200 ᠲᠦᠮᠡᠨ ᠮᠦ᠍ ᠲᠠᠷᠢᠶᠠᠨ ᠭᠠᠵᠠᠷ ᠲᠣᠨ᠎ᠤ ᠠᠮᠤ᠎ᠶᠢᠨ ᠭᠠᠢᠬᠠᠮᠰᠢᠭ᠋᠎ᠢ ᠡᠭᠥᠳᠪᠡ
2025-10-18 11:57:49
ᠵᠣᠬᠢᠶᠠᠭ᠍ᠴᠢ᠄
ᠪᠦᠦ ᠴᠢᠩ ᠱᠧᠩ
ᠣᠩᠱᠢᠭ᠍ᠰᠠᠨ ᠣᠳᠠᠭ᠎ᠠ᠄
★★★☆☆

ᠲᠦᠩᠯᠢᠶᠣᠣ ᠬᠤᠲᠠ ᠎ᠶᠢᠨ ᠡᠷᠳᠡᠨᠢ ᠰᠢᠰᠢ ᠎ᠶᠢᠨ ᠲᠠᠯᠠᠪᠠᠢ ᠨᠢᠭᠡᠴᠢ᠎ᠶᠢᠨ ᠤᠨᠠᠯᠲᠠ ᠎ᠶᠢᠨ ᠳᠡᠭᠡᠭᠰᠢᠯᠡᠯᠲᠡ ᠪᠦᠬᠦ ᠤᠯᠤᠰ᠎ᠤᠨ ᠭᠤᠤᠯ ᠤᠨᠠᠯᠳᠠᠳᠤ ᠤᠷᠤᠨ ᠳ᠋ᠤ ᠲᠥᠷᠥᠭᠥᠯᠡᠯ᠎ᠡ


10 ᠰᠠᠷ᠎ᠠ᠎ᠶᠢᠨ 17᠎ᠤ᠋ ᠡᠳᠦᠷ᠂ ᠲᠦᠩᠯᠢᠶᠣᠣ ᠬᠣᠲᠠ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠤᠨ ᠡᠷᠳᠡᠨᠢ ᠰᠢᠰᠢ᠎ᠶᠢᠨ ᠰᠢᠨ᠎ᠡ ᠮᠡᠷᠭᠡᠵᠢᠯ᠎ᠦᠨ ᠴᠤᠬᠯᠠᠷᠠᠯ ᠪᠠ ᠳᠡᠯᠭᠡᠷᠡᠭᠦᠯᠦᠯᠲᠡ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠳ᠋ᠤ ᠡᠷᠳᠡᠨᠢ ᠰᠢᠰᠢ᠎ᠶᠢᠨ ᠶᠡᠬᠡ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ᠎ᠶᠢ ᠪᠥᠬᠥ ᠬᠣᠲᠠ᠎ᠪᠠᠷ ᠲᠦᠯᠬᠢᠨ ᠠᠬᠢᠭᠤᠯᠤᠬᠰᠠᠨ ᠲᠠᠷᠢᠶᠠᠨ᠎ᠤ ᠤᠨᠠᠯᠲᠠ᠎ᠶᠢᠨ ᠬᠡᠮᠵᠢᠯᠳᠠ ᠵᠢ ᠰᠢᠯᠭᠠᠨ ᠠᠪᠤᠬᠰᠠᠨ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ᠃ ᠪᠣᠳᠠᠲᠠᠢ ᠬᠡᠮᠵᠢᠯᠲᠡ᠎ᠪᠡᠷ ᠳᠠᠮᠵᠢᠭᠠᠳ ᠡᠷᠳᠡᠨᠢ ᠰᠢᠰᠢ᠎ᠶᠢᠨ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠭᠣᠣᠯᠳᠠᠯᠭ᠎ᠠ᠎ᠲᠠᠢ ᠵᠢᠱ᠌ᠢᠶ᠎ᠡ ᠦᠵᠡᠭᠦᠯᠬᠦ ᠣᠷᠣᠨ᠎ᠤ 208.02 ᠲᠦᠮᠡᠨ ᠮᠦ᠍ ᠲᠠᠷᠢᠶᠠᠨ ᠭᠠᠵᠠᠷ᠎ᠤᠨ ᠮᠦ᠍ ᠳᠤᠮᠳᠠᠴᠢ᠎ᠶᠢᠨ ᠤᠨᠠᠯᠲᠠ 1018.25 ᠺᠢᠯᠣᠭ᠌ᠷᠠᠮ᠎ᠳᠤ ᠬᠦᠷᠴᠦ᠂ ᠲᠣᠨ ᠎ᠤ ᠠᠮᠤ ᠵᠢᠨ  ᠲᠠᠷᠢᠶᠠᠨ ᠭᠠᠵᠠᠷ᠎ᠤᠨ ᠪᠠᠷᠢᠮᠵᠢᠶ᠎ᠠ᠎ᠳᠤ ᠬᠥᠷᠥᠭᠰᠡᠨ ᠪᠠᠢᠨ᠎ᠠ᠃

ᠲᠦᠩᠯᠢᠶᠣᠣ ᠬᠣᠲᠠ᠎ᠶᠢᠨ ᠡᠷᠳᠡᠨᠢ ᠰᠢᠰᠢ᠎ᠶᠢᠨ ᠶᠡᠬᠡ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ᠎ᠶᠢ ᠪᠥᠬᠥ ᠬᠣᠲᠠ᠎ᠪᠠᠷ ᠲᠦᠯᠬᠢᠨ ᠠᠬᠢᠭᠤᠯᠤᠭᠰᠠᠨ ᠦᠷ᠎ᠡ ᠪᠦᠲᠦᠮᠵᠢ᠎ᠶᠢ ᠰᠢᠯᠭᠠᠨ ᠭᠡᠷᠡᠴᠢᠯᠡᠬᠦ᠎ᠶᠢᠨ ᠲᠥᠯᠥᠭᠡ 9 ᠰᠠᠷ᠎ᠠ᠎ᠶᠢᠨ 20᠎ᠤ᠋ ᠡᠳᠦᠷ᠎ᠡᠴᠡ ᠡᠬᠢᠯᠡᠨ ᠨᠢᠭᠡ ᠰᠠᠷ᠎ᠠ᠎ᠶᠢᠨ ᠴᠠᠭ᠎ᠢ ᠠᠰᠢᠭ᠍ᠯᠠᠵᠤ ᠪᠠᠢᠭᠠᠳ ᠣᠨᠣᠯ᠎ᠳᠡᠭᠡᠷ᠎ᠡ ᠤᠨᠠᠯᠲᠠ᠎ᠶᠢ ᠬᠡᠮᠵᠢᠬᠦ᠂ ᠬᠥᠮᠥᠨ᠎ᠦ ᠬᠦᠴᠦ᠎ᠪᠡᠷ ᠪᠣᠳᠠᠲᠠᠢ ᠬᠤᠷᠢᠶᠠᠬᠤ ᠵᠢᠴᠢ ᠳᠠᠭᠠᠭᠤᠯᠢ ᠣᠳᠣᠨ᠎ᠤ ᠠᠯᠤᠰ ᠰᠡᠷᠡᠯ ᠵᠢᠨᠷ ᠤᠨᠠᠯᠲᠠ᠎ᠶᠢ ᠵᠢᠱ᠌ᠢᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠨ ᠤᠨᠠᠯᠲᠠ᠎ᠶᠢ ᠬᠢᠨᠠᠨ ᠬᠠᠷᠭᠤᠭᠤᠯᠵᠤ ᠰᠢᠯᠭᠠᠨ ᠪᠠᠲᠤᠯᠠᠪᠠ᠃ 10 ᠰᠠᠷ᠎ᠠ᠎ᠶᠢᠨ 4᠎ᠡᠴᠡ ᠡᠬᠢᠯᠡᠨ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠵᠡᠷᠭᠡ ᠣᠷᠣᠨ᠎ᠤ ᠳᠣᠲᠣᠨ᠎ᠡ ᠭᠠᠳᠠᠨᠠᠬᠢ 24 ᠰᠢᠨᠵᠢᠯᠡᠬᠦ ᠤᠬᠠᠭᠠᠨ᠎ᠤ ᠰᠤᠳᠤᠯᠭᠠᠨ ᠎ᠤ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭᠠᠭᠤᠯᠢ᠂ ᠲᠠᠷᠢᠶᠠᠯᠠᠩ᠎ᠤᠨ ᠮᠡᠷᠭᠡᠵᠢᠯ ᠎ᠢ ᠳᠡᠯᠭᠡᠷᠡᠭᠦᠯᠬᠦ ᠲᠥᠪ ᠵᠡᠷᠭᠡ ᠨᠢᠭᠡᠴᠢ᠎ᠶᠢᠨ 59 ᠡᠷᠳᠡᠨᠢ ᠰᠢᠰᠢ᠎ᠶᠢᠨ ᠠᠵᠢᠯ ᠲᠥᠷᠥᠯ᠎ᠦᠨ ᠲᠤᠰᠬᠠᠢ ᠮᠡᠷᠭᠡᠵᠢᠯᠲᠡᠨ ᠵᠢᠴᠢ ᠲᠤᠰ ᠬᠤᠲᠠ ᠵᠢᠨ 400 ᠭᠠᠷᠤᠢ ᠲᠤᠰᠬᠠᠢ ᠮᠡᠷᠭᠡᠵᠢᠯᠲᠡᠨ᠎ᠢ ᠤᠷᠢᠵᠤ᠂ 《ᠲᠣᠨ ᠎ᠤ ᠠᠮᠤ᠎ᠶᠢᠨ ᠲᠠᠷᠢᠶ᠎ᠠ》᠎ᠵᠢᠨ ᠪᠠᠷᠢᠮᠵᠢᠶ᠎ᠠ᠎ᠳᠤ ᠬᠦᠷᠬᠦ ᠪᠣᠯᠣᠮᠵᠢ᠎ᠲᠠᠢ ᠭᠠᠵᠠᠷ᠎ᠲᠤ ᠬᠥᠮᠥᠨ ᠎ᠦ ᠬᠦᠴᠦ᠎ᠪᠡᠷ ᠰᠤᠭᠤᠴᠢᠨ ᠬᠡᠮᠵᠢᠵᠤ ᠳᠠᠬᠢᠨ ᠬᠢᠨᠠᠨ ᠰᠢᠯᠭᠠᠯᠲᠠ ᠬᠢᠵᠠᠢ᠃ ᠠᠯᠤᠰ ᠰᠡᠷᠡᠯ᠎ᠦᠨ ᠵᠢᠱ᠌ᠢᠯᠲᠡ᠎ᠶᠢᠨ ᠲᠠᠯ᠎ᠠ᠎ᠪᠠᠷ᠂ ᠲᠤᠰᠬᠠᠢ ᠪᠠᠢᠭᠤᠯᠤᠮᠵᠢ᠎ᠳᠤ ᠨᠠᠢᠳᠠᠵᠤ 1032 ᠲᠦᠮᠡᠨ ᠮᠦ᠍ ᠵᠢᠱ᠌ᠢᠶ᠎ᠡ ᠦᠵᠡᠭᠦᠯᠬᠦ ᠣᠷᠣᠨ ᠪᠠ 400 ᠲᠦᠮᠡᠨ ᠮᠦ᠍ ᠭᠣᠣᠯᠳᠠᠯᠭ᠎ᠠ᠎ᠲᠠᠢ ᠣᠷᠣᠨ ᠪᠦᠰᠡ᠎ᠳᠦ ᠪᠦᠷᠢᠨ ᠤᠷᠭᠤᠯᠳᠠ ᠵᠢᠨ ᠬᠤᠭᠤᠴᠠᠭᠠᠨ᠎ᠤ ᠠᠯᠤᠰ ᠰᠡᠷᠡᠯ᠎ᠦᠨ ᠵᠢᠷᠤᠭ ᠳᠦᠷᠰᠦ᠎ᠶᠢ ᠴᠤᠭᠯᠠᠭᠤᠯᠥᠨ᠂ ᠣᠯᠠᠨ ᠴᠠᠭ᠎ᠤᠨ ᠠᠯᠤᠰ ᠰᠡᠷᠡᠯ᠎ᠦᠨ ᠣᠨᠴᠠᠯᠢᠭ᠎ᠢ ᠡᠵᠡᠮᠳᠡᠬᠥ᠂ ᠬᠡᠷᠡᠯ ᠵᠢᠭ᠍ᠰᠠᠯ᠎ᠤᠨ ᠢᠯᠡᠳᠬᠡᠭᠴᠢ᠎ᠶᠢᠨ ᠵᠠᠳᠠᠯᠤᠯᠲᠠ᠂ ᠴᠠᠭ ᠠᠭᠤᠷ᠎ᠤᠨ ᠲᠣᠭ᠎ᠠ ᠪᠠᠷᠢᠮᠲᠠ᠎ᠶᠢᠨ ᠣᠨᠴᠠᠯᠢᠭ᠎ᠤᠨ ᠵᠠᠳᠠᠯᠤᠯᠲᠠ ᠵᠢᠴᠢ ᠣᠷᠣᠨ ᠵᠠᠢ᠎ᠶᠢᠨ ᠪᠦᠷᠢᠳᠬᠡᠯ ᠵᠡᠷᠭᠡ ᠮᠡᠷᠭᠡᠵᠢᠯ᠎ᠦᠨ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭᠯᠡᠵᠦ᠂ ᠡᠷᠳᠡᠨᠢ ᠰᠢᠰᠢ᠎ᠶᠢᠨ ᠠᠳᠠᠯᠢ ᠪᠤᠰᠤ ᠤᠷᠭᠤᠯᠳᠠ ᠵᠢᠨ ᠱᠠᠲᠤᠨ᠎ᠳᠠᠬᠢ ᠥᠰᠦᠯᠲᠡ᠎ᠶᠢᠨ ᠪᠠᠢᠳᠠᠯ᠎ᠢ ᠰᠢᠰᠲᠧᠮ᠎ᠲᠠᠢ ᠢᠯᠭᠠᠨ ᠲᠠᠨᠢᠬᠤ᠂ ᠬᠥᠳᠡᠯᠦᠩᠭᠦᠢ᠎ᠪᠡᠷ ᠬᠢᠨᠠᠨ ᠬᠡᠮᠵᠢᠬᠦ ᠪᠠ ᠤᠨᠠᠯᠲᠠ᠎ᠶᠢᠨ ᠬᠡᠮᠵᠢᠶ᠎ᠡ᠎ᠶᠢ ᠲᠥᠰᠥᠭᠡᠯᠡᠨ ᠪᠤᠳᠤᠵᠤ ᠰᠢᠯᠭᠠᠨ ᠪᠠᠲᠤᠯᠠᠬᠤ ᠵᠢ ᠪᠡᠶᠡᠯᠡᠭᠥᠯᠪᠡ᠃

ᠪᠣᠳᠠᠲᠠᠢ ᠬᠡᠮᠵᠢᠯᠲᠡ ᠨᠢ ᠲᠦᠩᠯᠢᠶᠣᠣ ᠬᠣᠲᠠ᠎ᠶᠢᠨ 8 ᠬᠣᠰᠢᠭᠤ ᠰᠢᠶᠠᠨ ᠲᠣᠭᠣᠷᠢᠭ᠋ (ᠨᠡᠭᠡᠭᠡᠯᠲᠡ᠎ᠶᠢᠨ ᠲᠣᠭᠣᠷᠢᠭ᠋ )᠎ᠤ᠋ᠨ 66 ᠰᠤᠮᠤ ᠪᠠᠯᠭᠠᠰᠤ ᠲᠠᠯᠠᠪᠠᠶ᠂ 386 ᠭᠠᠴᠠᠭ᠎ᠠ ᠲᠣᠰᠬᠣᠨ᠎ᠳᠤ ᠬᠣᠯᠪᠣᠭᠳᠠᠵᠤ᠂ 1174 ᠭᠣᠣᠯ ᠴᠣᠭᠴᠠ᠂ 1888 ᠬᠡᠰᠡᠭ ᠭᠠᠵᠠᠷ᠎ᠢ ᠬᠠᠮᠤᠷᠥᠨ᠂ ᠲᠥᠯᠥᠭᠡᠯᠡᠭᠴᠢ ᠵᠢᠱ᠌ᠢᠶ᠎ᠡ ᠦᠵᠡᠭᠦᠯᠬᠦ ᠣᠷᠣᠨ᠎ᠤ ᠲᠠᠯᠠᠪᠠᠶ 208.02 ᠲᠦᠮᠡᠨ ᠮᠦ᠍ ᠳ᠋ᠤ ᠬᠥᠷᠴᠥ᠂ ᠮᠦ᠍ ᠪᠦᠷᠢ᠎ᠶᠢᠨ ᠳᠤᠮᠳᠠᠴᠢ ᠤᠨᠠᠯᠲᠠ ᠨᠢ 1018.25 ᠺᠢᠯᠣᠭ᠌ᠷᠠᠮ ᠳ᠋ᠤ ᠬᠥᠷᠴᠠᠢ᠃ ᠡᠭᠦᠨ᠎ᠳᠦ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ᠂ ᠺᠠᠢᠯᠤ ᠰᠢᠶᠠᠨ᠂ ᠬᠣᠷᠴᠢᠨ ᠲᠣᠭᠣᠷᠢᠭ᠋᠂ ᠨᠠᠢ᠍ᠮᠠᠨ ᠬᠣᠰᠢᠭᠤ ᠵᠡᠷᠭᠡ ᠳᠥᠷᠪᠡᠨ ᠬᠣᠰᠢᠭᠤ ᠰᠢᠶᠠᠨ᠎ᠤ 《ᠲᠣᠨ᠎ᠤ ᠠᠮᠤ᠎ᠶᠢᠨ ᠲᠠᠷᠢᠶ᠎ᠠ》 ᠎ᠵᠢᠨ ᠲᠠᠯᠠᠪᠠᠶ ᠨᠢ ᠴᠥᠮ 40 ᠲᠦᠮᠡᠨ ᠮᠦ᠍᠎ᠶᠢ ᠳᠠᠪᠠᠪᠠ; ᠨᠠᠢ᠍ᠮᠠᠨ ᠬᠣᠰᠢᠭᠤᠨ᠎ᠤ ᠢ ᠯᠦᠩ ᠶᠦᠩ ᠪᠠᠯᠭᠠᠰᠤ ᠠᠩᠬ᠎ᠠ ᠤᠳᠠᠭ᠎ᠠ 10 ᠲᠦᠮᠡᠨ ᠮᠦ᠍ 《ᠲᠣᠨ᠎ᠤ ᠠᠮᠤ᠎ᠶᠢᠨ ᠲᠠᠷᠢᠶ᠎ᠠ》 ᠶ᠋ᠢ ᠡᠭᠦᠳᠴᠦ᠂ ᠮᠦ᠍ ᠪᠦᠷᠢ᠎ᠶᠢᠨ ᠳᠤᠮᠳᠠᠴᠢ ᠤᠨᠠᠯᠲᠠ ᠨᠢ 1045.84 ᠺᠢᠯᠣᠭ᠌ᠷᠠᠮ᠎ᠳᠤ ᠬᠦᠷᠴᠡᠢ᠃

ᠡᠭᠦᠨ᠎ᠦ ᠬᠠᠮᠳᠤ ᠵᠠᠭᠤᠨ ᠮᠦ᠍᠂ ᠮᠢᠩᠭᠠᠨ ᠮᠦ᠍ ᠪᠠ ᠲᠦᠮᠡᠨ ᠮᠦ᠍᠎ᠶᠢᠨ ᠥᠨᠳᠥᠷ ᠤᠨᠠᠯᠲᠠ᠎ᠶᠢᠨ ᠨᠡᠢᠲᠡᠯᠢᠭ ᠵᠢᠱ᠌ᠢᠶ᠎ᠡ᠎ᠴᠦ ᠴᠣᠯᠭᠣᠷᠠᠨ ᠭᠠᠷᠪᠠ᠃ ᠡᠩ᠎ᠦᠨ ᠲᠠᠷᠢᠶᠠᠨ ᠭᠠᠵᠠᠷ᠎ᠤᠨ ᠵᠠᠭᠤᠨ ᠮᠸ᠋ ᠲᠠᠷᠢᠶᠠᠨ᠎ᠤ ᠬᠠᠮᠤᠭ᠎ᠤᠨ ᠥᠨᠳᠥᠷ ᠮᠸ᠋ ᠨᠢᠭᠡᠴᠢ ᠵᠢᠨ ᠤᠨᠠᠯᠲᠠ 1212.71 ᠺᠢᠯᠣᠭ᠌ᠷᠠᠮ᠂ ᠮᠢᠩᠭᠠᠨ ᠮᠸ᠋᠎ᠶᠢᠨ ᠬᠠᠮᠤᠭ᠎ᠤᠨ ᠥᠨᠳᠥᠷ ᠮᠸ᠋ ᠨᠢᠭᠡᠴᠢ ᠵᠢᠨ ᠤᠨᠠᠯᠲᠠ 1304.6 ᠺᠢᠯᠣᠭ᠌ᠷᠠᠮ᠂ ᠲᠦᠮᠡᠨ ᠮᠦ᠍ ᠵᠢᠨ ᠬᠠᠮᠤᠭ᠎ᠤᠨ ᠥᠨᠳᠥᠷ ᠮᠸ᠋ ᠨᠢᠭᠡᠴᠢ᠎ᠶᠢᠨ ᠤᠨᠠᠯᠲᠠ 1265.06 ᠺᠢᠯᠣᠭ᠌ᠷᠠᠮ᠎ᠳᠤ ᠬᠦᠷᠴᠡᠢ᠃ ᠡᠭᠦᠨ᠎ᠳᠦ ᠡᠯᠡᠰᠦᠷᠬᠡᠭ ᠭᠠᠵᠠᠷ ᠎ᠤᠨ ᠡᠷᠳᠡᠨᠢ ᠰᠢᠰᠢ᠎ᠶᠢᠨ ᠵᠠᠭᠤᠨ ᠮᠦ᠍ ᠵᠢᠱ᠌ᠢᠶ᠎ᠡ ᠦᠵᠡᠭᠦᠯᠬᠦ ᠲᠠᠷᠢᠶᠠᠨ᠎ᠤ ᠬᠠᠮᠤᠭ᠎ᠤᠨ ᠥᠨᠳᠥᠷ ᠮᠸ᠋ ᠨᠢᠭᠡᠴᠢ ᠵᠢᠨ ᠤᠨᠠᠯᠲᠠ 1236.79 ᠺᠢᠯᠣᠭ᠌ᠷᠠᠮ᠂ ᠮᠢᠩᠭᠠᠨ ᠮᠦ᠍ ᠵᠢᠱ᠌ᠢᠶ᠎ᠡ ᠦᠵᠡᠭᠦᠯᠬᠦ ᠲᠠᠷᠢᠶᠠᠨ᠎ᠤ ᠬᠠᠮᠤᠭ᠎ᠤᠨ ᠥᠨᠳᠥᠷ ᠮᠸ᠋ ᠨᠢᠭᠡᠴᠢ ᠵᠢᠨ ᠤᠨᠠᠯᠲᠠ 1146.43 ᠺᠢᠯᠣᠭ᠌ᠷᠠᠮ᠂ ᠲᠦᠮᠡᠨ ᠮᠦ᠍ ᠵᠢᠱ᠌ᠢᠶ᠎ᠡ ᠦᠵᠡᠭᠦᠯᠬᠦ ᠳᠠᠷᠢᠶᠠᠨ᠎ᠤ ᠬᠠᠮᠤᠭ᠎ᠤᠨ ᠥᠨᠳᠥᠷ ᠮᠦ᠍ ᠨᠢᠭᠡᠴᠢ ᠵᠢᠨ ᠤᠨᠠᠯᠲᠠ 1094.06 ᠺᠢᠯᠣᠭ᠌ᠷᠠᠮ᠎ᠳᠤ ᠬᠦᠷᠥᠭᠰᠡᠨ ᠪᠠᠢᠨ᠎ᠠ᠃

ᠳᠠᠭᠠᠭᠤᠯᠢ ᠣᠳᠣᠨ᠎ᠤ ᠠᠯᠤᠰ ᠰᠡᠷᠡᠯ ᠵᠢᠨᠷ 1032 ᠲᠦᠮᠡᠨ ᠮᠦ᠍᠎ᠶᠢᠨ ᠵᠢᠱ᠌ᠢᠶ᠎ᠡ ᠦᠵᠡᠭᠦᠯᠬᠦ ᠣᠷᠣᠨ᠎ᠳᠤ ᠤᠨᠠᠯᠲᠠ᠎ᠶᠢᠨ ᠬᠡᠮᠵᠢᠶᠡᠨ᠎ᠦ ᠵᠢᠱ᠌ᠢᠯᠲᠡ ᠬᠢᠵᠦ᠂ ᠨᠡᠶ᠋ᠢᠲᠡ 35253 ᠬᠡᠰᠡᠭ ᠭᠠᠵᠠᠷ᠎ᠢ ᠬᠢᠨᠠᠨ ᠬᠡᠮᠵᠢᠵᠦ᠂ ᠮᠦ᠍ ᠪᠦᠷᠢ᠎ᠶᠢᠨ ᠳᠤᠮᠳᠠᠴᠢ ᠤᠨᠠᠯᠲᠠ ᠨᠢ 891 ᠺᠢᠯᠣᠭ᠌ᠷᠠᠮ ᠳ᠋ᠤ ᠬᠥᠷᠴᠠᠢ᠂ ᠡᠭᠦᠨ᠎ᠳᠦ 415 ᠲᠦᠮᠡᠨ ᠮᠦ᠍ ᠭᠣᠣᠯᠳᠠᠯᠭ᠎ᠠ᠎ᠲᠠᠢ ᠵᠢᠱ᠌ᠢᠶ᠎ᠡ ᠦᠵᠡᠭᠦᠯᠬᠦ ᠣᠷᠣᠨ᠎ᠤ ᠲᠠᠷᠢᠶᠠᠨ ᠭᠠᠵᠠᠷ᠎ᠤᠨ ᠮᠦ᠍ ᠪᠦᠷᠢ᠎ᠶᠢᠨ ᠳᠤᠮᠳᠠᠴᠢ ᠤᠨᠠᠯᠲᠠ ᠨᠢ 965 ᠺᠢᠯᠣᠭ᠌ᠷᠠᠮ ᠳ᠋ᠤ ᠬᠥᠷᠪᠡ᠃

ᠪᠥᠬᠥ ᠤᠯᠤᠰ ᠎ᠤᠨ ᠡᠷᠳᠡᠨᠢ ᠰᠢᠰᠢ᠎ᠶᠢᠨ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠢᠨᠵᠧᠨᠧᠷᠢᠩ᠎ᠦᠨ ᠲᠦᠷᠦᠭᠦᠸ᠋ ᠲᠤᠰᠬᠠᠢ ᠮᠡᠷᠭᠡᠵᠢᠯᠲᠡᠨ ᠯᠢ ᠱᠣᠸ᠋ ᠺᠦᠨ᠄ 《200 ᠲᠦᠮᠡᠨ ᠮᠦ᠍ ᠨᠢ ᠲᠣᠨ᠎ᠤ ᠠᠮᠤ ᠵᠢᠨ ᠲᠠᠷᠢᠶ᠎ᠡ ᠪᠤᠯᠤᠯ᠎ᠠ᠂ ᠡᠨᠡ ᠨᠢ ᠮᠠᠨ᠎ᠤ ᠤᠯᠤᠰ᠎ᠤᠨ ᠡᠷᠳᠡᠨᠢ ᠰᠢᠰᠢ᠎ᠶᠢᠨ ᠭᠣᠣᠯ ᠤᠨᠠᠯᠳᠠᠳᠤ ᠣᠷᠣᠨ᠎ᠳᠤ ᠠᠪᠴᠤ ᠬᠡᠯᠡᠪᠡᠯ ᠬᠠᠮᠤᠭ᠎ᠤᠨ ᠥᠨᠳᠥᠷ ᠤᠨᠠᠯᠲᠠ ᠵᠢ ᠡᠭᠥᠳᠦᠭᠰᠡᠨ ᠨᠢᠭᠡ ᠤᠳᠠᠭᠠᠨ᠎ᠤ ᠴᠢᠬᠤᠯᠠ ᠶᠡᠬᠡ ᠰᠢᠪᠲᠤᠯᠤᠯᠲᠠ ᠪᠣᠯᠬᠤ ᠶᠤᠮ᠃ ᠲᠣᠰ ᠤᠨᠠᠯᠲᠠ ᠪᠠ ᠬᠢᠷᠢ ᠲᠦᠪᠰᠢᠨ ᠨᠢ ᠪᠥᠬᠥ ᠤᠯᠤᠰ᠎ᠲᠤ ᠲᠦᠷᠦᠭᠦᠯᠡᠭᠰᠡᠨ ᠵᠢᠨᠷ ᠪᠠᠷᠠᠬᠤ ᠦᠭᠡᠢ ᠪᠥᠬᠥ ᠳᠡᠯᠡᠬᠡᠢ᠎ᠳᠦ ᠴᠦ᠍ ᠬᠠᠮᠤᠭ᠎ᠤᠨ ᠥᠨᠳᠥᠷ ᠬᠢᠷᠢ ᠲᠦᠪᠰᠢᠨ᠎ᠳᠦ ᠲᠣᠭᠠᠴᠠᠭᠳᠠᠨ᠂ ᠪᠥᠬᠥ ᠤᠯᠤᠰ᠎ᠤᠨ ᠡᠷᠳᠡᠨᠢ ᠰᠢᠰᠢ᠎ᠶᠢᠨ ᠠᠵᠤ ᠦᠢᠯᠡᠰ᠎ᠲᠦ ᠴᠢᠬᠤᠯᠠ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠥᠵᠡᠭᠥᠯᠬᠥ ᠪᠤᠯᠤᠨ᠎ᠠ》 ᠭᠡᠵᠥ ᠬᠡᠯᠡᠵᠤ ᠪᠠᠢᠯ᠎ᠠ᠃

ᠳᠡᠯᠡᠬᠡᠢ᠎ᠶᠢᠨ ᠭᠤᠷᠪᠠᠨ ᠶᠡᠬᠡ ᠰᠢᠵᠢᠷ ᠠᠯᠳᠠᠨ ᠡᠷᠳᠡᠨᠢ ᠰᠢᠰᠢ᠎ᠶᠢᠨ ᠪᠦᠰᠡ᠎ᠶᠢᠨ ᠨᠢᠭᠡ ᠪᠣᠯᠬᠤ ᠤᠷᠤᠨ ᠎ᠤ ᠭᠣᠣᠯ ᠤᠨᠠᠯᠳᠠᠳᠤ ᠣᠷᠣᠨ ᠪᠣᠯᠤᠭᠰᠠᠨ᠎ᠤ ᠬᠤᠪᠢ᠎ᠳᠤ ᠲᠦᠩᠯᠢᠶᠣᠣ ᠬᠤᠳᠠ᠎ᠶᠢᠨ ᠬᠢᠨ ᠪᠦᠬᠦ ᠤᠯᠤᠰ᠎ᠤᠨ ᠠᠮᠤ ᠪᠤᠳᠠᠭᠠᠨ᠎ᠤ ᠭᠣᠣᠯ ᠤᠨᠠᠯᠳᠠᠳᠤ ᠣᠷᠣᠨ᠎ᠤ ᠠᠩᠬᠠᠳᠠᠬᠴᠢ 200 ᠲᠦᠮᠡᠨ ᠮᠦ᠍ ᠲᠣᠨ᠎ᠤ ᠠᠮᠤ᠎ᠶᠢᠨ ᠲᠠᠷᠢᠶ᠎ᠠ᠎ᠶᠢ ᠪᠡᠶᠡᠯᠡᠭᠦᠯᠪᠡ᠃ ᠡᠨᠡ ᠨᠢ ᠡᠷᠳᠡᠨᠢ ᠰᠢᠰᠢ᠎ᠶᠢᠨ ᠲᠠᠯᠠᠪᠠᠢ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ  《ᠲᠦᠩᠯᠢᠶᠣᠣ᠎ᠶᠢᠨ ᠵᠠᠭᠪᠤᠷ》᠎ᠤ᠋ᠨ ᠰᠢᠨᠵᠢᠯᠡᠬᠦ ᠤᠬᠠᠭᠠᠨᠴᠢ ᠴᠢᠨᠠᠷ ᠪᠣᠯᠣᠨ ᠬᠡᠷᠡᠭᠯᠡᠭᠡᠨ᠎ᠦ ᠴᠢᠨᠠᠷ᠎ᠢ ᠰᠢᠯᠭᠠᠨ ᠨᠤᠲᠠᠯᠠᠭᠰᠠᠨ᠎ᠢᠶᠠᠷ ᠪᠠᠷᠠᠬᠤ ᠦᠭᠡᠢ ᠨᠡᠩ ᠴᠤ᠌ ᠤᠯᠤᠰ᠎ᠤᠨ ᠮᠢᠩᠭᠠᠨ ᠳ᠋ᠦᠩᠰᠢᠭᠤᠷ ᠵᠢᠩ᠎ᠦᠨ ᠠᠮᠤ ᠪᠤᠳᠠᠭᠠᠨ ᠎ᠤ ᠦᠢᠯᠡᠳᠪᠦᠷᠢᠯᠡᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ ᠠᠵᠢᠯᠯᠠᠭ᠎ᠠ᠎ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠮᠡᠷᠭᠡᠵᠢᠯ᠎ᠦᠨ ᠵᠠᠭᠪᠤᠷ ᠎ᠢ ᠬᠠᠩᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号