ᠠᠮᠤ ᠪᠤᠳᠠᠭ᠎ᠠ ᠳᠠᠷᠢᠬᠤ ᠲᠠᠯᠠᠪᠠᠶ ᠵᠢ 2020 ᠣᠨ ᠳ᠋ᠦ 10249.8 ᠲᠦᠮᠡᠨ ᠮᠥ᠍ ᠪᠠᠢᠭ᠍ᠰᠠᠨ ᠡᠴᠡ 2024 ᠣᠨ ᠳ᠋ᠦ 10517.7 ᠲᠦᠮᠡᠨ ᠮᠥ᠍ ᠪᠤᠯᠭᠠᠨ ᠳᠡᠭᠡᠭᠰᠢᠯᠡᠬᠦᠯᠵᠦ᠂ 1 ᠳ᠋ᠦᠩᠱᠢᠭᠤᠷ ᠮᠣ᠌ ᠡᠴᠡ ᠳᠡᠭᠡᠭ᠌ᠰᠢ ᠬᠡᠮᠵᠢᠶᠡᠨ ᠳ᠋ᠦ ᠲᠤᠭᠳᠠᠪᠤᠷᠢᠵᠢᠭᠤᠯᠵᠦ᠂ ᠪᠥᠬᠥ᠌ ᠤᠯᠤᠰ ᠲᠣ᠌ ᠲᠠᠪᠤᠳᠤᠭᠠᠷ ᠲᠣ᠌ ᠵᠢᠭᠰᠠᠪᠠ᠃
ᠠᠮᠤ ᠪᠤᠳᠠᠭᠠᠨ ᠤ᠋ ᠤᠨᠠᠯᠲᠠ 2020 ᠣᠨ ᠳ᠋ᠦ 732.8 ᠳ᠋ᠦᠩᠱᠢᠭᠤᠷ ᠵᠢᠩ ᠪᠠᠢᠭ᠍ᠰᠠᠨ ᠡᠴᠡ ᠪᠡᠨ 2024 ᠣᠨ ᠳ᠋ᠦ 820.1 ᠳ᠋ᠦᠩᠱᠢᠭᠤᠷ ᠵᠢᠩ ᠪᠣᠯᠤᠨ ᠳᠡᠭᠡᠭᠰᠢᠯᠡᠵᠦ᠂ ᠲᠤᠯᠤᠭᠠᠨ ᠵᠢᠯ ᠳᠠᠷᠠᠭᠠᠯᠠᠨ ᠲᠡᠦᠬᠡ ᠵᠢᠨ ᠱᠢᠨ᠎ᠡ ᠲᠡᠮᠳᠡᠭ᠌ᠯᠡᠯ ᠢ᠋ ᠡᠭᠦᠳᠴᠦ᠍᠂ 《ᠬᠣᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》 ᠵᠢ ᠪᠡᠶᠡᠯᠡᠭᠦᠯᠪᠡ᠃
ᠨᠠᠷᠢᠮᠤ᠂ ᠨᠣᠬᠠᠶ ᠵᠢᠨ ᠬᠣᠱᠢᠭᠤ᠂ ᠰᠠᠭᠠᠭ᠂ ᠨᠣᠭᠣᠭᠠᠨ ᠪᠤᠷᠴᠠᠭ᠂ ᠱᠢᠰᠢ᠂ ᠨᠡᠷᠡᠨ ᠬᠤᠸᠠᠷ ᠵᠡᠷᠭᠡ ᠵᠢᠨ ᠭᠠᠷᠤᠯᠲᠠ ᠨᠢ ᠴᠥᠮ ᠪᠥᠬᠥ᠌ ᠤᠯᠤᠰ ᠤ᠋ᠨ ᠲᠡᠷᠢᠭᠦᠨᠳᠦ ᠵᠢᠭᠰᠠᠵᠦ᠂ ᠱᠢᠷᠠ ᠪᠤᠷᠴᠠᠭ ᠤ᠋ᠨ ᠭᠠᠷᠤᠯᠲᠠ ᠨᠢ ᠬᠣᠶᠠᠳᠤᠭᠠᠷ ᠲᠣ᠌ ᠵᠢᠭᠰᠠᠵᠦ᠂ ᠡᠷᠳᠡᠨᠢ ᠱᠢᠰᠢ ᠵᠢᠨ ᠭᠠᠷᠤᠯᠲᠠ ᠨᠢ ᠭᠤᠷᠪᠠᠳᠤᠭᠠᠷ ᠲᠣ᠌ ᠵᠢᠭᠰᠠᠪᠠ᠃
ᠥᠪᠥᠷ ᠮᠣᠩᠭᠣᠯ ᠡᠯᠪᠡᠭ ᠬᠤᠷᠢᠶᠠᠯᠲᠠ ᠪᠡᠷᠵᠢᠡᠨ ᠥᠩᠭᠡᠷᠡᠭ᠌ᠰᠡᠨ ᠲᠠᠪᠤᠨ ᠵᠢᠯᠦᠨ 《ᠲᠠᠷᠢᠶᠠᠯᠠᠭ᠎ᠠ》ᠳ᠋ᠤ ᠠᠮᠢᠳᠤᠯᠢᠭ ᠲᠠᠢᠯᠤᠮᠵᠢ ᠬᠢᠯ᠎ᠡ᠃
ᠲᠠᠷᠢᠶᠠᠨ ᠭᠠᠵᠠᠷ ᠤ᠋ᠨ ᠤᠷᠭᠤᠯᠳᠠ ᠵᠢ ᠪᠠᠳᠤᠯᠠᠵᠤ᠂ ᠤᠨᠠᠯᠲᠠ ᠵᠢ ᠲᠣᠭ᠍ᠲᠠᠪᠤᠷᠢᠵᠢᠭᠤᠯᠬᠤ ᠰᠠᠭᠤᠷᠢ ᠵᠢ ᠪᠡᠬᠢᠵᠢᠭᠦᠯᠪᠠ
ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ ᠤ᠋ ᠠᠭᠠᠷᠤ ᠲᠠᠷᠢᠶᠠᠯᠠᠩ ᠤ᠋ᠨ ᠮᠠᠱᠢᠨ ᠮᠸᠬᠠᠨᠢᠭ ᠤ᠋ᠨ ᠲᠤᠰᠭᠠᠶ ᠬᠣᠷᠱᠢᠶᠠ 2021 ᠣᠨ ᠡᠴᠡ ᠡᠬᠢᠯᠡᠨ ᠮᠢᠩᠭᠠᠨ ᠮᠥ᠍ 《ᠬᠠᠷ᠎ᠠ ᠬᠥᠷᠥᠰᠥᠲᠦ ᠭᠠᠵᠠᠷ ᠤ᠋ᠨ ᠬᠠᠮᠠᠭᠠᠯᠠᠯᠲᠠ ᠵᠢᠨ ᠴᠢᠨᠠᠷᠲᠠᠶ ᠲᠠᠷᠢᠶᠠᠯᠠᠭᠠᠵᠢᠨ ᠥᠨᠳᠥᠷ ᠪᠠᠷᠢᠮᠵᠢᠶᠠᠲᠤ ᠬᠡᠷᠡᠭ᠌ᠯᠡᠭᠡᠨᠦ ᠰᠠᠭᠤᠷᠢᠨ》 ᠢ᠋ ᠳᠠᠭᠠᠭᠠᠴᠢᠯᠠᠨ ᠪᠠᠢᠭᠤᠯᠵᠤ᠂ 《ᠡᠰᠢ ᠰᠦᠷᠡᠯ ᠢ᠋ ᠪᠦᠬᠦᠨ ᠢ᠋ ᠪᠦᠷᠬᠦᠬᠦᠯᠵᠦ᠍ ᠬᠠᠭᠠᠯᠪᠤᠷᠢᠯᠠᠬᠤ ᠥᠬᠡᠶᠪᠤᠶᠤ ᠬᠦᠢᠬᠡᠨ ᠬᠠᠭᠠᠯᠪᠤᠷᠢᠯᠠᠵᠦ ᠳᠠᠷᠢᠬᠤ》 ᠵᠠᠭ᠍ᠪᠤᠷ ᠢ᠋ ᠬᠡᠷᠡᠭ᠌ᠯᠡᠨ ᠬᠠᠷ᠎ᠠ ᠬᠥᠷᠥᠰᠥᠲᠦ ᠭᠠᠵᠠᠷ ᠢ᠋ ᠦᠷᠭᠦᠯᠵᠢᠯᠡᠨ ᠬᠠᠮᠠᠭᠠᠯᠠᠵᠤ᠂ ᠲᠤᠬᠠᠶ ᠵᠢᠨ ᠭᠠᠵᠠᠷ ᠤ᠋ᠨ ᠬᠠᠷ᠎ᠠ ᠬᠥᠷᠥᠰᠥᠲᠦ ᠲᠠᠷᠢᠶᠠᠯᠠᠭ᠎ᠠ ᠵᠢᠨ ᠳᠠᠪᠬᠤᠷᠭ᠎ᠠ ᠲᠠᠰᠤᠷᠠᠯᠲᠠ ᠥᠬᠡᠶ ᠵᠤᠵᠠᠭᠠᠷᠠᠵᠤ᠂ ᠤᠰᠤ ᠪᠣᠷᠲᠣᠭᠣᠷ ᠢ᠋ ᠪᠠᠲᠤᠯᠠᠬᠤ ᠴᠢᠳᠠᠪᠤᠷᠢ ᠢᠯᠡᠳᠲᠡ ᠴᠢᠩᠭᠠᠷᠠᠪᠠ᠃ ᠡᠨᠡ ᠬᠦ᠌ ᠮᠡᠷᠭᠡᠵᠢᠯ ᠨᠢ ᠡᠰᠢ ᠰᠦᠷᠡᠯᠦᠨ ᠪᠦᠷᠬᠦᠴᠡ ᠵᠢᠨ ᠨᠣᠷᠮ᠎ᠠ ᠵᠢ 60% ᠡᠴᠡ ᠳᠣᠣᠷ᠎ᠠ ᠦᠭᠡᠶ ᠪᠠᠢᠯᠭᠠᠬᠤ ᠵᠢ ᠪᠠᠲᠤᠯᠠᠭ᠍ᠰᠠᠨ ᠮᠥᠷᠲᠡᠭᠡᠨ ᠪᠠᠰᠠ ᠬᠠᠪᠤᠷ ᠤ᠋ᠨ ᠤᠯᠠᠷᠢᠯ ᠤ᠋ᠨ ᠡᠰᠢ ᠰᠦᠷᠡᠯᠦᠨ ᠪᠦᠷᠬᠦᠴᠡ ᠡᠴᠡ ᠪᠣᠯᠤᠭ᠍ᠰᠠᠨ ᠳᠣᠣᠷ᠎ᠠ ᠳᠤᠯᠠᠭᠠᠨ ᠤ᠋ ᠬᠠᠷᠰᠢ ᠰᠠᠭᠠᠳ ᠢ᠋ ᠢᠯᠠᠨ ᠳᠠᠪᠠᠵᠤ᠂ ᠠᠵᠤ ᠠᠬᠤᠶ ᠵᠢᠨ ᠦᠷ᠎ᠡ ᠠᠱᠢᠭ ᠪᠣᠯᠤᠨ ᠠᠮᠢ ᠠᠬᠤᠶ ᠵᠢᠨ ᠦᠷ᠎ᠡ ᠠᠱᠢᠭ ᠤ᠋ᠨ 《ᠬᠣᠣᠰ ᠠᠮᠵᠢᠯᠲᠠ》 ᠵᠢ ᠪᠡᠶᠡᠯᠡᠭᠦᠯᠦᠭ᠌ᠰᠡᠨ ᠪᠠᠢᠨ᠎ᠠ᠃
ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ ᠤ᠋ ᠲᠤᠰᠬᠠᠢ ᠬᠤᠷᠰᠢᠶ᠎ᠠ ᠵᠢᠨ ᠮᠡᠷᠭᠡᠵᠢᠯᠦᠨ ᠰᠦᠪᠡᠭ᠌ᠴᠢᠯᠡᠯᠳᠡ ᠪᠣᠯ ᠵᠥᠪᠬᠡᠨ ᠥᠪᠥᠷ ᠮᠣᠩᠭᠣᠯ ᠤ᠋ᠨ ᠬᠠᠷ᠎ᠠ ᠬᠥᠷᠥᠰᠥᠲᠦ ᠭᠠᠵᠠᠷ ᠱᠢᠷᠣᠢ ᠵᠢᠨ ᠬᠠᠮᠠᠭᠠᠯᠠᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠦᠢᠯᠡᠳᠦᠯᠭᠡ ᠵᠢᠨ ᠦᠯᠢᠭᠡᠷ ᠬᠡᠪ ᠪᠣᠯᠤᠨ᠎ᠠ᠃ ᠣᠢᠷ᠎ᠠ ᠵᠢᠨ ᠵᠢᠯᠳ᠋ᠤ ᠥᠪᠥᠷ ᠮᠣᠩᠭᠣᠯ ᠬᠠᠷ᠎ᠠ ᠬᠥᠷᠥᠰᠥᠲᠦ ᠭᠠᠵᠠᠷ ᠱᠢᠷᠣᠢ ᠵᠢ ᠬᠠᠮᠠᠭᠠᠯᠠᠨ ᠠᠱᠢᠭ᠍ᠯᠠᠬᠤ ᠵᠢ ᠦᠷᠭᠦᠯᠵᠢᠯᠡᠨ ᠴᠢᠩᠭᠠᠳᠭᠠᠵᠤ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠠᠷ᠎ᠠ ᠬᠥᠷᠥᠰᠥᠲᠦ ᠭᠠᠵᠠᠷ ᠱᠢᠷᠣᠢ ᠢ᠋ᠢ ᠬᠠᠮᠠᠭᠠᠯᠠᠬᠤ ᠲᠦᠷᠢᠮ》 ᠢ᠋ ᠨᠡᠢᠲᠡᠯᠡᠨ᠂ ᠤᠷᠢᠳ ᠬᠣᠵᠢᠳ ᠬᠥᠯᠥᠨ ᠪᠣᠢᠷ ᠬᠣᠲᠠ᠂ ᠬᠢᠩᠭᠠᠨ ᠠᠢᠮᠠᠭ᠂ ᠲᠦᠩᠯᠢᠶᠣᠤ ᠬᠣᠲᠠ᠂ ᠤᠯᠠᠭᠠᠨᠬᠠᠳᠠ ᠬᠣᠲᠠ ᠳ᠋ᠦ ᠬᠠᠷ᠎ᠠ ᠬᠥᠷᠥᠰᠥᠲᠦ ᠭᠠᠵᠠᠷ ᠱᠢᠷᠣᠢ ᠢ᠋ ᠬᠠᠮᠠᠭᠠᠯᠠᠬᠤ ᠢᠨᠵᠧᠨᠧᠷᠢᠩ ᠢ᠋ ᠨᠡᠢᠲᠡ 3766.7 ᠲᠦᠮᠡᠨ ᠮᠥ᠍ ᠤᠳᠠᠭ᠎ᠠ ᠬᠡᠷᠡᠭ᠌ᠵᠢᠭᠦᠯᠪᠡ᠃ 2024 ᠣᠨ ᠤ᠋ ᠡᠴᠦᠰ ᠪᠣᠯᠲᠠᠯ᠎ᠠ ᠪᠥᠬᠥ᠌ ᠣᠷᠣᠨ ᠳ᠋ᠦ ᠨᠢᠭᠡᠨᠳᠡ ᠬᠠᠮᠠᠭᠠᠯᠠᠯᠲᠠ ᠵᠢᠨ ᠴᠢᠨᠠᠷᠲᠠᠶ ᠲᠠᠷᠢᠶᠠᠯᠠᠭ᠎ᠠ ᠵᠢ ᠪᠦᠬᠦᠯᠢ ᠴᠣᠭ᠍ᠴᠠ ᠪᠡᠷ ᠠᠬᠢᠭᠤᠯᠬᠤ ᠱᠢᠶᠠᠨ ᠢ᠋ 10 ᠡᠭᠦᠳᠦᠨ ᠪᠠᠢᠭᠤᠯᠵᠤ᠂ 47 ᠱᠢᠶᠠᠨ ᠤ᠋ ᠱᠠᠲᠤ᠂ 112 ᠱᠢᠶᠠᠩ ᠤ᠋ᠨ ᠱᠠᠲᠤ᠂ 30 ᠲᠣᠰᠭᠣᠨ ᠤ᠋ ᠱᠠᠲᠤᠨ ᠤ᠋ ᠥᠨᠳᠥᠷ ᠪᠠᠷᠢᠮᠵᠢᠶᠠᠲᠤ ᠬᠡᠷᠡᠭ᠌ᠯᠡᠭᠡᠨᠦ ᠰᠠᠭᠤᠷᠢᠨ ᠢ᠋ ᠪᠠᠢᠭᠤᠯᠵᠤ ᠂ ᠬᠠᠮᠠᠭᠠᠯᠠᠯᠲᠠ ᠵᠢᠨ ᠴᠢᠨᠠᠷᠲᠠᠶ ᠲᠠᠷᠢᠶᠠᠯᠠᠭ᠎ᠠ ᠵᠢ ᠬᠡᠷᠡᠭ᠌ᠵᠢᠭᠦᠯᠦᠭ᠌ᠰᠡᠨ ᠲᠠᠯᠠᠪᠠᠶ 2890 ᠲᠦᠮᠡᠨ ᠮᠣ᠌ᠳᠦ ᠬᠥᠷᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠬᠦᠯᠭᠡ ᠡᠴᠡ ᠨᠠᠭᠠᠰᠢ ᠦᠪᠤᠷ ᠮᠤᠡᠭᠭᠤᠯ ᠨᠡᠢᠲᠡ 2201 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠪᠠᠢᠭᠤᠯᠵᠤ᠂ 6 ᠵᠢᠯ ᠳᠠᠷᠠᠭᠠᠯᠠᠨ ᠪᠥᠲᠥᠭᠡᠨ ᠪᠠᠢᠭᠤᠯᠤᠯᠲᠠ ᠵᠢᠨ ᠡᠭᠦᠷᠭᠡᠪᠡᠨ ᠴᠠᠭ ᠲᠤᠬᠠᠶ ᠳ᠋ᠤᠨᠢ ᠳᠠᠪᠠᠭᠤᠯᠤᠨ ᠪᠡᠶᠡᠯᠡᠭᠦᠯᠪᠡ᠃ ᠦᠪᠦᠷ ᠮᠤᠩᠭᠤᠯ ᠤ᠋ᠨ 1 / 3 ᠵᠢᠨ ᠲᠠᠯᠠᠪᠠᠶ ᠵᠢᠨ ᠲᠠᠷᠢᠶᠠᠨ ᠭᠠᠵᠠᠷ ᠵᠢᠡᠷ ᠦᠪᠦᠷ ᠮᠤᠩᠭᠤᠯ ᠤ᠋ᠨ 2 / 3 ᠡᠴᠡ ᠳᠡᠭᠡᠭ᠌ᠰᠢᠬᠢ ᠠᠮᠤ ᠪᠤᠳᠠᠭᠠᠨ ᠤ᠋ ᠶᠡᠷᠦᠩᠬᠡᠶ ᠦᠶ᠋ᠯᠡᠳᠪᠦᠷᠢᠯᠡᠯ ᠤ᠋ᠨ ᠴᠢᠳᠠᠪᠤᠷᠢ ᠵᠢ ᠲᠤᠯᠭᠠᠭᠤᠷᠢᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠤᠨᠠᠯᠲᠠ ᠵᠢ ᠨᠡᠮᠡᠭ᠌ᠳᠡᠭᠦᠯᠬᠦ ᠳ᠋ᠦ ᠦᠵᠡᠭᠦᠯᠦᠭ᠌ᠰᠡᠨ ᠬᠤᠪᠢ ᠨᠡᠮᠡᠷᠢ ᠵᠢᠨ ᠨᠣᠷᠮ᠎ᠠ ᠨᠢ 38%ᠳ᠋ᠤ ᠬᠦᠷᠴᠦ᠍᠂ ᠨᠡᠷ᠎ᠡ ᠨᠢᠳᠡᠷᠲᠡᠬᠡᠨ ᠨᠡᠢᠴᠡᠭ᠌ᠰᠡᠨ 《ᠠᠮᠤ ᠪᠤᠳᠠᠭᠠᠨ ᠤ᠋ ᠤᠨᠠᠯᠳᠠ ᠵᠢᠨ ᠭᠤᠤᠯ ᠬᠦᠴᠦᠨ》 ᠪᠣᠯᠪᠠ᠃ ᠡᠭᠦᠨᠦ ᠬᠠᠮᠲᠤ ᠬᠤᠵᠢᠷᠯᠢᠭ ᠭᠠᠵᠠᠷ ᠡᠴᠡ《ᠦᠷ᠎ᠡ ᠠᠱᠢᠭ ᠬᠦᠷᠳᠡᠵᠤ》᠂ 《ᠡᠷᠬᠢᠯᠳᠡ ᠳ᠋ᠦ ᠤᠷᠤᠭᠤᠯᠬᠤ — ᠲᠠᠷᠢᠬᠤ — ᠡᠳ᠋ᠱᠢᠭᠦᠯᠬᠦ᠌ — ᠦᠶ᠋ᠯᠡᠴᠢᠯᠡᠬᠦ᠌ — ᠡᠵᠡᠩᠨᠡᠨ ᠪᠣᠷᠣᠯᠠᠭᠤᠯᠬᠤ》 ᠵᠢᠨ 《 ᠪᠦᠲᠦᠭᠡᠨ ᠪᠠᠢᠭᠤᠯᠬᠤ ᠬᠠᠮᠢᠶᠠᠷᠬᠤ ᠭᠡᠷᠡᠭᠯᠡᠬᠦ》 ᠪᠥᠬᠥ᠌ ᠬᠡᠯᠬᠢᠶ᠎ᠡ ᠵᠢ ᠨᠢᠭᠡ ᠴᠣᠭ᠍ᠴᠠᠵᠢᠭᠤᠯᠬᠤ ᠵᠠᠭ᠍ᠪᠤᠷ ᠢ᠋ ᠰᠦᠪᠡᠭ᠌ᠴᠢᠯᠡᠪᠡ᠃ ᠣᠳᠣᠬᠠᠨ ᠳ᠋ᠦ ᠪᠥᠬᠥ᠌ ᠣᠷᠣᠨ ᠤ᠋ ᠬᠤᠵᠢᠷᠱᠢᠭ᠍ᠰᠠᠨ ᠲᠠᠷᠢᠶᠠᠨ ᠭᠠᠵᠠᠷ ᠢ᠋ ᠥᠭᠡᠷᠡᠴᠢᠯᠡᠨ ᠰᠠᠢᠵᠢᠷᠠᠭᠤᠯᠤᠭᠰᠠᠨ ᠲᠠᠯᠠᠪᠠᠶ ᠨᠡᠢᠲᠡ 370 ᠲᠦᠮᠡᠨ ᠮᠣ᠌ᠳᠦ ᠬᠦᠷᠴᠡᠶ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠳ᠋ᠦ ᠦᠪᠦᠷ ᠮᠤᠩᠭᠤᠯ ᠳ᠋ᠦ ᠲᠠᠷᠢᠶᠠᠨ ᠭᠠᠵᠠᠷ ᠤ᠋ᠨ ᠶᠠᠰᠤ ᠴᠢᠨᠠᠷ ᠢ᠋ ᠬᠢᠨᠠᠨ ᠬᠡᠮᠵᠢᠬᠦ ᠴᠡᠭ ᠢ᠋ 2211 ᠪᠠᠢᠭᠤᠯᠵᠤ᠂ ᠲᠠᠷᠢᠮᠠᠯ ᠲᠠᠷᠢᠬᠤ᠂ ᠭᠠᠵᠠᠷ ᠤ᠋ᠨ ᠪᠠᠢᠴᠠ ᠭᠠᠵᠠᠷ ᠤ᠋ᠨ ᠭᠠᠳᠠᠷᠭᠤ ᠪᠠ ᠬᠥᠷᠥᠰᠥ᠍ ᠱᠢᠷᠣᠶ ᠵᠢᠨ ᠲᠥᠷᠥᠯ ᠬᠡᠯᠪᠡᠷᠢ ᠵᠢ ᠪᠦᠬᠦᠨ ᠢ᠋ ᠪᠥᠷᠬᠥᠭᠦᠯᠬᠦ᠌ ᠵᠢ ᠦᠨᠳᠦᠰᠦᠨᠳᠡᠭᠡᠨ ᠪᠡᠶᠡᠯᠡᠭᠦᠯᠵᠦ᠍᠂ ᠪᠥᠬᠥ᠌ ᠣᠷᠣᠨ ᠤ᠋ ᠳᠤᠮᠳᠠᠴᠢ ᠲᠠᠷᠢᠶᠠᠨ ᠭᠠᠵᠠᠷ ᠤ᠋ᠨ ᠶᠠᠰᠤ ᠴᠢᠨᠠᠷ ᠶᠡᠷᠦᠩᠬᠡᠶᠳᠡᠭᠡᠨ ᠰᠠᠢᠵᠢᠷᠠᠵᠤ᠂ ᠬᠥᠷᠥᠰᠥ᠍ ᠱᠢᠷᠣᠶ ᠵᠢᠨ ᠣᠷᠭᠠᠨᠢᠭ ᠪᠣᠳᠠᠰ ᠪᠠ ᠪᠥᠬᠥ᠌ ᠠᠽᠣᠲ ᠤ᠋ᠨ ᠠᠭᠤᠯᠤᠭ᠍ᠳᠠᠴᠠ ᠨᠢ ᠤᠯᠤᠰ ᠤ᠋ᠨ ᠳᠤᠮᠳᠠᠴᠢ ᠲᠦᠪᠱᠢᠨ ᠡᠴᠡ ᠲᠣᠰ ᠲᠣᠰ 6.3% ᠪᠠ 10.1% ᠥᠨᠳᠥᠷ ᠪᠣᠯᠪᠠ᠃
ᠮᠡᠷᠬᠡᠵᠢᠯ ᠵᠢᠡᠷ ᠠᠮᠤ ᠪᠤᠳᠠᠭᠠᠨ ᠤ᠋ ᠤᠨᠠᠯᠳᠠ ᠵᠢ ᠨᠡᠮᠡᠭ᠌ᠳᠡᠬᠦᠯᠵᠦ᠂ ᠡᠯᠪᠡᠭ ᠬᠤᠷᠢᠶᠠᠯᠲᠠ ᠤᠯᠬᠤ 《ᠠᠮᠤ ᠪᠤᠳᠠᠭᠠᠨ ᠤ᠋ ᠵᠣᠷ》 ᠢ᠋ ᠰᠦᠪᠡᠭ᠌ᠴᠢᠯᠡᠪᠠ
ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ ᠤ᠋ ᠤᠰᠤ ᠪᠣᠷᠳᠣᠭᠤᠷ ᠢ᠋ ᠨᠢᠭᠡ ᠴᠣᠭ᠍ᠴᠠᠵᠢᠭᠤᠯᠤᠭ᠍ᠰᠠᠨ ᠵᠢᠱ᠌ᠢᠶ᠎ᠡ ᠦᠵᠡᠭᠦᠯᠬᠦ᠌ ᠰᠠᠭᠤᠷᠢᠨ ᠳ᠋ᠦ ᠭᠦᠢᠬᠡᠨ ᠪᠤᠯᠠᠵᠤ ᠳᠤᠰᠤᠯᠠᠭᠠᠨ ᠤᠰᠤᠯᠠᠬᠤ ᠮᠡᠷᠭᠡᠵᠢᠯ ᠨᠢ ᠲᠠᠷᠢᠶᠠᠯᠠᠩ ᠤ᠋ᠨ ᠤᠰᠤ ᠬᠡᠷᠡᠭ᠌ᠯᠡᠬᠦ᠌ ᠪᠠᠢᠳᠠᠯ ᠢ᠋ ᠰᠢᠨᠡᠳᠬᠡᠨ ᠬᠤᠪᠢᠷᠠᠭᠤᠯᠵᠦ ᠪᠠᠢᠨ᠎ᠠ᠃ ᠵᠢᠱ᠌ᠢᠶ᠎ᠡ ᠦᠵᠡᠭᠦᠯᠬᠦ᠌ ᠰᠠᠭᠤᠷᠢᠨ ᠨᠢ ᠡᠷᠳᠡᠨᠢ ᠱᠢᠰᠢ ᠵᠢᠨ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭ᠌ᠰᠢᠯᠡᠭᠦᠯᠬᠦ᠌ ᠢᠨᠵᠧᠨᠧᠷᠢᠩ ᠤ᠋ᠨ ᠲᠥᠷᠥᠯ ᠵᠦᠢᠯᠳᠦ ᠲᠦᠱᠢᠭ᠌ᠯᠡᠨ ᠲᠠᠷᠢᠶᠠᠨ ᠭᠠᠵᠠᠷ ᠤ᠋ᠨ ᠰᠠᠭᠤᠷᠢ ᠤᠰᠤᠯᠠᠯᠲᠠ ᠵᠢᠨ ᠲᠦᠭᠦᠭᠡᠷᠦᠮᠵᠢ ᠵᠢᠨ ᠪᠦᠲᠦᠭᠡᠨ ᠪᠠᠢᠭᠤᠯᠤᠯᠲᠠ ᠵᠢᠨ ᠰᠠᠭᠤᠷᠢᠨ ᠳᠡᠭᠡᠷ᠎ᠡ ᠣᠶᠤᠨᠴᠢ ᠤᠰᠤᠯᠠᠯᠲᠠ ᠵᠢᠨ ᠭᠣᠣᠯ ᠣᠷᠣᠨ ᠪᠦᠰᠡ ᠵᠢ 1.7787 ᠲᠦᠮᠡᠨ ᠮᠦ᠍ ᠪᠦᠲᠦᠭᠡᠨ ᠪᠠᠢᠭᠤᠯᠵᠤ᠂ ᠣᠶᠤᠨᠴᠢᠯᠠᠭ᠍ᠰᠠᠨ ᠲᠠᠷᠢᠶᠠᠨ ᠭᠠᠵᠠᠷ ᠤ᠋ᠨ ᠬᠠᠮᠢᠶᠠᠷᠤᠯᠲᠠ ᠵᠢᠨ ᠲᠠᠪᠴᠠᠩ ᠢ᠋ ᠲᠥᠪᠯᠡᠷᠡᠭᠦᠯᠦᠨ ᠪᠠᠢᠭᠤᠯᠤᠨ᠎ᠠ᠃ 2025 ᠣᠨ ᠳ᠋ᠦ ᠵᠢᠱ᠌ᠢᠯᠲᠡᠪᠡᠷ ᠪᠥᠬᠥ᠌ ᠬᠣᠱᠢᠭᠤᠨ ᠤ᠋ ᠠᠮᠤ ᠪᠤᠳᠠᠭᠠᠨ ᠤ᠋ ᠤᠨᠠᠯᠲᠠ 2 ᠳ᠋ᠦᠩᠱᠢᠭᠤᠷ ᠵᠢᠩ ᠡᠴᠡ ᠳᠡᠭᠡᠭ᠌ᠰᠢ ᠨᠡᠮᠡᠭ᠌ᠳᠡᠵᠦ᠍᠂ ᠠᠮᠤ ᠪᠤᠳᠠᠭᠠᠨ ᠤ᠋ ᠶᠡᠷᠦᠩᠬᠡᠶ ᠤᠨᠠᠯᠲᠠ 60 ᠳ᠋ᠦᠩᠱᠢᠭᠤᠷ ᠵᠢᠩ ᠢ᠋ ᠳᠠᠪᠠᠬᠤ ᠪᠣᠯᠤᠮᠵᠢᠲᠠᠶ ᠪᠠᠢᠨ᠎ᠠ᠃
ᠭᠦᠢᠬᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ᠋ ᠦᠷᠭᠦᠯᠵᠢᠯᠡᠨ ᠳᠡᠯᠭᠡᠷᠡᠭᠦᠯᠦᠭ᠌ᠰᠡᠨ ᠨᠢ ᠥᠪᠥᠷ ᠮᠣᠩᠭᠣᠯ ᠤ᠋ᠨ ᠮᠡᠷᠬᠡᠵᠢᠯ ᠵᠢᠡᠷ ᠠᠮᠤ ᠪᠤᠳᠠᠭᠠᠨ ᠤ᠋ ᠤᠨᠠᠯᠳᠠ ᠵᠢ ᠨᠡᠮᠡᠭ᠌ᠳᠡᠬᠦᠯᠬᠦ ᠪᠠᠢᠯᠳᠤᠬᠤ ᠪᠤᠳᠤᠯᠭ᠎ᠠ ᠵᠢ ᠦᠢᠯᠡᠳᠦᠯᠭᠡᠵᠢᠭᠦᠯᠦᠭ᠌ᠰᠡᠨᠦ ᠬᠤᠷᠢᠶᠠᠩᠭᠤᠢ ᠳᠦᠷᠰᠦ ᠲᠡᠳᠦᠢ ᠶᠤᠮ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠳ᠋ᠦ ᠥᠪᠥᠷ ᠮᠣᠩᠭᠣᠯ ᠭᠤᠤᠯᠯᠠᠬᠤ ᠣᠨᠴᠠᠯᠢᠭ᠍ᠲᠤ ᠠᠵᠤ ᠦᠶ᠋ᠯᠡᠰᠦᠨ ᠲᠣᠭᠣᠷᠢᠨ ᠳ᠋ᠦ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠶ᠋ᠯᠡᠰᠦᠨ ᠮᠡᠷᠭᠡᠵᠢᠯᠦᠨ ᠱᠢᠰᠲ᠋ᠧᠮ ᠢ᠋ 15 ᠪᠠᠢᠭᠤᠯᠵᠤ᠂ 28 ᠲᠠᠷᠢᠶᠠᠯᠠᠩ ᠮᠠᠯ ᠠᠵᠤ ᠠᠬᠤᠶ ᠵᠢᠨ ᠴᠢᠬᠤᠯᠠ ᠶᠡᠬᠡ ᠮᠡᠷᠭᠡᠵᠢᠯᠦᠨ ᠬᠠᠮᠵᠢᠯᠴᠠᠨ ᠳᠡᠯᠭᠡᠷᠡᠭᠦᠯᠬᠦ᠌ ᠪᠦᠯᠬᠦᠮ᠂ 10 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠣᠨᠴᠠ ᠲᠣᠮᠢᠯᠠᠭ᠍ᠰᠠᠨ ᠪᠦᠯᠬᠦᠮ᠂ 102 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠪᠠᠭ᠎ᠠ ᠬᠦᠷᠢᠶᠡᠯᠡᠩ ᠢ᠋ ᠪᠠᠢᠭᠤᠯᠵᠤ᠂ ᠨᠢᠭᠡᠴᠢ ᠠᠯᠤᠰᠯᠠᠭ᠍ᠰᠠᠨ᠂ ᠲᠠᠰ ᠳᠠᠪᠬᠤᠷᠭ᠎ᠠ ᠠᠯᠤᠰᠯᠠᠭ᠍ᠰᠠᠨ᠂ ᠬᠦᠷᠢᠶ᠎ᠡ ᠴᠠᠷᠠᠭ᠎ᠠ ᠠᠯᠤᠰᠯᠠᠭ᠍ᠰᠠᠨ ᠱᠢᠨ᠎ᠡ ᠬᠡᠯᠪᠡᠷᠢ ᠵᠢᠨ ᠬᠠᠮᠵᠢᠯᠴᠠᠨ ᠳᠡᠯᠭᠡᠷᠡᠭᠦᠯᠬᠦ᠌ ᠵᠠᠭ᠍ᠪᠤᠷ ᠢ᠋ ᠪᠤᠢ ᠪᠤᠯᠭᠠᠪᠠ᠃
ᠥᠪᠥᠷ ᠮᠣᠩᠭᠣᠯ ᠲᠠᠷᠢᠶᠠᠯᠠᠩ ᠤ᠋ᠨ ᠮᠠᠱᠢᠨ ᠲᠣᠨᠣᠭ᠍ᠯᠠᠯ ᠢ᠋ ᠲᠠᠰ ᠳᠡᠪᠱᠢᠭᠦᠯᠬᠦ᠌ᠪᠡᠷ ᠱᠢᠪᠲᠤᠯᠤᠯᠲᠠ ᠵᠢᠨ ᠴᠡᠭ ᠪᠣᠯᠭᠠᠵᠤ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠳ᠋ᠦ ᠳᠣᠭᠢᠷᠠᠯᠴᠠᠬᠤ ᠮᠠᠱᠢᠨᠴᠢᠯᠠᠯᠲᠠ ᠵᠢᠨ 《ᠵᠢᠭ᠍ᠰᠠᠭᠠᠯ》 ᠢ᠋ ᠪᠠᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠬᠦᠯᠭᠡ ᠵᠢᠨ ᠬᠤᠭᠤᠴᠠᠭᠠᠨ ᠳ᠋ᠦ ᠲᠠᠷᠢᠶᠠᠯᠠᠩ ᠤ᠋ᠨ ᠮᠠᠱᠢᠨ ᠬᠤᠳᠠᠯᠳᠤᠨ ᠠᠪᠬᠤ ᠪᠠ ᠬᠡᠷᠡᠭ᠌ᠯᠡᠬᠦ᠌ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠲᠣᠭ᠍ᠲᠠᠭᠤᠨ ᠵᠢᠡᠷ ᠬᠡᠷᠡᠭ᠌ᠵᠢᠭᠦᠯᠵᠦ᠍᠂ ᠣᠳᠣᠬᠠᠨ ᠳ᠋ᠦ ᠦᠪᠦᠷ ᠮᠤᠩᠭᠤᠯ ᠤ᠋ᠨ ᠲᠠᠷᠢᠶᠠᠯᠠᠩ ᠤ᠋ᠨ ᠮᠠᠱᠢᠨ ᠤ᠋ ᠶᠡᠷᠦᠩᠬᠡᠶ ᠬᠥᠳᠡᠯᠭᠡᠬᠦ᠌ ᠬᠦᠴᠦᠨ 4925 ᠲᠦᠮᠡᠨ ᠺᠢᠯᠦᠸᠠᠲ ᠲᠣ᠌ ᠬᠦᠷᠴᠦ᠍᠂ ᠲᠠᠷᠢᠮᠠᠯ ᠢ᠋ ᠲᠠᠷᠢᠵᠦ ᠬᠤᠷᠢᠶᠠᠬᠤ ᠶᠡᠷᠦᠩᠬᠡᠢᠯᠡᠭ᠌ᠰᠡᠨ ᠮᠠᠱᠢᠨᠴᠢᠯᠠᠯᠲᠠ ᠵᠢᠨ ᠨᠣᠷᠮ᠎ᠠ 90.1%ᠳ᠋ᠤ ᠬᠦᠷᠴᠦ᠍᠂ ᠪᠥᠬᠥ᠌ ᠤᠯᠤᠰ ᠲᠣ᠌ ᠶᠢᠰᠦᠳᠦᠭᠡᠷ ᠲᠣ᠌ ᠵᠢᠭᠰᠠᠪᠠ᠃
ᠠᠮᠤ ᠪᠤᠳᠠᠭᠠᠨ ᠤ᠋ ᠦᠶ᠋ᠯᠡᠳᠪᠦᠷᠢᠯᠡᠯ ᠦᠨ ᠬᠡᠯᠬᠢᠶ᠎ᠡ ᠵᠢ ᠪᠠᠲᠤᠯᠠᠵᠤ᠂ ᠱᠢᠯᠢᠳᠡᠭ ᠦᠶ᠋ᠯᠡᠳᠪᠦᠷᠢᠯᠡᠯ ᠦᠨ ᠥᠷᠲᠡᠭ ᠢ᠋ ᠳᠡᠭᠡᠭ᠌ᠰᠢᠯᠡᠭᠦᠯᠪᠠ
ᠠᠯᠲᠠᠨ ᠨᠠᠮᠤᠷ ᠤ᠋ᠨ ᠤᠯᠠᠷᠢᠯ ᠳ᠋ᠦ ᠳᠠᠯᠠᠳ ᠬᠣᠱᠢᠭᠤᠨ ᠤ᠋ ᠲᠥᠮᠥᠰᠥ ᠵᠢᠨ ᠱᠢᠷᠢᠰ ᠪᠦᠲᠦᠭᠡᠭ᠌ᠳᠡᠬᠦᠨᠦ ᠱᠢᠨ᠎ᠡ ᠵᠢ ᠡᠭᠦᠳᠬᠦ᠌ ᠪᠠ ᠠᠵᠤ ᠦᠢᠯᠡᠰᠵᠢᠯᠲᠡ ᠵᠢᠨ ᠵᠢᠱ᠌ᠢᠶ᠎ᠡ ᠦᠵᠡᠭᠦᠯᠬᠦ᠌ ᠰᠠᠭᠤᠷᠢᠨ ᠳ᠋ᠦ ᠨᠢᠭᠡ ᠪᠦᠯᠦᠭ ᠱᠢᠨ᠎ᠡ ᠰᠣᠷᠭᠣᠭ ᠲᠥᠮᠥᠰᠥ ᠵᠢ ᠤᠬᠢᠶᠠᠵᠤ ᠱᠢᠯᠢᠭ᠌ᠰᠡᠨᠦ ᠳᠠᠷᠠᠭ᠎ᠠ ᠱᠢᠭᠤᠳ ᠵᠠᠬ᠎ᠠ ᠳᠡᠯᠭᠡᠭᠦᠷ ᠲᠣ᠌ ᠭᠠᠷᠭᠠᠵᠤ᠂ ᠨᠥᠭᠥᠭᠡ ᠨᠢᠭᠡ ᠪᠦᠯᠦᠭ ᠨᠢ ᠠᠩᠬ᠎ᠠ ᠡᠳ᠋ᠱᠢᠭᠦᠯᠬᠦ᠌ ᠲᠠᠰᠤᠭ ᠲᠣ᠌ ᠣᠷᠣᠵᠤ᠂ ᠨᠠᠷᠢᠯᠢᠭ ᠱᠢᠶ᠋ᠳᠪᠦᠷᠢᠯᠡᠬᠦ᠌ ᠪᠡᠷ ᠳᠡᠮᠵᠢᠨ ᠴᠠᠷᠳᠠᠭᠤᠯ ᠪᠣᠯᠭᠠᠨ᠂ ᠨᠠᠩ ᠥᠨᠳᠥᠷ ᠨᠡᠮᠡᠯᠲᠡ ᠥᠷᠲᠡᠭᠦᠨ ᠬᠡᠯᠪᠡᠷᠢᠪᠡᠷ ᠱᠢᠨ᠎ᠡ ᠠᠶᠠᠨ ᠵᠢᠡᠨ ᠡᠬᠢᠯᠡᠭᠦᠯᠵᠡᠶ᠃
《ᠡᠨᠡ ᠬᠦ᠌ ᠲᠦᠷᠦᠯ ᠵᠦᠢᠯ ᠮᠠᠨ ᠤ᠋ ᠲᠣᠰᠭᠣᠨ ᠳ᠋ᠦ ᠨᠤᠲᠤᠭ᠍ᠰᠢᠵᠤ᠂ ᠪᠢᠳᠡᠨᠳᠦ ᠦᠨᠡᠨ ᠪᠣᠳᠠᠲᠠᠢ ᠦᠷ᠎ᠡ ᠠᠱᠢᠭ ᠠᠪᠴᠢᠷᠠᠭ᠍ᠰᠠᠨ ᠪᠠᠢᠨ᠎ᠠ᠃ ᠨᠢᠳᠤᠨᠤᠨ ᠪᠢᠳᠡ ᠲᠥᠮᠥᠰᠥ᠍ ᠪᠡᠨ ᠭᠠᠳᠠᠨ᠎ᠠ ᠣᠷᠣᠨ ᠳ᠋ᠦ ᠳᠡᠭᠡᠭᠡᠵᠦ ᠠᠪᠠᠴᠢᠨ ᠬᠤᠳᠠᠯᠳᠤᠵᠦ ᠪᠠᠢᠪᠠ᠂ ᠡᠨᠡ ᠵᠢᠯ ᠪᠢᠳᠡ ᠱᠢᠭᠤᠳ ᠡᠨᠳᠡ ᠬᠦᠷᠭᠡᠵᠦ ᠢᠷᠡᠭᠰᠡᠨ ᠶᠤᠮ᠂ ᠵᠥᠪᠬᠡᠨ ᠲᠡᠭᠡᠭᠡᠪᠦᠷᠢ ᠵᠢᠨ ᠵᠠᠷᠤᠳᠠᠯ ᠢ᠋ ᠲᠦᠮᠡ ᠭᠠᠷᠤᠶ ᠲᠥᠭᠥᠷᠢᠭ ᠠᠷᠪᠢᠯᠠᠪᠠ》 ᠭᠡᠵᠦ᠍ ᠽᠠᠨᠳᠠᠨ ᠵᠤᠤ ᠰᠤᠮᠤ ᠵᠢᠨ ᠽᠠᠨᠳᠠᠨ ᠵᠤᠤ ᠭᠠᠴᠠᠭᠠᠨ ᠤ᠋ ᠠᠷᠠᠳ ᠴᠢ ᠵᠢᠨ ᠭᠠᠩ ᠪᠠᠶᠠᠷᠳᠠᠢᠬᠠᠨ ᠬᠡᠯᠡᠨ᠎ᠠ᠃
ᠡᠢᠮᠦᠷᠬᠦ᠌ 《ᠠᠵᠤ ᠠᠬᠤᠢᠯᠠᠯ + ᠲᠠᠷᠢᠶᠠᠯᠠᠬᠤ ᠡᠷᠦᠬᠡ》 ᠵᠢᠨ ᠬᠠᠮᠲᠤ ᠪᠡᠷ ᠠᠱᠢᠭ ᠭᠥᠷᠳᠡᠬᠦ᠌ ᠦᠵᠡᠭᠳᠡᠯ ᠨᠢ ᠥᠪᠥᠷ ᠮᠣᠩᠭᠣᠯ ᠤ᠋ᠨ ᠠᠵᠤ ᠦᠶ᠋ᠯᠡᠰᠦᠨ ᠠᠭᠤᠰᠤᠯᠴᠠᠯ ᠢ᠋ ᠲᠠᠰᠤᠷᠠᠯᠲᠠ ᠥᠬᠡᠶ ᠲᠦᠷᠭᠡᠳᠭᠡᠭ᠌ᠰᠡᠨ ᠠᠮᠢᠳᠤᠯᠢᠭ ᠵᠢᠷᠤᠭ᠍ᠯᠠᠯ ᠲᠡᠳᠦᠢ ᠶᠤᠮ᠃ 2025 ᠣᠨ ᠳ᠋ᠦ ᠥᠪᠥᠷ ᠮᠣᠩᠭᠣᠯ 2 ᠤᠯᠤᠰ ᠤ᠋ᠨ ᠲᠠᠰ ᠤ᠋ᠨ ᠤᠨᠴᠠᠯᠢᠬ᠍ᠳᠤ ᠳᠠᠪᠠᠭᠤᠯᠢᠭ ᠠᠵᠤ ᠦᠶ᠋ᠯᠡᠰᠦᠨ ᠪᠦᠯᠦᠭ᠌ᠵᠢᠯ᠂ 2 ᠠᠵᠤ ᠦᠶ᠋ᠯᠡᠰᠦᠨ ᠬᠦᠷᠢᠶᠡᠯᠡᠩ᠂ 8 ᠠᠵᠤ ᠦᠶ᠋ᠯᠡᠰᠦᠨ ᠬᠦᠴᠦᠷᠬᠡᠭ ᠪᠠᠯᠭᠠᠰᠤ ᠵᠢ ᠰᠢᠨ᠎ᠡ ᠪᠡᠷ ᠡᠭᠦᠳᠦᠨ ᠪᠠᠢᠭᠤᠯᠵᠦ᠂ ᠤᠯᠤᠰ ᠤ᠋ᠨ ᠲᠠᠰ ᠤ᠋ᠨ ᠤᠨᠴᠠᠯᠢᠬ᠍ᠳᠤ ᠳᠠᠪᠠᠭᠤᠯᠢᠭ ᠠᠵᠤ ᠦᠶ᠋ᠯᠡᠰᠦᠨ ᠪᠦᠯᠦᠭ᠌ᠵᠢᠯ᠂ ᠠᠵᠤ ᠦᠶ᠋ᠯᠡᠰᠦᠨ ᠬᠦᠷᠢᠶᠡᠯᠡᠩ᠂ ᠠᠵᠤ ᠦᠶ᠋ᠯᠡᠰᠦᠨ ᠬᠦᠴᠦᠷᠬᠡᠭ ᠪᠠᠯᠭᠠᠰᠤ ᠵᠢᠨ ᠶᠡᠷᠦᠩᠬᠡᠶ ᠲᠣᠭ᠎ᠠ ᠲᠣᠰ ᠲᠣᠰ 10᠂ 13᠂ 70 ᠪᠤᠯᠪᠠ᠃ ᠣᠳᠣᠬᠠᠨ ᠳ᠋ᠦ ᠦᠪᠦᠷ ᠮᠤᠩᠭᠤᠯ ᠰᠦᠵᠢᠨ ᠦᠢᠯᠡᠰ᠂ ᠡᠷᠳᠡᠨᠢ ᠱᠢᠰᠢ᠂ ᠮᠢᠬᠠᠨᠤ ᠬᠣᠨᠢ ᠵᠢᠨ 3 ᠮᠢᠩᠭᠠᠨ ᠳ᠋ᠦᠩᠱᠢᠭᠤᠷ ᠤ᠋ᠨ ᠲᠠᠰ ᠤ᠋ᠨ ᠠᠵᠤ ᠦᠢᠯᠡᠰ ᠢ᠋ ᠪᠣᠢᠵᠢᠭᠤᠯᠤᠨ ᠪᠦᠷᠢᠯᠳᠦᠭᠦᠯᠵᠦ᠍᠂ ᠮᠢᠬᠠᠨᠤ ᠦᠬᠡᠷ᠂ ᠨᠡᠷᠡᠨ ᠬᠤᠸᠠᠷ᠂ ᠢᠮᠠᠭᠠᠨ ᠨᠣᠤᠯᠤᠭᠤᠷ᠂ ᠲᠥᠮᠥᠰᠥ᠍᠂ ᠡᠯᠳᠡᠪ ᠠᠮᠤ ᠪᠤᠷᠴᠠᠭ᠂ ᠪᠤᠭᠤᠳᠠᠶ᠂ ᠢᠳᠡᠱᠢᠨ ᠨᠣᠭᠣᠭ᠎ᠠ᠂ ᠲᠡᠵᠢᠭᠡᠯ ᠡᠪᠡᠰᠦ ᠪᠣᠷᠳᠣᠭ᠎ᠠ᠂ ᠱᠢᠷᠠ ᠪᠤᠷᠴᠠᠭ᠂ ᠬᠢᠲᠠᠳ ᠡᠪᠡᠰᠦᠨ ᠡᠮ᠂ ᠱᠢᠬᠢᠷ ᠯᠤᠤᠪᠠᠩ ᠵᠡᠷᠭᠡ 11 ᠵᠠᠭᠤᠨ ᠳ᠋ᠦᠩᠱᠢᠭᠤᠷ ᠤ᠋ᠨ ᠲᠠᠰ ᠤ᠋ᠨ ᠠᠵᠤ ᠦᠢᠯᠡᠰ ᠢ᠋ ᠪᠣᠢᠵᠢᠭᠤᠯᠤᠨ ᠪᠦᠷᠢᠯᠳᠦᠭᠦᠯᠵᠦ᠍᠂ ᠰᠦ ᠵᠢᠨ ᠦᠢᠯᠡᠰ᠂ ᠡᠷᠳᠡᠨᠢ ᠱᠢᠰᠢ᠂ ᠮᠢᠬᠠᠨᠤ ᠦᠬᠡᠷ᠂ ᠮᠢᠬᠠᠨᠤ ᠬᠣᠨᠢ᠂ ᠢᠮᠠᠭᠠᠨ ᠨᠣᠤᠯᠤᠭᠤᠷ᠂ ᠲᠥᠮᠥᠰᠥ᠍᠂ ᠲᠡᠵᠢᠭᠡᠯ ᠡᠪᠡᠰᠦ 7 ᠵᠤᠷᠪᠤᠰ ᠭᠣᠣᠯᠳᠠᠯᠭᠠᠲᠠᠶ ᠠᠵᠤ ᠦᠢᠯᠡᠰᠦᠨ ᠬᠡᠯᠬᠢᠶ᠎ᠡ ᠵᠢᠨ ᠪᠦᠲᠦᠭᠡᠨ ᠪᠠᠢᠭᠤᠯᠤᠯᠲᠠ ᠵᠢ ᠬᠦᠴᠦᠯᠡᠨ ᠠᠬᠢᠭᠤᠯᠵᠤ᠂ ᠭᠣᠣᠯᠳᠠᠯᠭᠠᠲᠠᠶ ᠠᠵᠤ ᠦᠢᠯᠡᠰᠦᠨ ᠬᠡᠯᠬᠢᠶ᠎ᠡ ᠵᠢᠨ ᠦᠢᠯᠡᠳᠬᠦᠨᠦ ᠥᠷᠲᠡᠭ 7000 ᠳ᠋ᠦᠩᠱᠢᠭᠤᠷ ᠲᠥᠭᠥᠷᠢᠭ ᠢ᠋ ᠳᠠᠪᠠᠪᠠ᠃
ᠴᠢᠨᠠᠷ ᠰᠠᠢᠲᠠᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨᠲᠡᠶ ᠪᠣᠯᠤᠭ᠍ᠰᠠᠨ ᠵᠢᠡᠷ ᠪᠠᠷᠠᠬᠤ ᠥᠬᠡᠶ ᠨᠡᠩ ᠴᠣ᠌ 《ᠰᠠᠢᠨ ᠲᠦᠷᠦᠯ ᠲᠡᠮᠳᠡᠭ》 ᠵᠢᠡᠷ ᠵᠠᠬ᠎ᠠ ᠳᠡᠯᠭᠡᠭᠦᠷ ᠵᠢᠡᠨ ᠨᠡᠭᠡᠭᠡᠵᠦ᠍᠂ ᠨᠡᠷ᠎ᠡ ᠵᠢᠨ ᠬᠠᠭᠤᠳᠠᠰᠤ ᠪᠡᠨ ᠢᠯᠡ ᠲᠣᠳᠣ ᠪᠣᠯᠭᠠᠬᠤ ᠬᠡᠷᠡᠭ᠌ᠲᠡᠶ᠃ ᠥᠪᠥᠷ ᠮᠣᠩᠭᠣᠯ 《ᠥᠪᠥᠷ ᠮᠣᠩᠭᠣᠯ ᠨᠡᠷᠡᠮᠵᠢᠳᠦ》 ᠲᠦᠷᠦᠯ ᠲᠡᠮᠳᠡᠭᠳᠤᠵᠢᠨ ᠭᠡᠷᠡᠴᠢᠯᠡᠯ ᠢ᠋ ᠭᠦᠨᠵᠡᠭᠡᠶ ᠠᠬᠢᠭᠤᠯᠵᠤ᠂ 100 ᠵᠦᠶ᠋ᠯᠦᠨ ᠭᠡᠷᠡᠴᠢᠯᠡᠯᠦᠨ ᠪᠠᠷᠢᠮᠵᠢᠶ᠎ᠠ ᠵᠢ ᠨᠡᠢᠲᠡᠯᠡᠨ᠂ 83 ᠠᠵᠤ ᠠᠬᠤᠢᠯᠠᠯ ᠦᠨᠡᠮᠯᠡᠯ ᠤᠯᠪᠠ᠃ ᠲᠠᠷᠢᠶᠠᠯᠠᠩ ᠮᠠᠯ ᠠᠵᠤ ᠠᠬᠤᠢ ᠵᠢᠨ ᠲᠦᠷᠦᠯ ᠳᠡᠮᠳᠡᠭ ᠤ᠋ᠨ ᠰᠣᠳᠣᠨ ᠪᠦᠲᠦᠭᠡᠭ᠌ᠳᠡᠬᠦᠨ ᠢ᠋ ᠪᠣᠢᠵᠢᠭᠤᠯᠬᠤ ᠲᠥᠯᠥᠪᠯᠡᠭᠡ ᠵᠢ ᠬᠡᠷᠡᠭ᠌ᠵᠢᠭᠦᠯᠵᠦ᠍᠂ 30 ᠣᠷᠣᠨ ᠪᠦᠰᠡ ᠵᠢᠨ ᠨᠡᠢᠲᠡ ᠵᠢᠨ ᠬᠡᠷᠡᠭ᠌ᠯᠡᠭᠡᠨᠦ ᠲᠦᠷᠦᠯ ᠳᠡᠮᠳᠡᠭ ᠢ᠋ ᠱᠤᠭᠤᠵᠦ᠂ 8 ᠣᠷᠣᠨ ᠪᠦᠰᠡ ᠵᠢᠨ ᠨᠡᠢᠲᠡ ᠵᠢᠨ ᠬᠡᠷᠡᠭ᠌ᠯᠡᠭᠡᠨᠦ ᠲᠦᠷᠦᠯ ᠳᠡᠮᠳᠡᠭ 2024 ᠣᠨ ᠤ᠋ ᠲᠠᠷᠢᠶᠠᠯᠠᠩ ᠤ᠋ᠨ ᠲᠦᠷᠦᠯ ᠳᠡᠮᠳᠡᠭ ᠤ᠋ᠨ ᠰᠣᠳᠣᠨ ᠪᠦᠲᠦᠭᠡᠭ᠌ᠳᠡᠬᠦᠨ ᠢ᠋ ᠪᠣᠢᠵᠢᠭᠤᠯᠬᠤ ᠲᠥᠯᠥᠪᠯᠡᠭᠡ ᠵᠢᠨ ᠨᠡᠷᠡᠰ ᠲᠣ᠌ ᠰᠤᠩᠭᠤᠭᠳᠠᠵᠠᠢ᠃ 19 ᠣᠷᠣᠨ ᠪᠦᠰᠡ ᠵᠢᠨ ᠨᠡᠢᠲᠡ ᠵᠢᠨ ᠬᠡᠷᠡᠭ᠌ᠯᠡᠭᠡᠨᠦ ᠲᠦᠷᠦᠯ ᠲᠡᠮᠳᠡᠭ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠲᠦᠷᠦᠯ ᠲᠡᠮᠳᠡᠭᠦᠨ ᠭᠠᠷᠴᠠᠭ ᠲᠣ᠌ ᠰᠣᠩᠭᠣᠭ᠍ᠳᠠᠪᠠ᠃