ᠥᠪᠥᠷ ᠮᠣᠩᠭᠣᠯ 《ᠵᠣᠬᠢᠶᠠᠮᠠᠯ ᠣᠶᠤᠨ ᠴᠢᠳᠠᠪᠤᠷᠢ + ᠡᠨᠧᠷᠭᠢ》 ᠵᠢ ᠲᠦᠷᠭᠡᠳᠭᠡᠨ ᠨᠠᠢᠳᠠᠪᠤᠷᠢᠵᠢᠭᠤᠯᠵᠤ ᠪᠠᠢᠨ᠎ᠠ
2025-10-18 11:55:19
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠵᠣᠬᠢᠶᠠᠮᠠᠯ ᠣᠶᠤᠨ ᠴᠢᠳᠠᠪᠤᠷᠢ ᠵᠢᠨ ᠬᠥᠭ᠌ᠵᠢᠯᠲᠡ ᠵᠢᠨ ᠪᠠᠢᠯᠳᠤᠬᠤ ᠪᠣᠳᠣᠯᠭ᠎ᠠ ᠵᠢᠨ ᠠᠵᠠ ᠲᠣᠬᠢᠶᠠᠯ ᠢ᠋ ᠠᠮᠵᠢᠵᠤ᠂ 《ᠵᠣᠬᠢᠶᠠᠮᠠᠯ ᠣᠶᠤᠨ ᠴᠢᠳᠠᠪᠤᠷᠢ + 》 ᠠᠵᠢᠯᠯᠠᠭ᠎ᠠ᠎ᠪᠠᠷ ᠭᠤᠤᠯ ᠭᠠᠷᠳᠠᠴᠠ ᠪᠣᠯᠭᠠᠨ᠂ ᠡᠨᠧᠷᠭᠢ ᠵᠢᠨ ᠬᠦᠷᠢᠶᠡᠨ ᠤ᠋ ᠲᠤᠭᠠᠴᠢᠯᠠᠭᠰᠠᠨ ᠬᠡᠯᠪᠡᠷᠢ ᠵᠢᠨ ᠬᠤᠪᠢᠷᠠᠭᠤᠯᠤᠯᠳᠠ ᠳ᠋ᠦ ᠠᠩᠬᠠᠷᠤᠯ᠎ᠵᠢᠡᠨ ᠲᠦᠪᠯᠡᠷᠡᠬᠦᠯᠵᠦ᠂ ᠨᠡᠩ ᠦᠨᠳᠦᠷ ᠪᠦᠲᠦᠮᠵᠢᠳᠠᠢ ᠴᠢᠨᠠᠷ ᠰᠠᠢᠳᠠᠢ ᠡᠨ᠋ᠸᠷᠬᠢ ᠵᠢᠨ ᠬᠠᠩᠭᠠᠯᠭ᠎ᠠ ᠵᠢᠨ ᠰᠢᠰᠲᠸᠮ ᠢ᠋ ᠲᠦᠷᠭᠡᠳᠬᠡᠨ ᠪᠠᠢᠭᠤᠯᠵᠦ᠂ 《ᠵᠣᠬᠢᠶᠠᠮᠠᠯ ᠣᠶᠤᠨ ᠴᠢᠳᠠᠪᠤᠷᠢ + ᠡᠨᠧᠷᠭᠢ》 ᠵᠢ ᠲᠦᠷᠭᠡᠳᠭᠡᠨ ᠨᠠᠢᠳᠠᠪᠤᠷᠢᠵᠢᠭᠤᠯᠵᠤ ᠪᠠᠢᠨ᠎ᠠ᠃

ᠤᠢᠯᠠᠭᠠᠭᠰᠠᠨ᠎ᠵᠢᠡᠷ᠂ ᠲᠦᠷᠦᠬᠦᠭᠡᠨ ᠤᠯᠠᠭᠠᠨᠴᠠᠪ ᠤ᠋ᠨ ᠵᠥᠩ ᠵᠢᠨ ᠲᠣᠭ᠎ᠠ ᠪᠠᠷᠢᠮᠲᠠ ᠵᠢᠨ  ᠲᠤᠤᠷ᠎ᠠ ᠨᠡᠭᠦᠷᠡᠰᠦᠲᠥ᠋ᠷᠥᠭ᠌ᠴᠢᠳᠤ ᠪᠤᠳᠤᠯᠳᠠ ᠵᠢᠨ ᠬᠦᠴᠦᠨ ᠤ᠋ ᠰᠠᠭᠤᠷᠢᠨ᠎ᠤ ᠬᠢᠨ 《ᠡᠨ᠋ᠸᠷᠬᠢ ᠲᠤᠤᠷ ᠳᠠᠭᠠᠭᠠᠴᠠ ᠨᠦᠭᠡᠴᠡ᠌ ᠵᠢ ᠨᠢᠭᠡ ᠴᠣᠭ᠍ᠴᠠᠵᠢᠭᠤᠯᠬᠤ ᠬᠠᠮᠳᠤᠷᠠᠭᠰᠠᠨ ᠠᠵᠢᠯᠯᠠᠭᠠᠨ ᠤ᠋ ᠬᠠᠮᠢᠶᠠᠷᠤᠨ ᠡᠵᠡᠮᠳᠡᠬᠦ᠌ ᠲᠠᠪᠴᠠᠩ》 ᠵᠢᠡᠷ ᠳᠠᠮᠵᠢᠭᠤᠯᠤᠨ ᠂ ᠰᠠᠯᠬᠢᠨ ᠬᠦᠴᠦᠨ ᠤ᠋ ᠴᠠᠬᠢᠯᠭᠠᠨ᠂ ᠬᠡᠷᠡᠯᠴᠢ ᠴᠡᠨᠡᠭ᠂ ᠨᠥᠭᠡᠴᠡ ᠡᠨᠧᠷᠭᠢ ᠵᠡᠷᠭᠡ ᠡᠬᠢ ᠪᠠᠶᠠᠯᠢᠭ ᠢ᠋ ᠤᠶᠤᠨᠴᠢᠯᠠᠨ ᠬᠠᠮᠢᠶᠠᠷᠤᠨ ᠡᠵᠡᠮᠳᠡᠬᠦ᠌ ᠪᠠ ᠪᠤᠳᠤᠯᠳᠠ ᠵᠢᠨ ᠬᠦᠴᠦᠨ ᠴᠠᠬᠢᠯᠭᠠᠨ ᠬᠦᠴᠦᠨ ᠤ᠋ ᠡᠬᠢ ᠪᠠᠶᠠᠯᠢᠭ ᠢ᠋ ᠨᠢᠭᠡᠳᠦᠯᠳᠠᠢ ᠲᠦᠯᠦᠪᠵᠢᠬᠦᠯᠦᠨ ᠳᠤᠬᠢᠷᠠᠭᠤᠯᠬᠤ ᠵᠢ ᠪᠡᠶᠡᠯᠡᠭᠦᠯᠪᠡ᠃ ᠲᠣᠰ ᠰᠠᠭᠤᠷᠢᠨ ᠤ᠋ ᠬᠡᠷᠡᠭ᠌ᠵᠢᠭᠦᠯᠦᠭ᠌ᠰᠡᠨ ᠪᠣᠬᠢᠷᠲᠤᠯ ᠥᠬᠡᠶ ᠴᠠᠬᠢᠯᠭᠠᠨ ᠤ᠋ ᠱᠢᠭᠤᠳ ᠬᠣᠯᠪᠣᠯᠳᠠ ᠵᠢᠨ ᠵᠠᠭ᠍ᠪᠤᠷ ᠨᠢ ᠵᠢᠯ ᠪᠦᠷᠢ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠ ᠵᠢ 56.7 ᠲᠦᠮᠡᠨ ᠲᠣᠨ ᠪᠠᠭᠠᠰᠭᠠᠵᠤ᠂ ᠪᠣᠬᠢᠷᠲᠤᠯ ᠥᠬᠡᠶ ᠴᠠᠬᠢᠯᠭᠠᠨ ᠢ᠋ ᠱᠢᠩᠭᠡᠭᠡᠨ ᠠᠪᠬᠤ ᠬᠠᠷᠢᠴᠠᠯ ᠢ᠋ ᠪᠠᠷᠤᠭ 40% ᠳᠡᠭᠡᠭ᠌ᠰᠢᠯᠡᠭᠦᠯᠵᠠᠢ᠃ ᠡᠨᠡ ᠵᠢᠯ  ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ᠎ᠤ᠋ᠨ ᠬᠢᠨ  ᠬᠤᠸᠠ ᠨᠧᠩ ᠵᠡᠷᠭᠡ ᠠᠵᠤ ᠠᠬᠤᠢᠯᠠᠯ᠎ᠲᠠᠶ ᠬᠣᠯᠪᠣᠭᠠᠯᠠᠨ᠂ ᠠᠩᠬᠠᠳᠠᠭ᠍ᠴᠢ ᠤᠯᠤᠰ ᠤ᠋ᠨ ᠵᠣᠬᠢᠶᠠᠮᠠᠯ ᠣᠶᠤᠨ ᠴᠢᠳᠠᠪᠤᠷᠢ ᠵᠢᠨ ᠬᠡᠷᠡᠭ᠌ᠯᠡᠭᠡᠨ ᠤ᠋ ᠲᠤᠷᠱᠢᠯᠲᠠ ᠵᠢᠨ ᠰᠠᠭᠤᠷᠢᠨ ᠢ᠋ ᠪᠠᠢᠭᠤᠯᠵᠤ᠂ ᠪᠥᠬᠥ᠌ ᠬᠡᠯᠬᠢᠶᠡᠨ ᠤ᠋ ᠨᠡᠭᠡᠭᠡᠯᠲᠡᠲᠦ ᠲᠠᠪᠴᠠᠩ ᠢ᠋ ᠪᠠᠢᠭᠤᠯᠪᠠ᠃ ᠡᠭᠦᠨ ᠤ᠋ ᠬᠠᠮᠲᠤ  ᠦᠪᠦᠷ ᠮᠤᠩᠭᠤᠯ 《ᠵᠣᠬᠢᠶᠠᠮᠠᠯ ᠣᠶᠤᠨ ᠴᠢᠳᠠᠪᠤᠷᠢ ᠵᠢᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠬᠡᠷᠡᠭ᠌ᠵᠢᠭᠦᠯᠬᠦ᠌ ᠲᠥᠰᠦᠯ (2025 — 2027 ᠣᠨ)》 ᠢ᠋ ᠨᠡᠢᠲᠡᠯᠡᠵᠦ᠍᠂ ᠴᠠᠬᠢᠯᠭᠠᠨ ᠬᠦᠴᠦᠨ ᠤ᠋ ᠠᠵᠤ ᠠᠬᠤᠢᠯᠠᠯ ᠤ᠋ᠨ ᠲᠣᠮᠣ ᠵᠠᠭ᠍ᠪᠤᠷ ᠢ᠋ ᠰᠤᠳᠤᠯᠤᠨ ᠨᠡᠭᠡᠭᠡᠵᠦ᠍ ᠬᠡᠷᠡᠭ᠌ᠯᠡᠬᠦ᠌᠂ ᠨᠡᠭᠦᠷᠡᠰᠦᠨ ᠤ᠋ ᠠᠵᠤ ᠠᠬᠤᠢᠯᠠᠯ ᠤ᠋ᠨ ᠵᠢᠯᠣᠭᠣᠴᠢ ᠥᠬᠡᠶ ᠲᠡᠷᠭᠡ ᠵᠡᠷᠭᠡ ᠮᠡᠷᠭᠡᠵᠢᠯ ᠤ᠋ᠨ ᠪᠣᠭᠣᠮᠲᠠ ᠱᠢᠪᠲᠤᠯᠬᠤ ᠵᠢ ᠳᠡᠮᠵᠢᠪᠡ᠃ 2027 ᠣᠨ ᠪᠣᠯᠬᠤ᠎ᠳᠤ ᠤᠶᠤᠨᠳᠦ ᠪᠤᠳᠤᠯᠳᠠ ᠵᠢᠨ ᠬᠦᠴᠦᠨ ᠤ᠋ ᠲᠥᠪ ᠤ᠋ᠨ 30 ᠲᠥᠷᠥᠯ ᠵᠦᠶ᠋ᠯ ᠢ᠋ ᠣᠷᠣᠭᠤᠯᠤᠨ ᠠᠪᠴᠢᠷᠠᠵᠤ᠂ 30 ᠭᠠᠷᠤᠶ ᠠᠵᠢᠯ ᠲᠥᠷᠥᠯ ᠤ᠋ᠨ ᠲᠣᠮᠣ ᠵᠠᠭ᠍ᠪᠤᠷ ᠢ᠋ ᠪᠦᠷᠢᠯᠳᠦᠭᠦᠯᠵᠦ᠍᠂ 100 ᠭᠠᠷᠤᠶ ᠵᠢᠱ᠌ᠢᠶ᠎ᠡ ᠦᠵᠡᠭᠦᠯᠬᠦ᠌ ᠬᠡᠷᠡᠭ ᠤ᠋ᠨ ᠵᠢᠱ᠌ᠢᠶ᠎ᠡ ᠵᠢ ᠪᠣᠶ ᠪᠣᠯᠭᠠᠨ᠂ ᠵᠣᠬᠢᠶᠠᠮᠠᠯ ᠤᠶᠤᠨ ᠴᠢᠳᠠᠪᠤᠷᠢ ᠵᠢᠨ ᠠᠵᠤ ᠦᠶ᠋ᠯᠡᠰ ᠤ᠋ᠨ ᠬᠡᠪᠴᠢᠶ᠎ᠡ ᠵᠢ 500 ᠳ᠋ᠦᠩᠱᠢᠭᠤᠷ ᠲᠥᠭᠥᠷᠢᠭ᠎ᠲᠦ ᠬᠦᠷᠦᠭᠦᠯᠬᠦ᠌᠎ᠪᠡᠷ ᠲᠥᠯᠥᠪᠯᠡᠵᠦ᠍᠂ ᠪᠥᠬᠥ᠌ ᠤᠯᠤᠰ ᠤ᠋ᠨ ᠲᠣᠮᠣ ᠵᠠᠭ᠍ᠪᠤᠷ ᠤ᠋ᠨ ᠪᠣᠯᠪᠠᠰᠤᠷᠠᠯ ᠪᠠ ᠬᠡᠷᠡᠭ᠌ᠯᠡᠭᠡᠨ ᠤ᠋ ᠰᠠᠭᠤᠷᠢᠨ ᠢ᠋ ᠪᠠᠢᠭᠤᠯᠤᠨ᠎ᠠ᠃ ᠤᠯᠤᠰ ᠤ᠋ᠨ 《〈ᠵᠣᠬᠢᠶᠠᠮᠠᠯ ᠣᠶᠤᠨ ᠴᠢᠳᠠᠪᠤᠷᠢ +〉 ᠡᠨᠧᠷᠭᠢ ᠵᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》ᠢ᠋ ᠨᠡᠢᠲᠡᠯᠡᠬᠦ᠌ ᠵᠢ ᠳᠠᠭᠠᠯᠳᠤᠨ  ᠥᠪᠥᠷ ᠮᠣᠩᠭᠣᠯ ᠤᠳᠤ ᠶᠠᠭ 《ᠵᠣᠬᠢᠶᠠᠮᠠᠯ ᠣᠶᠤᠨ ᠴᠢᠳᠠᠪᠤᠷᠢ +》 ᠬᠢᠭᠡᠳ ᠴᠠᠬᠢᠯᠭᠠᠨ ᠲᠤᠤᠷ᠂ ᠴᠠᠬᠢᠯᠭᠠᠨ ᠭᠠᠷᠭᠠᠬᠤ ᠵᠡᠷᠭᠡ ᠬᠦᠷᠢᠶᠡᠨ᠎ᠳᠡᠬᠢ ᠤᠶᠠᠯᠳᠤᠯ ᠢ᠋ ᠤᠯᠠᠮ ᠨᠢᠭᠡ ᠠᠯᠬᠤᠮ ᠲᠦᠷᠭᠡᠳᠭᠡᠵᠤ᠂ ᠴᠠᠬᠢᠯᠭᠠᠨ ᠬᠦᠴᠦᠨ ᠤ᠋ ᠡᠨᠧᠷᠭᠢ᠂ ᠤᠶᠤᠨᠴᠢ ᠠᠭᠤᠷᠬᠠᠶ ᠵᠡᠷᠭᠡ 12 ᠬᠦᠷᠢᠶᠡᠨ ᠳ᠋ᠦ ᠬᠦᠴᠦᠯᠡᠨ᠂ ᠡᠨᠧᠷᠭᠢ ᠵᠢᠨ ᠠᠵᠤ ᠦᠶ᠋ᠯᠡᠰ ᠤ᠋ᠨ ᠲᠠᠰ ᠳᠡᠪᠱᠢᠬᠦ᠌ ᠎ᠳᠤ ᠠᠬᠢᠭᠤᠯᠬᠤ ᠦᠢᠯᠡᠳᠤᠯ ᠦᠵᠡᠬᠦᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号