ᠸᠠᠩ ᠸᠧᠢ ᠵᠦᠩ ᠤᠯᠤᠰ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ᠎ᠶ᠋ᠢᠨ ᠳᠠᠷᠤᠭ᠎ᠠ ᠲᠠᠨ ᠵᠢᠶᠦ᠋ᠩ ᠲᠠᠢ ᠠᠭᠤᠯᠵᠠᠪᠠ
2025-10-18 12:05:54
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

10 ᠰᠠᠷ᠎ᠠ ᠎ᠶ᠋ᠢᠨ 17 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠥᠬᠡᠬᠣᠲᠠ ᠎ᠳᠤ ᠤᠯᠤᠰ ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ᠎ᠶ᠋ᠢᠨ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠬᠡᠷᠡᠭ ᠮᠡᠳᠡᠭ᠌ᠴᠢᠳ᠎ᠦᠨ ᠳᠡᠳ᠋ ᠳᠠᠷᠤᠭ᠎ᠠ᠂ ᠪᠠᠩᠬᠢ᠎ᠶ᠋ᠢᠨ ᠳᠠᠷᠤᠭ᠎ᠠ ᠲᠠᠨ ᠵᠢᠶᠦ᠋ᠩ ᠨᠠᠷ᠎ᠲᠡᠶ ᠠᠭᠤᠯᠵᠠᠪᠠ᠃

ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠲᠠᠨ ᠵᠢᠶᠦ᠋ᠩ ᠨᠠᠷ᠎ᠢ ᠪᠠᠶᠠᠷᠯᠠᠨ ᠤᠭ᠍ᠲᠤᠵᠤ᠂ ᠤᠯᠤᠰ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ᠎ᠶ᠋ᠢᠨ ᠣᠷᠳᠣ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠳᠡᠮᠵᠢᠯᠭᠡ ᠦᠵᠡᠭᠦᠯᠦᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠬᠦ᠌᠎ᠶ᠋ᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠣᠯᠪᠣᠭ᠍ᠳᠠᠯ ᠪᠥᠬᠥᠶ ᠪᠠᠢᠳᠠᠯ ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ᠂ ᠥᠪᠥᠷ ᠮᠣᠩᠭᠣᠯ ᠶᠠᠭ ᠶᠡᠷᠦᠩᠬᠡᠶ ᠱᠦᠵᠢ  ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠲᠦᠷᠭᠡᠳᠭᠡᠨ ᠪᠦᠳᠦᠭᠡᠨ ᠪᠠᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍ ᠪᠠᠢᠨ᠎ᠠ᠃ ᠤᠯᠤᠰ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ ᠪᠣᠯ ᠮᠠᠨ᠎ᠤ ᠤᠯᠤᠰ᠎ᠤᠨ ᠬᠠᠮᠤᠭ᠎ᠤᠨ ᠶᠡᠬᠡ ᠰᠠᠭᠤᠷᠢ ᠲᠥᠬᠥᠭᠡᠷᠦᠮᠵᠢ᠎ᠶ᠋ᠢᠨ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ᠎ᠶ᠋ᠢᠨ ᠪᠠᠩᠬᠢ ᠪᠠ ᠳᠤᠮᠳᠠ ᠤᠷᠳᠤ ᠬᠤᠭᠤᠴᠠᠭᠠᠨ᠎ᠤ ᠢᠲᠡᠭᠡᠮᠵᠢᠲᠦ ᠵᠢᠭᠡᠯᠡᠯᠭᠡ᠎ᠶ᠋ᠢᠨ ᠪᠠᠩᠬᠢ ᠪᠣᠯᠤᠨ᠎ᠠ᠂ ᠥᠪᠥᠷ ᠮᠣᠩᠭᠣᠯ ᠎ᠯᠤᠭ᠎ᠠ ᠨᠢᠭ᠍ᠲᠠ ᠬᠠᠮᠲᠤᠷᠠᠯᠴᠠᠭ᠎ᠠ᠎ᠪᠠᠨ ᠪᠠᠲᠤᠯᠠᠵᠤ᠂ ᠥᠪᠥᠷ ᠮᠣᠩᠭᠣᠯ᠎ᠳᠤ ᠬᠦᠴᠦᠲᠡᠢ ᠳᠡᠮᠵᠢᠯᠭᠡ ᠦᠵᠡᠭᠦᠯᠦᠭ᠌ᠰᠡᠭᠡᠷ ᠢᠷᠡᠵᠠᠢ᠃ ᠤᠯᠤᠰ ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ ᠥᠪᠥᠷ ᠮᠣᠩᠭᠣᠯ᠎ᠳ᠋ᠤ ᠦᠷᠭᠦᠯᠵᠢᠯᠡᠨ ᠬᠦᠨᠵᠡᠭᠡᠢᠷᠠᠨ ᠠᠵᠢᠯᠯᠠᠵᠤ᠂ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠰᠠᠭᠤᠷᠢ ᠲᠥᠬᠥᠭᠡᠷᠦᠮᠵᠢ ᠎ᠶ᠋ᠢᠨ ᠪᠦᠳᠦᠭᠡᠨ ᠪᠠᠢᠭᠤᠯᠤᠯᠲᠠ᠂ ᠡᠨᠧᠷᠭᠢ᠎ᠶ᠋ᠢᠨ ᠨᠡᠭᠡᠭᠡᠨ ᠬᠥᠭ᠌ᠵᠢᠭᠦᠯᠦᠯᠲᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠂ ᠬᠤᠳᠠ᠎ᠶ᠋ᠢ ᠱᠢᠨᠡᠳᠬᠡᠬᠦ᠂ ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠵᠡᠷᠭᠡ ᠬᠦᠷᠢᠶᠡᠨ ᠤ᠋ ᠲᠣᠭᠣᠷᠢᠨ᠎ᠳᠤ ᠴᠢᠨᠠᠷ ᠰᠠᠢᠲᠠᠢ ᠮᠥᠩᠭᠥᠨ ᠭᠦᠢᠯᠭᠡᠭᠡᠨ᠎ᠦ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠮᠠᠨ᠎ᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠬᠥᠭ᠌ᠵᠢᠯᠲᠡ᠎ᠳᠦ ᠭᠦᠨᠵᠡᠭᠡᠢ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠨᠡᠩ ᠰᠠᠢ᠌ᠳᠤᠷ 《ᠪᠡᠯᠡ ᠮᠥᠩᠭᠥ᠌ ᠬᠤᠷᠠᠮᠳᠤᠭᠤᠯᠵᠤ》᠂ 《ᠤᠶᠤᠨ ᠤᠬᠠᠭᠠᠨ ᠬᠤᠷᠠᠮᠳᠤᠭᠤᠯᠬᠤ》 ᠵᠢ ᠬᠦᠰᠡᠵᠦ᠍ ᠪᠠᠢᠨ᠎ᠠ᠃ ᠪᠢᠳᠡ ᠦᠷᠭᠦᠯᠵᠢᠯᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠵᠤ᠂ ᠵᠣᠯᠭᠠᠭᠤᠯᠬᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠤᠯᠤᠰ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ᠎ᠶ᠋ᠢ ᠪᠠᠭ᠍ᠲᠠᠭᠠᠭ᠍ᠰᠠᠨ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠳᠤ ᠪᠥᠬᠥ᠌ ᠬᠦᠴᠦᠨ᠎ᠢᠶᠡᠷ᠎ᠢᠶᠡᠨ ᠦᠶ᠋ᠯᠡᠴᠢᠯᠡᠭᠡ ᠪᠠᠲᠤᠯᠠᠭ᠎ᠠ ᠎ᠶ᠋ᠢ ᠰᠠᠢᠲᠤᠷ ᠬᠠᠩᠭᠠᠨ᠎ᠠ ᠭᠡᠪᠡ᠃

ᠲᠠᠨ ᠵᠢᠶᠦ᠋ᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠤᠯᠤᠰ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ᠎ᠶ᠋ᠢ ᠬᠠᠯᠠᠮᠵᠢᠯᠠᠨ ᠳᠡᠮᠵᠢᠭ᠌ᠰᠡᠨ᠎ᠳᠦ ᠲᠠᠯᠠᠷᠬᠠᠵᠤ᠂ ᠪᠠᠩᠬᠢ᠎ᠶ᠋ᠢᠨ ᠡᠵᠡᠩᠨᠡᠯᠲᠡ᠎ᠶ᠋ᠢᠨ ᠣᠳᠣᠬᠢ ᠪᠠᠢᠳᠠᠯ ᠪᠣᠯᠤᠨ ᠥᠪᠥᠷ ᠮᠣᠩᠭᠣᠯ᠎ᠳᠤ ᠲᠤᠬᠠᠢᠯᠠᠭ᠍ᠰᠠᠨ ᠠᠵᠢᠯ ᠥᠷᠨᠢᠭᠦᠯᠵᠦ᠍ ᠪᠠᠢᠭ᠎ᠠ ᠪᠠᠢᠳᠠᠯ᠎ᠵᠢᠡᠨ ᠲᠦᠬᠦᠮ ᠲᠠᠨᠢᠯᠴᠠᠭᠤᠯᠪᠠ᠃ ᠲᠡᠷᠡ᠂ ᠤᠯᠤᠰ ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ ᠥᠪᠥᠷ ᠮᠣᠩᠭᠣᠯ᠎ᠯᠤᠭ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠬᠣᠢᠱᠢᠳᠠ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠨᠡᠢᠴᠡᠭᠦᠯᠦᠨ ᠪᠥᠬᠥ᠌ ᠲᠠᠯ᠎ᠠ᠎ᠶ᠋ᠢᠨ᠂ ᠶᠡᠷᠦᠩᠬᠡᠢᠯᠡᠭ᠌ᠰᠡᠨ ᠴᠢᠨᠠᠷᠲᠠᠶ᠂ ᠱᠢᠨ᠎ᠡ᠎ᠶ᠋ᠢ ᠡᠭᠦᠳᠬᠦ᠌ ᠴᠢᠨᠠᠷᠲᠠᠶ ᠦᠶ᠋ᠯᠡᠴᠢᠯᠡᠭᠡ ᠬᠠᠩᠭᠠᠵᠤ᠂ ᠰᠠᠭᠤᠷᠢ ᠲᠥᠬᠥᠭᠡᠷᠦᠮᠵᠢ ᠎ᠶ᠋ᠢᠨ ᠪᠥᠲᠥᠭᠡᠨ ᠪᠠᠢᠭᠤᠯᠤᠯᠲᠠ᠂ ᠱᠢᠨ᠎ᠡ ᠴᠢᠨᠠᠷ ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠬᠣᠲᠠ᠎ᠶ᠋ᠢ ᠰᠢᠨᠡᠳᠬᠡᠨ ᠥᠭᠡᠷᠡᠴᠢᠯᠡᠬᠦ᠌᠂ ᠬᠢᠯᠢ ᠬᠢᠵᠠᠭᠠᠷ᠎ᠬᠢᠯᠢ ᠵᠢᠨ ᠪᠥᠲᠥᠭᠡᠨ ᠪᠠᠢᠭᠤᠯᠤᠯᠲᠠ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠶᠡᠷᠦᠩᠬᠡᠶ ᠬᠡᠮᠵᠢᠶ᠎ᠡ᠎ᠶ᠋ᠢ ᠪᠠᠲᠤᠯᠠᠵᠤ᠂ ᠦᠶ᠋ᠯᠡᠴᠢᠯᠡᠭᠡ᠎ᠪᠡᠨ ᠱᠢᠯᠢᠳᠡᠭ᠌ᠵᠢᠭᠦᠯᠵᠦ᠍᠂ ᠥᠪᠥᠷ ᠮᠣᠩᠭᠣᠯ᠎ᠳᠤ ᠡᠨᠧᠷᠭᠢ᠎ᠶ᠋ᠢᠨ ᠤᠨᠴᠠᠯᠢᠬ᠍ᠳᠤ ᠬᠤᠪᠢᠶᠠᠷᠢ ᠪᠠᠩᠬᠢ᠎ᠶ᠋ᠢ ᠪᠠᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠮᠥᠩᠭᠥᠨ ᠭᠦᠶ᠋ᠯᠭᠡᠭᠡᠨ᠎ᠢᠶᠡᠷ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠴᠢᠨᠠᠷ ᠰᠠᠢᠲᠠᠶ ᠦᠶ᠋ᠯᠡᠴᠢᠯᠡᠭᠡ ᠬᠠᠩᠭᠠᠬᠤ᠎ᠪᠠᠷ ᠴᠢᠷᠮᠠᠢᠨ᠎ᠠ ᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号