ᠥᠪᠥᠷ ᠮᠣᠩᠭᠣᠯ ᠬᠤᠶᠠᠷ ᠵᠤᠢᠯ ᠎ᠤᠨ ᠤᠷᠤᠨ ᠨᠤᠳᠤᠭ᠎ᠤᠨ ᠪᠠᠷᠢᠮᠵᠢᠶ᠎ᠠ᠎ᠵᠢ ᠨᠠᠢᠳᠡᠯᠠᠵᠤ ᠪᠥᠬᠥ᠌ ᠤᠯᠤᠰ ᠤ᠋ᠨ ᠠᠮᠢ ᠠᠬᠤᠶ ᠶ᠋ᠢᠨ ᠬᠣᠬᠢᠷᠠᠯ ᠤ᠋ᠨ ᠬᠠᠤᠯᠢ ᠴᠠᠭᠠᠵᠠ ᠶ᠋ᠢᠨ ᠬᠢᠨᠠᠨ ᠲᠣᠭ᠍ᠲᠠᠭᠠᠯᠲᠠ ᠶ᠋ᠢᠨ ᠬᠦᠷᠢᠶᠠᠨ᠎ᠳᠡᠬᠢ ᠮᠡᠷᠭᠡᠵᠢᠯ ᠤ᠋ᠨ ᠪᠠᠷᠢᠮᠵᠢᠶ᠎ᠠ ᠶ᠋ᠢᠨ ᠬᠣᠭᠣᠰᠣᠨ ᠢ᠋ ᠨᠥᠬᠥᠪᠥᠷᠢᠯᠡᠪᠡ
2025-10-18 12:10:10
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ᠂ ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠎ᠵᠢᠨ ᠬᠢᠨ 《ᠨᠤᠲᠤᠭ ᠪᠡᠯᠴᠢᠭᠡᠷ ᠤ᠋ᠨ ᠠᠮᠢ ᠠᠬᠤᠶ ᠣᠷᠴᠢᠨ ᠲᠣᠭᠣᠷᠢᠨ ᠢ᠋ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ᠎ᠳᠤ ᠬᠠᠤᠯᠢ ᠴᠠᠭᠠᠵᠠ ᠶ᠋ᠢᠨ ᠬᠢᠨᠠᠨ ᠲᠣᠭ᠍ᠲᠠᠭᠠᠯᠲᠠ ᠬᠢᠬᠦ ᠮᠡᠷᠭᠡᠵᠢᠯ ᠤ᠋ᠨ ᠵᠢᠷᠤᠮᠵᠢᠯ 》 ᠂ 《 ᠠᠮᠢ ᠠᠬᠤᠶ ᠶ᠋ᠢᠨ ᠡᠪᠳᠡᠭᠳᠡᠯ᠎ᠳᠤ ᠬᠡᠭᠡᠷ᠎ᠡ ᠶ᠋ᠢᠨ ᠪᠠᠢᠴᠠᠭᠠᠯᠲᠠ ᠶ᠋ᠢᠨ ᠥᠯᠢᠭᠡᠷ ᠭᠡᠪ ᠲᠣᠭ᠍ᠲᠠᠭᠠᠬᠤ ᠪᠠ ᠥᠯᠢᠭᠡᠷ ᠠᠪᠬᠤ ᠲᠤᠭᠤᠷᠢᠭ ᠢ᠋ ᠲᠤᠬᠢᠷᠠᠭᠤᠯᠬᠤ ᠮᠡᠷᠭᠡᠵᠢᠯ ᠤ᠋ᠨ ᠲᠦᠷᠢᠮ》 ᠤ᠋ᠨ ᠬᠣᠶᠠᠷ ᠵᠦᠢᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠵᠢ ᠵᠦᠪᠰᠢᠶᠡᠷᠡᠨ ᠨᠡᠢᠲᠡᠯᠡᠪᠠ᠃ ᠡᠨᠡ ᠬᠦ᠌  ᠬᠤᠶᠠᠷ ᠵᠦᠢᠯ᠎ᠤᠨ ᠪᠠᠷᠢᠮᠵᠢᠶ᠎ᠠ ᠨᠢ ᠪᠦᠬᠦ ᠤᠯᠤᠰ ᠤ᠋ᠨ ᠠᠮᠢ ᠠᠬᠤᠶ ᠶ᠋ᠢᠨ ᠬᠣᠬᠢᠷᠠᠯ ᠤ᠋ᠨ ᠬᠠᠤᠯᠢ ᠴᠠᠭᠠᠵᠠ ᠶ᠋ᠢᠨ ᠬᠢᠨᠠᠨ ᠲᠣᠭ᠍ᠲᠠᠭᠠᠯᠲᠠ ᠶ᠋ᠢᠨ ᠬᠦᠷᠢᠶᠡᠨ ᠳ᠋ᠡᠬᠢ ᠮᠡᠷᠭᠡᠵᠢᠯ ᠤ᠋ᠨ ᠪᠠᠷᠢᠮᠵᠢᠶ᠎ᠠ ᠶ᠋ᠢᠨ ᠬᠣᠭᠣᠰᠣᠨ ᠢ᠋ ᠨᠥᠬᠥᠪᠥᠷᠢᠯᠡᠪᠡ ᠃

ᠤᠢᠯᠠᠭᠠᠬᠰᠠᠨ ᠢ᠋ᠶ᠋ᠡᠷ᠂ ᠲᠣᠰ ᠤᠳᠠᠭ᠎ᠠ ᠨᠡᠢᠲᠡᠯᠡᠭ᠌ᠰᠡᠨ ᠬᠣᠶᠠᠷ ᠵᠦᠶ᠋ᠯ ᠤ᠋ᠨ ᠪᠠᠷᠢᠮᠵᠢᠶ᠎ᠠ ᠨᠢ ᠥᠪᠥᠷ ᠮᠣᠩᠭᠣᠯ ᠤ᠋ᠨ ᠠᠮᠢ ᠠᠬᠤᠶ ᠣᠷᠴᠢᠨ ᠲᠣᠭᠣᠷᠢᠨ ᠤ᠋ ᠬᠠᠤᠯᠢ ᠴᠠᠭᠠᠵᠠ ᠶ᠋ᠢᠨ ᠬᠢᠨᠠᠨ ᠲᠣᠭ᠍ᠲᠠᠭᠠᠯᠲᠠ ᠶ᠋ᠢᠨ ᠪᠠᠷᠢᠮᠵᠢᠶᠠᠵᠢᠭᠤᠯᠤᠯᠲᠠ ᠶ᠋ᠢᠨ ᠪᠠᠢᠭᠤᠯᠤᠯᠲᠠ ᠵᠠᠩᠭᠢᠯᠠᠭ᠎ᠠ ᠶ᠋ᠢᠨ ᠨᠢᠭᠡ ᠠᠯᠬᠤᠮ ᠢ᠋ ᠠᠯᠬᠤᠭ᠍ᠰᠠᠨ ᠢ᠋ ᠬᠠᠷᠠᠭᠤᠯᠵᠤ᠂ ᠠᠮᠢ ᠠᠬᠤᠶ ᠶ᠋ᠢᠨ ᠬᠣᠬᠢᠷᠠᠯ ᠤ᠋ᠨ ᠬᠠᠤᠯᠢ ᠴᠠᠭᠠᠵᠠ ᠶ᠋ᠢᠨ ᠬᠢᠨᠠᠨ ᠲᠣᠭ᠍ᠲᠠᠭᠠᠯᠲᠠ ᠵᠢ ᠬᠠᠤᠯᠢ ᠶᠣᠰᠣᠭᠠᠷ ᠥᠷᠨᠢᠭᠦᠯᠬᠦ᠌ ᠳ᠋ᠤ ᠱᠢᠨᠵᠢᠯᠡᠬᠦ᠌ ᠤᠬᠠᠭᠠᠨᠴᠢ᠂ ᠨᠢᠭᠡᠳᠦᠯᠲᠡᠶ ᠮᠡᠷᠭᠡᠵᠢᠯ ᠤ᠋ᠨ ᠦᠨᠳᠦᠰᠦᠯᠡᠯ ᠬᠠᠩᠭᠠᠪᠠ᠃ ᠡᠭᠦᠨ ᠳ᠋ᠤ᠂  《ᠨᠤᠲᠤᠭ ᠪᠡᠯᠴᠢᠭᠡᠷ ᠤ᠋ᠨ ᠠᠮᠢ ᠠᠬᠤᠶ ᠣᠷᠴᠢᠨ ᠲᠣᠭᠣᠷᠢᠨ ᠢ᠋ ᠡᠪᠳᠡᠵᠤ ᠬᠤᠬᠢᠷᠠᠭᠤᠯᠤᠭᠰᠠᠨ ᠠᠵᠢᠯᠯᠠᠭ᠎ᠠ᠎ᠳᠤ  ᠬᠠᠤᠯᠢ ᠴᠠᠭᠠᠵᠠ ᠶ᠋ᠢᠨ ᠬᠢᠨᠠᠨ ᠲᠣᠭ᠍ᠲᠠᠭᠠᠯᠲᠠ ᠬᠢᠬᠦ ᠮᠡᠷᠭᠡᠵᠢᠯ ᠤ᠋ᠨ ᠵᠢᠷᠤᠮᠵᠢᠯ》 ᠳ᠋ᠤ ᠨᠤᠲᠤᠭ ᠪᠡᠯᠴᠢᠭᠡᠷ ᠤ᠋ᠨ ᠠᠮᠢ ᠠᠬᠤᠶ ᠣᠷᠴᠢᠨ ᠲᠣᠭᠣᠷᠢᠨ ᠤ᠋ ᠬᠣᠬᠢᠷᠠᠯ ᠤ᠋ᠨ ᠬᠠᠤᠯᠢ ᠴᠠᠭᠠᠵᠠ ᠶ᠋ᠢᠨ ᠬᠢᠨᠠᠨ ᠲᠣᠭ᠍ᠲᠠᠭᠠᠯᠲᠠ ᠶ᠋ᠢᠨ ᠠᠵᠢᠯ ᠤ᠋ᠨ ᠶᠠᠪᠤᠴᠠ᠂ ᠭᠤᠤᠯ ᠠᠭᠤᠯᠭ᠎ᠠ᠂ ᠮᠡᠷᠭᠡᠵᠢᠯ ᠤ᠋ᠨ ᠠᠷᠭ᠎ᠠ ᠵᠢᠴᠢ ᠪᠣᠳᠠᠲᠠᠶ ᠱᠠᠭᠠᠷᠳᠠᠯᠭ᠎ᠠ ᠵᠢ ᠲᠣᠳᠣᠷᠬᠠᠢᠯᠠᠵᠤ᠂ ᠨᠤᠲᠤᠭ ᠪᠡᠯᠴᠢᠭᠡᠷ ᠤ᠋ᠨ ᠠᠮᠢ ᠠᠬᠤᠶ ᠶ᠋ᠢᠨ ᠬᠣᠬᠢᠷᠠᠯ ᠤ᠋ᠨ ᠦᠨᠡᠯᠡᠨ ᠵᠢᠱ᠌ᠢᠯᠲᠡ᠎ᠳᠦ ᠲᠤᠳᠤᠷᠬᠠᠢ ᠮᠡᠷᠭᠡᠵᠢᠯ ᠤ᠋ᠨ ᠪᠣᠷᠣ ᠲᠥᠯᠥᠪ ᠢ᠋ ᠲᠣᠭ᠍ᠲᠠᠭᠠᠪᠠ᠃ 《 ᠠᠮᠢ ᠠᠬᠤᠶ ᠶ᠋ᠢᠨ ᠡᠪᠳᠡᠭᠳᠡᠯ᠎ᠳᠤ ᠬᠡᠭᠡᠷ᠎ᠡ ᠶ᠋ᠢᠨ ᠪᠠᠢᠴᠠᠭᠠᠯᠲᠠ ᠶ᠋ᠢᠨ ᠥᠯᠢᠭᠡᠷ ᠭᠡᠪ ᠲᠣᠭ᠍ᠲᠠᠭᠠᠬᠤ ᠪᠠ ᠥᠯᠢᠭᠡᠷ ᠠᠪᠬᠤ ᠲᠤᠭᠤᠷᠢᠭ ᠢ᠋ ᠲᠤᠬᠢᠷᠠᠭᠤᠯᠬᠤ ᠮᠡᠷᠭᠡᠵᠢᠯ ᠤ᠋ᠨ ᠲᠦᠷᠢᠮ 》  ᠨᠢ ᠨᠤᠲᠤᠭ ᠪᠡᠯᠴᠢᠭᠡᠷ ᠂ ᠤᠢ ᠱᠢᠭᠤᠢ᠂ ᠲᠠᠷᠢᠶᠠᠨ ᠭᠠᠵᠠᠷ ᠵᠡᠷᠭᠡ ᠤᠯᠠᠨ ᠡᠱᠢᠵᠢᠭ᠌ᠰᠡᠨ ᠠᠮᠢ ᠠᠬᠤᠢ ᠶ᠋ᠢᠨ ᠲᠦᠷᠦᠯ ᠵᠦᠢᠯ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠤᠷᠳᠤ ᠬᠤᠭᠤᠴᠠᠭᠠᠨ ᠤ᠋ ᠲᠤᠷᠱᠢᠬᠢ ᠬᠤᠬᠢᠷᠠᠯ ᠤ᠋ᠨ ᠦᠯᠢᠬᠡᠷ ᠤᠷᠤᠨ ᠢ᠋ ᠬᠤᠪᠢᠶᠠᠷᠢᠯᠠᠬᠤ᠂ ᠦᠯᠢᠬᠡᠷ ᠭᠡᠪ ᠲᠣᠭ᠍ᠲᠠᠭᠠᠬᠤ ᠪᠠ ᠦᠯᠢᠬᠡᠷ ᠠᠪᠬᠤ ᠲᠤᠭᠤᠷᠢᠭ ᠢ᠋ ᠲᠤᠬᠢᠷᠠᠭᠤᠯᠬᠤ ᠵᠡᠷᠭᠡ ᠵᠠᠩᠭᠢᠯᠠᠭ᠎ᠠ ᠶ᠋ᠢᠨ ᠭᠣᠭ᠍ᠴᠣᠭ᠎ᠠ ᠶ᠋ᠢᠨ 《ᠪᠠᠷᠢᠮᠵᠢᠶ᠎ᠠ ᠨᠢᠭᠡᠳᠦᠯ ᠦᠭᠡᠢ᠂ ᠠᠵᠢᠯᠯᠠᠬᠤ ᠳ᠋ᠤ ᠦᠨᠳᠦᠰᠦᠯᠡᠯ ᠦᠭᠡᠢ》 ᠪᠠᠢᠬᠤ ᠬᠦᠴᠢᠷ ᠠᠰᠠᠭᠤᠳᠠᠯ ᠢ᠋ ᠴᠢᠭ᠌ᠯᠡᠬᠦᠯᠦᠯᠳᠤ ᠴᠢᠨᠠᠷᠲᠠᠢ ᠱᠢᠢᠳᠪᠦᠷᠢᠯᠡᠪᠡ ᠃

ᠬᠣᠶᠠᠷ ᠵᠦᠶ᠋ᠯ ᠤ᠋ᠨ ᠪᠠᠷᠢᠮᠵᠢᠶ᠎ᠠ ᠶ᠋ᠢᠨ ᠠᠭᠤᠯᠭ᠎ᠠ ᠵᠢ ᠨᠢᠭ᠍ᠲᠠ ᠵᠣᠯᠭᠠᠭᠤᠯᠵᠤ᠂ ᠯᠣᠭᠢᠭ ᠢ᠋ᠶ᠋ᠡᠷ ᠬᠠᠷᠢᠯᠴᠠᠨ ᠨᠥᠬᠥᠪᠥᠷᠢᠯᠡᠵᠦ᠍᠂ ᠣᠯᠠᠨ ᠠᠮᠢ ᠠᠬᠤᠶ ᠶ᠋ᠢᠨ ᠲᠥᠷᠥᠯ ᠬᠡᠯᠪᠡᠷᠢ᠂ ᠪᠥᠬᠥ᠌ ᠬᠢᠨᠠᠨ ᠲᠣᠭ᠍ᠲᠠᠭᠠᠯᠲᠠ ᠶ᠋ᠢᠨ ᠶᠠᠪᠤᠴᠠ ᠵᠢ ᠬᠠᠮᠤᠷᠤᠭ᠍ᠰᠠᠨ ᠮᠡᠷᠭᠡᠵᠢᠯ ᠤ᠋ᠨ ᠱᠢᠰᠲ᠋ᠧᠮ ᠢ᠋ ᠬᠠᠮᠲᠤ ᠪᠡᠷ ᠪᠠᠢᠭᠤᠯᠵᠤ᠂ ᠮᠠᠰᠢ ᠴᠢᠩᠭ᠎ᠠ ᠬᠡᠷᠡᠭ᠌ᠯᠡᠭᠡᠨ ᠤ᠋ ᠴᠢᠨᠠᠷ ᠪᠠ ᠬᠡᠷᠡᠭ᠌ᠵᠢᠭᠦᠯᠵᠦ᠍ ᠪᠣᠯᠬᠤᠢᠴᠠ ᠴᠢᠨᠠᠷ ᠲᠠᠢ ᠪᠠᠢᠵᠤ᠂ ᠨᠤᠲᠤᠭ ᠪᠡᠯᠴᠢᠭᠡᠷ ᠤ᠋ᠨ ᠠᠮᠢ ᠠᠬᠤᠶ ᠶ᠋ᠢᠨ ᠱᠢᠰᠲ᠋ᠧᠮ ᠤ᠋ᠨ ᠬᠠᠤᠯᠢ ᠴᠠᠭᠠᠵᠠ ᠶ᠋ᠢᠨ ᠬᠠᠮᠠᠭᠠᠯᠠᠯᠲᠠ ᠪᠠ ᠬᠠᠷᠢᠭᠤᠴᠠᠯᠭ᠎ᠠ ᠵᠢ ᠮᠠᠭᠠᠳᠯᠠᠨ ᠲᠣᠭ᠍ᠲᠠᠭᠠᠬᠤ ᠳ᠋ᠤ ᠪᠠᠲᠤ ᠪᠠᠬᠢ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠭ᠍ᠰᠠᠨ ᠢ᠋ᠶ᠋ᠡᠷ ᠪᠠᠷᠠᠬᠤ ᠥᠬᠡᠶ ᠂ ᠪᠠᠰᠠ ᠪᠥᠬᠥ᠌ ᠤᠯᠤᠰ ᠤ᠋ᠨ ᠪᠤᠰᠤᠳ ᠭᠠᠵᠠᠷ ᠣᠷᠣᠨ ᠤ᠋ ᠠᠳᠠᠯᠢ ᠲᠥᠷᠥᠯ ᠤ᠋ᠨ ᠠᠵᠢᠯ ᠥᠷᠨᠢᠭᠦᠯᠬᠦ᠌ ᠳ᠋ᠤ ᠲᠣᠯᠢ ᠪᠣᠯᠭᠠᠵᠤ ᠪᠣᠯᠬᠤ《ᠥᠪᠥᠷ ᠮᠣᠩᠭᠣᠯ ᠤ᠋ᠨ ᠲᠤᠷᠱᠢᠯᠭ᠎ᠠ 》  ᠵᠢ ᠬᠠᠩᠭᠠᠬᠤ ᠪᠣᠯᠤᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号