᠍᠂ ᠣᠶᠤᠨᠴᠢ ᠦᠶ᠋ᠯᠡᠳᠬᠦ᠌ ᠦᠶ᠋ᠯᠡᠰ᠎ᠦᠨ ᠦᠶ᠋ᠯᠡᠳᠪᠦᠷᠢᠯᠡᠯ᠎ᠦᠨ ᠱᠤᠭᠤᠮ᠎ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠰᠦ ᠵᠢᠨ ᠦᠶ᠋ᠯᠡᠰ ᠦᠷ᠎ᠡ ᠵᠢᠨ ᠢᠷᠡᠯᠲᠡ᠂ ᠦᠶ᠋ᠯᠡᠳᠬᠦᠨ᠎ᠢ ᠰᠤᠳᠤᠯᠤᠨ ᠨᠡᠭᠡᠭᠡᠬᠦ᠌᠂ ᠵᠠᠬ᠎ᠠ ᠳᠡᠯᠭᠡᠭᠦᠷ᠎ᠦᠨ ᠪᠣᠷᠣᠯᠠᠭᠤᠯᠭ᠎ᠠ ᠵᠡᠷᠭᠡ ᠪᠠᠢᠳᠠᠯ᠎ᠢ ᠨᠠᠷᠢᠨ ᠠᠰᠠᠭᠤᠵᠤ᠂ ᠢᠯᠢ ᠪᠦᠯᠦᠭ᠌ᠯᠡᠯ᠎ᠦᠨ᠎ᠬᠢᠨ ᠳᠡᠯᠡᠬᠡᠶ᠎ᠶ᠋ᠢᠨ ᠣᠷᠣᠢᠯᠠᠬᠰᠡᠨ ᠰᠦ ᠵᠢᠨ ᠠᠵᠤ ᠠᠬᠤᠢᠯᠠᠯ᠎ᠢᠶᠠᠷ ᠪᠠᠷᠢᠮᠵᠢᠶᠠᠯᠠᠵᠤ᠂ ᠱᠢᠨ᠎ᠡ᠎ᠶ᠋ᠢ ᠡᠭᠦᠳᠬᠦ᠌᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠦᠶ᠋ᠯᠡᠳᠬᠦᠨ᠎ᠢᠶᠡᠨ ᠬᠦᠴᠦᠷᠬᠡᠭ᠌ᠵᠢᠭᠦᠯᠵᠦ᠍᠂ ᠲᠥᠷᠥᠯ ᠲᠡᠮᠳᠡᠭ᠎ᠢᠶᠡᠨ ᠱᠢᠯᠢᠳᠡᠭ᠌ᠵᠢᠭᠦᠯᠵᠦ᠍᠂ ᠬᠡᠪᠴᠢᠶ᠎ᠠ ᠪᠡᠨ ᠪᠤᠵᠠᠭᠠᠢᠷᠠᠭᠤᠯᠵᠤ᠂ ᠵᠠᠬ᠎ᠠ ᠳᠡᠯᠭᠡᠭᠦᠷ ᠲᠡᠬᠢ ᠡᠵᠡᠯᠡᠬᠦ ᠬᠡᠮᠵᠢᠶ᠎ᠡ ᠪᠠᠨ ᠳᠡᠭᠡᠭ᠌ᠰᠢᠯᠡᠭᠦᠯᠵᠦ᠍᠂ ᠨᠠᠩ ᠥᠨᠳᠥᠷ ᠲᠦᠪᠱᠢᠨ ᠪᠥᠬᠥᠶ ᠣᠳᠣᠬᠢᠴᠢᠯᠠᠭ᠍ᠰᠠᠨ ᠬᠡᠪ ᠳᠠᠭᠤᠷᠢᠶᠠᠯ ᠪᠤᠯᠬᠤ ᠠᠵᠤ ᠠᠬᠤᠢᠯᠠᠯ᠎ᠢ ᠪᠥᠲᠥᠭᠡᠨ ᠪᠠᠢᠭᠤᠯᠬᠤ᠎ᠶ᠋ᠢ ᠬᠦᠰᠡᠪᠡ᠃ ᠲᠡᠷᠡ᠂ ᠥᠪᠥᠷ ᠮᠣᠩᠭᠣᠯ ᠪᠣᠯ ᠰᠦ ᠵᠢᠨ ᠦᠶ᠋ᠯᠡᠰ᠎ᠦᠨ ᠲᠣᠮᠣ ᠣᠷᠣᠨ ᠮᠥᠨ᠂ ᠤᠯᠤᠰ᠎ᠤᠨ ᠰᠦ ᠵᠢᠨ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠡᠭᠦᠷᠭᠡ᠎ᠶ᠋ᠢ ᠰᠠᠢᠲᠤᠷ ᠭᠦᠶ᠋ᠴᠡᠳᠭᠡᠵᠦ᠍᠂ ᠰᠠᠭᠠᠯᠢ᠎ᠶ᠋ᠢᠨ ᠦᠨᠢᠶ᠎ᠡ ᠪᠣᠯᠤᠨ ᠲᠡᠵᠢᠭᠡᠯ ᠡᠪᠡᠰᠦᠨ᠎ᠦ ᠦᠷ᠎ᠡ᠎ᠶ᠋ᠢᠨ ᠢᠷᠡᠯᠲᠡ᠎ᠶ᠋ᠢᠨ 《 ᠪᠣᠭᠣᠮᠢ》 ᠪᠤᠯᠵᠤ ᠪᠠᠢᠭ᠎ᠠ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠬᠦ᠌ ᠬᠡᠷᠡᠭ᠌ᠲᠡᠶ᠃ ᠲᠣᠮᠣ ᠳᠤᠮᠳᠠ ᠪᠠᠭ᠎ᠠ ᠰᠦ ᠵᠢᠨ ᠠᠵᠤ ᠠᠬᠤᠢᠯᠠᠯ᠎ᠤᠨ ᠬᠠᠮᠵᠢᠯᠴᠠᠨ ᠬᠥᠭ᠌ᠵᠢᠬᠦ᠌᠎ᠶ᠋ᠢ ᠳᠡᠮᠵᠢᠵᠦ᠍᠂ ᠵᠠᠬ᠎ᠠ ᠳᠡᠯᠭᠡᠭᠦᠷ᠎ᠦᠨ ᠬᠡᠷᠡᠭ᠌ᠴᠡᠭᠡ ᠯᠤᠭᠡ ᠨᠢᠭ᠍ᠲᠠ ᠤᠶᠠᠯᠳᠤᠭᠤᠯᠤᠨ ᠦᠶ᠋ᠯᠡᠳᠬᠦᠨ᠎ᠦ ᠲᠥᠷᠥᠯ ᠵᠦᠶ᠋ᠯ᠎ᠳᠦ ᠲᠣᠬᠢᠷᠠᠭᠤᠯᠤᠯᠲᠠ ᠬᠢᠵᠦ᠍᠂ ᠴᠠᠭᠠᠨ ᠢᠳᠡᠭᠡᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠰᠠᠢᠲᠤᠷ ᠠᠳᠭᠤᠨ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠡᠯ᠎ᠡ ᠭᠣᠭ᠍ᠴᠣᠭ᠎ᠠ᠎ᠶ᠋ᠢᠨ ᠠᠱᠢᠭ ᠲᠤᠰᠠ᠎ᠶ᠋ᠢᠨ ᠬᠣᠯᠪᠣᠯᠳᠤᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍ ᠂ ᠰᠦ ᠵᠢᠨ ᠦᠶ᠋ᠯᠡᠰ᠎ᠦᠨ ᠨᠠᠩ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠶ ᠭᠡᠪᠡ᠃
ᠵᠦᠩ ᠬᠤᠸᠠᠨ ᠠᠵᠤ ᠦᠢᠯᠡᠰ᠎ᠦᠨ ᠬᠦᠷᠢᠶᠡᠯᠡᠩ ᠪᠣᠯ ᠬᠥᠬᠡᠬᠣᠲᠠ᠎ᠶ᠋ᠢᠨ ᠤᠳᠤ ᠦᠶ᠎ᠡ᠎ᠶ᠋ᠢᠨ ᠠᠵᠤ ᠦᠢᠯᠡᠰ ᠲᠥᠪᠯᠡᠷᠡᠭ᠌ᠰᠡᠨ ᠣᠷᠣᠨ ᠪᠣᠯᠤᠨ᠎ᠠ᠂ ᠬᠦᠷᠢᠶᠡᠯᠡᠩ ᠲᠣᠭᠣᠷᠢᠭ᠎ᠤᠨ ᠠᠵᠤ ᠦᠢᠯᠡᠰ᠎ᠦᠨ ᠲᠦᠷᠦᠯ ᠵᠦᠢᠯ ᠤᠷᠤᠭ᠍ᠰᠢᠲᠠᠢ ᠬᠡᠷᠡᠭ᠌ᠵᠢᠭᠦᠯᠦᠭ᠌ᠳᠡᠵᠦ᠍᠂ ᠡᠮᠬᠢ ᠵᠢᠷᠤᠮ᠎ᠲᠠᠶ ᠶᠠᠪᠤᠬᠳᠠᠵᠤ ᠪᠠᠢᠬᠤ᠎ᠶ᠋ᠢ ᠦᠵᠡᠭᠡᠳ ᠸᠠᠩ ᠸᠧᠢ ᠵᠦᠩ ᠭᠦᠢᠴᠡᠳ ᠨᠤᠲᠠᠯᠠᠪᠠ᠃ ᠲᠡᠷᠡ᠂ ᠡᠯ᠎ᠡ ᠱᠠᠲᠤᠨ᠎ᠤ ᠬᠢᠨ ᠶᠡᠷᠦᠩᠬᠡᠢ ᠱᠦᠵᠢ ᠰᠢ ᠵᠢᠨ ᠫᠢᠩ᠎ᠦᠨ 《ᠪᠣᠬᠢᠷᠲᠤᠯ ᠦᠭᠡᠢ ᠡᠨᠧᠷᠭᠢ᠎ᠶ᠋ᠢ ᠶᠡᠬᠡᠪᠡᠷ ᠬᠥᠭ᠌ᠵᠢᠭᠦᠯᠬᠦ᠌》 ᠲᠤᠬᠠᠢ ᠴᠢᠬᠤᠯᠠ ᠵᠢᠭᠠᠪᠤᠷᠢ᠎ᠶ᠋ᠢᠨ ᠱᠠᠭᠠᠷᠳᠠᠯᠭ᠎ᠠ ᠶᠣᠰᠣᠭᠠᠷ᠂ ᠳᠡᠭᠡᠳᠦ ᠲᠡᠰᠵᠢᠬᠦᠯᠬᠦ᠌᠂ ᠤᠶᠤᠨᠴᠢᠯᠠᠬᠤ᠂ ᠪᠣᠬᠢᠷᠲᠤᠯ ᠦᠭᠡᠢ᠌ᠵᠢᠬᠦᠯᠬᠦ᠌ ᠴᠢᠭ᠌ᠯᠡᠯ᠎ᠢ ᠪᠠᠷᠢᠮᠲᠠᠯᠠᠵᠤ᠂ ᠤᠯᠠᠮᠵᠢᠯᠠᠯᠲᠤ ᠡᠨᠧᠷᠭᠢ᠎ᠶ᠋ᠢᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠬᠦᠴᠦᠯᠡᠨ ᠠᠬᠢᠭᠤᠯᠵᠤ᠂ ᠱᠢᠨ᠎ᠡ ᠡᠨᠧᠷᠭᠢ᠎ᠶ᠋ᠢᠨ ᠬᠥᠭ᠌ᠵᠢᠯᠲᠡ᠎ᠳᠦ ᠬᠡᠷᠡᠭ᠌ᠰᠡᠬᠦ᠌ ᠱᠢᠨ᠎ᠡ ᠮᠠᠲ᠋ᠧᠷᠢᠶᠠᠯ᠂ ᠱᠢᠨ᠎ᠡ ᠲᠣᠨᠣᠭ᠍ᠯᠠᠯ᠎ᠢ ᠰᠤᠳᠤᠯᠤᠨ ᠨᠡᠭᠡᠭᠡᠵᠦ᠍ ᠦᠢᠯᠡᠳᠪᠦᠷᠢᠯᠡᠬᠦ᠌᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠬᠡᠷᠡᠭ᠌ᠲᠡᠢ᠃ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢᠨ ᠲᠦᠪᠰᠢᠨ ᠵᠢᠡᠨ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠠᠵᠤ ᠦᠢᠯᠡᠰ᠎ᠢ ᠲᠥᠪᠯᠡᠷᠡᠭᠦᠯᠬᠦ᠌ ᠴᠢᠳᠠᠪᠤᠷᠢ᠎ᠪᠠᠨ ᠨᠡᠮᠡᠭ᠌ᠳᠡᠭᠦᠯᠬᠦ᠌ ᠬᠡᠷᠡᠭ᠌ᠲᠡᠶ ᠭᠡᠪᠡ᠃
ᠸᠠᠩ ᠸᠧᠢ ᠵᠦᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ᠠᠵᠢᠯ ᠢ᠋ ᠮᠠᠰᠢ ᠬᠠᠯᠠᠮᠵᠢᠯᠠᠵᠤ᠂ ᠺᠸ ᠲᠦᠸᠸ ᠠᠮᠢᠳᠤ ᠪᠣᠳᠠᠰ᠎ᠤᠨ ᠬᠢᠵᠠᠭᠠᠷᠲᠤ ᠺᠣᠮᠫᠠᠨᠢ᠎ᠳᠤ ᠬᠦᠷᠴᠦ᠍᠂ ᠠᠰᠢᠬᠳᠤ ᠪᠠᠺᠲ᠋ᠸᠷᠢ ᠵᠢᠨ ᠦᠷ᠎ᠡ ᠡᠳ᠋᠎ᠦᠨ ᠡᠬᠢ ᠪᠠᠶᠠᠯᠢᠭ᠎ᠤᠨ ᠬᠥᠮᠥᠷᠭᠡ᠎ᠶ᠋ᠢᠨ ᠪᠦᠳᠦᠭᠡᠨ ᠪᠠᠢᠭᠤᠯᠤᠯᠲᠠ ᠵᠢᠴᠢ ᠠᠵᠤ ᠦᠢᠯᠡᠰ᠎ᠦᠨ ᠱᠢᠨ᠎ᠡ᠎ᠶ᠋ᠢ ᠡᠭᠦᠳᠦᠭ᠌ᠰᠡᠨ ᠪᠠᠢᠳᠠᠯ᠎ᠢ ᠭᠦᠨᠵᠡᠭᠡᠢ ᠣᠢᠯᠠᠭᠠᠪᠠ᠃ ᠲᠡᠷᠡ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠤ ᠪᠠᠢᠭᠤᠯᠤᠯ ᠲᠣᠭ᠍ᠲᠠᠴᠠ᠎ᠶ᠋ᠢ ᠨᠢᠭᠡ ᠴᠤᠬ᠍ᠴᠠᠵᠢᠭᠤᠯᠤᠬᠰᠠᠨ ᠥᠭᠡᠷᠡᠴᠢᠯᠡᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠤ ᠠᠬᠤᠢᠯᠠᠯ ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠭᠤᠤᠯᠳᠠᠯᠭ᠎ᠠ᠎ᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠᠢᠭᠤᠯᠤᠮᠵᠢ ᠪᠠ ᠲᠠᠪᠴᠠᠩ᠎ᠤᠨ ᠪᠠᠢᠭᠤᠯᠤᠯᠲᠠ᠎ᠶ᠋ᠢ ᠳᠡᠮᠵᠢᠵᠦ᠍᠂ ᠣᠷᠣᠨ᠎ᠤ ᠳᠣᠲᠣᠷᠠᠬᠢ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠦᠴᠦ ᠪᠡᠨ ᠲᠥᠪᠯᠡᠷᠡᠭᠦᠯᠦᠨ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ᠎ᠢ ᠥᠷᠨᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠵᠢᠨ ᠭᠦᠨᠵᠡᠭᠡᠶ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠸᠠ ᠸᠧᠶ ᠡᠬᠦᠯᠡᠨᠤ ᠬᠣᠷᠢᠨᠭᠡᠷ ᠳ᠋ᠠᠢᠲ᠋ᠠ᠎ᠶ᠋ᠢᠨ ᠲᠥᠪ᠎ᠲᠦ᠂ ᠸᠠᠩ ᠸᠧᠶ ᠵᠥᠩ ᠬᠣᠯᠪᠣᠭ᠍ᠳᠠᠯ ᠪᠥᠬᠥᠶ ᠭᠠᠵᠠᠷ ᠣᠷᠣᠨ ᠪᠠ ᠰᠠᠯᠠᠭ᠎ᠠ ᠮᠥᠴᠢᠷ᠎ᠤᠨ ᠬᠢᠨ ᠤᠯᠤᠰ᠎ᠤᠨ《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠦᠨ᠎ᠢᠶᠡᠷ ᠲᠤᠯᠭᠠᠭᠤᠷᠢᠯᠠᠬᠤ》 ᠶ᠋ᠢ ᠠᠬᠢᠭᠤᠯᠬᠤ ᠠᠵᠠ ᠲᠣᠬᠢᠶᠠᠯ᠎ᠢ ᠠᠮᠵᠢᠵᠤ᠂ ᠪᠥᠬᠥ᠌ ᠤᠯᠤᠰ᠎ᠤᠨ ᠪᠤᠳᠤᠯᠳᠠ ᠵᠢᠨ ᠬᠦᠴᠤᠨ ᠤ᠋ ᠪᠠᠲᠤᠯᠠᠭ᠎ᠠ᠎ᠶ᠋ᠢᠨ ᠰᠠᠭᠤᠷᠢᠨ ᠪᠠ ᠪᠥᠬᠥ᠌ ᠤᠯᠤᠰ᠎ᠤᠨ ᠪᠣᠬᠢᠷᠲᠤᠯ ᠥᠬᠡᠶ ᠪᠤᠳᠤᠯᠳᠠ ᠵᠢᠨ ᠬᠦᠴᠤᠨ ᠤ᠋ ᠥᠨᠳᠥᠷᠯᠢᠭ ᠢ᠋ ᠴᠤᠭᠴᠠᠯᠠᠵᠤ᠂ ᠬᠡᠪᠴᠢᠶ᠎ᠡ᠎ᠶ᠋ᠢ ᠥᠷᠭᠡᠳᠭᠡᠬᠦ᠌ ᠪᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢ ᠵᠡᠷᠭᠡ᠎ᠪᠡᠷ ᠶᠠᠪᠤᠬᠳᠠᠭᠤᠯᠬᠤ᠎ᠶ᠋ᠢ ᠴᠢᠬᠤᠯᠠᠴᠢᠯᠠᠵᠤ ᠂ ᠪᠤᠳᠤᠯᠳᠠ ᠵᠢᠨ ᠬᠦᠴᠦᠨ ᠪᠠ ᠪᠣᠬᠢᠷᠲᠤᠯ ᠥᠬᠡᠶ ᠴᠠᠬᠢᠯᠭᠠᠨ᠎ᠢ ᠬᠠᠮᠵᠢᠯᠴᠠᠭᠤᠯᠬᠤ᠎ᠶ᠋ᠢ ᠠᠬᠢᠭᠤᠯᠵᠤ᠂ ᠳ᠋ᠠᠢᠲ᠋ᠠ᠎ᠶ᠋ᠢ ᠴᠡᠪᠡᠷᠯᠡᠨ ᠴᠡᠭᠴᠡᠯᠡᠬᠦ᠂ ᠲᠣᠳᠣᠷᠬᠠᠢᠯᠠᠨ ᠲᠡᠮᠳᠡᠭᠯᠡᠬᠦ ᠵᠡᠷᠭᠡ ᠳᠤᠤᠷᠠᠳᠤ ᠭᠡᠯᠬᠢᠶ᠎ᠠ ᠵᠢᠨ ᠠᠵᠤ ᠦᠶ᠋ᠯᠡᠰ᠎ᠢ ᠶᠡᠬᠡᠪᠡᠷ ᠬᠥᠭ᠌ᠵᠢᠭᠦᠯᠵᠦ᠍᠂ ᠪᠤᠳᠤᠯᠳᠠ ᠵᠢᠨ ᠬᠦᠴᠤᠨ ᠤ᠋ ᠬᠡᠷᠡᠭ᠌ᠯᠡᠭᠡᠨ᠎ᠦ ᠦᠵᠡᠭᠳᠡᠯ ᠪᠠᠢᠳᠠᠯ᠎ᠢ ᠲᠠᠰᠤᠷᠠᠯᠲᠠ ᠥᠬᠡᠶ ᠥᠷᠭᠡᠳᠭᠡᠵᠦ᠍᠂ ᠵᠣᠬᠢᠶᠠᠮᠠᠯ ᠣᠶᠤᠨ ᠴᠢᠳᠠᠪᠤᠷᠢ ᠵᠡᠷᠭᠡ ᠣᠲᠣ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ ᠬᠢᠭᠡᠳ ᠡᠯ᠎ᠡ ᠠᠵᠢᠯ ᠲᠥᠷᠥᠯ᠎ᠦᠨ ᠡᠯ᠎ᠡ ᠬᠦᠷᠢᠶᠡᠨ᠎ᠳ᠋ᠡᠬᠢ ᠭᠦᠨᠵᠡᠭᠡᠶ ᠠᠭᠤᠰᠤᠯᠴᠠᠯ᠎ᠢ ᠲᠦᠷᠭᠡᠳᠭᠡᠵᠦ᠍᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠨᠠᠩ ᠰᠠᠢᠨ ᠬᠦᠴᠤᠨ ᠣᠯᠭᠣᠬᠤ ᠬᠡᠷᠡᠭ᠌ᠲᠡᠶ ᠭᠡᠵᠦ᠍ ᠱᠠᠭᠠᠷᠳᠠᠪᠠ᠃
ᠪᠠᠢᠴᠠᠭᠠᠨ ᠰᠤᠳᠤᠯᠬᠤ ᠳᠤᠮᠳᠠ ᠸᠠᠩ ᠸᠧᠶ ᠵᠥᠩ ᠬᠥᠬᠡᠬᠣᠲᠠ᠎ᠶ᠋ᠢᠨ ᠠᠵᠢᠯ᠎ᠢ ᠨᠤᠲᠠᠯᠠᠵᠤ᠂ ᠲᠦᠷᠦᠭᠦᠯᠡᠨ ᠬᠢᠬᠦ᠌ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ᠎ᠢᠶᠡᠨ ᠤᠯᠠᠮ ᠨᠢᠭᠡ ᠠᠯᠬᠤᠮ ᠴᠢᠩᠭᠠᠳᠭᠠᠵᠤ᠂ 《ᠬᠤᠶᠠᠳᠤᠭᠠᠷ ᠬᠤᠳᠠ ᠡᠴᠡ ᠲᠠᠪᠠᠬᠤ ᠬᠡᠮᠵᠢᠶ᠎ᠡ》 ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠮᠳᠠ ᠨᠢᠷᠤᠭᠤᠪᠴᠢ ᠬᠦᠴᠦᠨ ᠪᠣᠯᠬᠤ ᠬᠡᠷᠡᠭ᠌ᠲᠡᠶ ᠭᠡᠵᠦ᠍ ᠱᠠᠭᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠱᠢᠨ ᠠᠵᠢᠯᠯᠠᠭ᠎ᠠ᠎ᠳᠤ ᠣᠷᠣᠯᠴᠠᠵᠠᠢ᠃