ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠬᠤᠷᠠᠯᠳᠤᠪᠠ
2025-10-19 11:00:33
ᠵᠣᠬᠢᠶᠠᠭ᠍ᠴᠢ᠄
ᠸᠠᠩ ᠬᠤᠤ ᠯᠢ ᠬᠠᠨ ᠵᠠᠩ ᠺᠦᠢ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ᠎ᠪᠡᠷ ᠰᠣᠩᠭᠣᠭ᠍ᠳᠠᠪᠠ

ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ᠎ᠪᠡᠷ ᠰᠣᠩᠭᠣᠭ᠍ᠳᠠᠪᠠ

ᠵᠠᠩ ᠶᠠᠨ ᠺᠦᠨ ᠬᠤᠷᠠᠯ᠎ᠳᠤ ᠣᠷᠣᠯᠴᠠᠵᠠᠢ


10 ᠰᠠᠷ᠎ᠠ᠎ᠶ᠋ᠢᠨ 18᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠬᠥᠬᠡᠬᠣᠲᠠ᠎ᠳᠤ ᠦᠪᠡᠳᠡᠭ᠌ᠰᠢ ᠶᠡᠬᠡ᠎ᠪᠡᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ᠎ᠶ᠋ᠢ ᠰᠣᠩᠭᠣᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ᠎ᠶ᠋ᠢ ᠰᠣᠩᠭᠣᠪᠠ᠃


QQ截图20251001104448.png


10 ᠰᠠᠷ᠎ᠠ᠎ᠶ᠋ᠢᠨ 18 ᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠬᠥᠬᠡᠬᠣᠲᠠ᠎ᠳᠤ ᠦᠪᠡᠳᠡᠭ᠌ᠰᠢ ᠶᠡᠬᠡ᠎ᠪᠡᠷ ᠬᠤᠷᠠᠯᠳᠤᠪᠠ᠃

ᠰᠤᠷᠪᠤᠯᠵᠢᠯᠠᠭᠴᠢ  ᠮᠠ ᠵᠢᠶᠠᠨ ᠪᠢᠩ  ᠰᠡᠬᠦᠳᠡᠷᠯᠡᠪᠠ


ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ 509 ᠲᠥᠯᠥᠭᠡᠯᠡᠭ᠌ᠴᠢ ᠬᠤᠷᠠᠯ᠎ᠳᠤ ᠣᠷᠣᠯᠴᠠᠪᠠ᠃

ᠶᠡᠬᠡ ᠬᠤᠷᠠᠯ᠎ᠤᠨ ᠪᠡᠯᠡᠳᠭᠡᠯ ᠬᠤᠷᠠᠯ ᠡᠴᠡ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠠ ᠨᠠᠷᠢᠨ ᠪᠢᠴᠢᠭ᠎ᠦᠨ ᠳᠠᠷᠤᠭ᠎ᠠ᠎ᠶ᠋ᠢ ᠰᠣᠩᠭᠣᠵᠤ ᠭᠠᠷᠭᠠᠪᠠ᠃

ᠬᠤᠷᠠᠯ ᠤ᠋ᠨ ᠬᠤᠭᠤᠴᠠᠭᠠᠨ᠎ᠳᠤ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ ᠎ᠢ ᠤᠷᠢᠳ ᠬᠣᠵᠢᠳ ᠬᠣᠶᠠᠷ ᠤᠳᠠᠭ᠎ᠠ ᠬᠤᠷᠠᠯᠳᠤᠭᠤᠯᠵᠤ᠂ ᠶᠡᠬᠡ ᠬᠤᠷᠠᠯ ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠪᠠ ᠶᠡᠬᠡ ᠬᠤᠷᠠᠯ᠎ᠤᠨ ᠭᠦᠢᠴᠡᠳᠭᠡᠭᠴᠢ ᠲᠡᠷᠢᠭᠦᠯᠡᠭ᠌ᠴᠢ ᠎ᠶ᠋ᠢ ᠰᠣᠩᠭᠣᠨ ᠭᠠᠷᠭᠠᠵᠤ᠂ ᠵᠢᠩᠬᠢᠨᠢ ᠵᠢᠱ᠌ᠢᠭ᠌ᠳᠡᠭ᠌ᠰᠡᠳ᠎ᠢ ᠲᠣᠭ᠍ᠲᠠᠭᠠᠵᠤ ᠂ ᠶᠡᠬᠡ ᠬᠤᠷᠠᠯ᠎ᠳᠤ ᠳᠡᠪᠱᠢᠭᠦᠯᠵᠦ᠍ ᠰᠣᠩᠭᠣᠭᠤᠯᠪᠠ᠃

ᠶᠡᠬᠡ ᠬᠤᠷᠠᠯ᠎ᠤᠨ ᠠᠩᠬᠠᠳᠤᠭᠠᠷ ᠪᠦᠬᠦᠳᠠ ᠬᠤᠷᠠᠯ ᠬᠣᠶᠠᠳᠤᠭᠠᠷ ᠪᠦᠬᠦᠳᠠ ᠬᠤᠷᠠᠯ᠎ᠳᠤ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠸᠠᠩ ᠸᠧᠢ ᠵᠦᠩ᠂ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠣᠩ ᠹᠠᠨ᠂ ᠳ᠋ᠢᠩ ᠱᠢᠤ ᠹᠸᠩ᠂ ᠠᠢ ᠯᠢ ᠬᠤᠸᠠ᠂ ᠯᠢ ᠪᠢᠩ ᠷᠦᠩ᠂ ᠡᠸ᠋ ᠶᠠᠨ ᠭᠠᠩ᠂ ᠸᠠᠨ ᠴᠤᠤ ᠴᠢ ᠭᠦᠢᠴᠡᠳᠭᠡᠭ᠌ᠴᠢ ᠲᠡᠷᠢᠭᠦᠯᠡᠭ᠌ᠴᠢ ᠪᠣᠯᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠯᠢᠨ ᠱᠤᠤ ᠴᠦᠨ ᠠᠩᠬᠠᠳᠤᠭᠠᠷ ᠪᠦᠬᠦᠳᠠ ᠬᠤᠷᠠᠯ᠂ ᠬᠣᠶᠠᠳᠤᠭᠠᠷ ᠪᠦᠬᠦᠳᠠ ᠬᠤᠷᠠᠯ ᠎ᠢ ᠡᠷᠬᠢᠯᠡᠪᠡ᠃

ᠦᠳᠡ᠎ᠶ᠋ᠢᠨ ᠡᠮᠦᠨᠡᠬᠢ 10 ᠴᠠᠭ 20 ᠮᠢᠨᠦ᠋ᠲ᠎ᠲᠦ ᠶᠡᠬᠡ ᠬᠤᠷᠠᠯ ᠠᠩᠬᠠᠳᠤᠭᠠᠷ ᠪᠦᠭᠦᠳᠡ ᠬᠤᠷᠠᠯ ᠬᠢᠵᠦ᠍᠂ ᠶᠡᠬᠡ ᠬᠤᠷᠠᠯ᠎ᠤᠨ ᠰᠣᠩᠭᠣᠭᠤᠯᠢ᠎ᠶ᠋ᠢᠨ ᠠᠷᠭ᠎ᠠ᠎ᠶ᠋ᠢ ᠪᠠᠲᠤᠯᠠᠪᠠ᠃

ᠦᠳᠡ᠎ᠶ᠋ᠢᠨ ᠬᠣᠢᠨᠠᠬᠢ 3 ᠴᠠᠭ 30 ᠮᠢᠨᠦ᠋ᠲ᠎ᠲᠦ ᠶᠡᠬᠡ ᠬᠤᠷᠠᠯ ᠬᠣᠶᠠᠳᠤᠭᠠᠷ ᠪᠥᠬᠥᠳᠡ ᠬᠤᠷᠠᠯ ᠬᠢᠵᠦ᠍᠂ ᠶᠡᠷᠦᠩᠬᠡᠶ ᠪᠢᠯᠧᠲ ᠬᠢᠨᠠᠭ᠍ᠴᠢ᠂ ᠳᠡᠳ᠋ ᠶᠡᠷᠦᠩᠬᠡᠶ ᠪᠢᠯᠧᠲ ᠬᠢᠨᠠᠭ᠍ᠴᠢ᠂ ᠪᠢᠯᠧᠲ ᠬᠢᠨᠠᠭ᠍ᠴᠢ᠎ᠶ᠋ᠢᠨ ᠨᠡᠷᠡᠰ᠎ᠢ ᠪᠠᠲᠤᠯᠠᠵᠤ᠂ ᠨᠡᠷ᠎ᠡ ᠲᠡᠮᠳᠡᠭ᠌ᠯᠡᠬᠦ᠌ ᠥᠬᠡᠶ᠎ᠪᠡᠷ ᠪᠢᠯᠧᠲ ᠥᠭ᠌ᠬᠦ ᠠᠷᠭ᠎ᠠ᠎ᠶ᠋ᠢ ᠠᠪᠴᠤ᠌ ᠂ ᠸᠠᠩ ᠸᠧᠶ ᠵᠥᠩ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ᠎ᠪᠡᠷ ᠰᠣᠩᠭᠣᠵᠤ᠂ ᠪᠦᠦ ᠭᠠᠩ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ᠎ᠪᠡᠷ ᠰᠣᠩᠭᠣᠪᠠ᠃

ᠪᠦᠬᠦ᠌ ᠲᠥᠯᠥᠭᠡᠯᠡᠭ᠌ᠴᠢᠳ᠎ᠤᠨ ᠬᠢᠨᠠᠯᠳᠠ ᠳᠣᠣᠷ᠎ᠠ ᠸᠠᠩ ᠸᠧᠢ ᠵᠦᠩ᠂ ᠪᠦᠦ ᠭᠠᠩ ᠤᠷᠢᠳ ᠬᠤᠵᠢᠳ ᠲᠥᠪ ᠴᠢᠩᠭ᠎ᠠ ᠎ᠪᠠᠷ ᠦᠨᠳᠦᠰᠦᠨ ᠬᠠᠤᠯᠢ᠎ᠳᠤ ᠲᠠᠩᠭᠠᠷᠢᠭ᠍ᠯᠠᠪᠠ᠃

ᠡᠯ᠎ᠡ ᠵᠥᠪᠯᠡᠬᠦ᠌ ᠵᠦᠶ᠋ᠯ᠎ᠢ ᠪᠡᠶᠡᠯᠡᠬᠦᠯᠦᠭᠰᠡᠨ᠎ᠤ ᠳᠠᠷᠠᠭ᠎ᠠ ᠸᠠᠩ ᠸᠧᠶ ᠵᠥᠩ ᠶᠠᠷᠢᠶ᠎ᠠ ᠲᠠᠯᠪᠢᠪᠠ᠃ ᠲᠡᠷᠡ᠂ ᠬᠤᠷᠠᠯ᠎ᠤᠨ ᠬᠤᠭᠤᠴᠠᠭᠠᠨ᠎ᠳᠤ ᠲᠥᠯᠥᠭᠡᠯᠡᠭ᠌ᠴᠢᠳ ᠤᠯᠤᠰ ᠲᠥᠷᠥ᠎ᠶ᠋ᠢ ᠡᠷᠬᠢᠮᠯᠡᠵᠦ᠍᠂ ᠶᠡᠬᠡ ᠲᠠᠯ᠎ᠠ᠎ᠶ᠋ᠢ ᠬᠠᠷᠠᠭᠠᠯᠵᠠᠵᠤ᠂ ᠰᠠᠬᠢᠯᠭ᠎ᠠ ᠪᠠᠲᠤ᠎ᠶ᠋ᠢ ᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠨ᠂ ᠬᠠᠤᠯᠢ ᠶᠣᠰᠣᠭᠠᠷ ᠡᠷᠬᠡ᠎ᠪᠡᠨ ᠬᠡᠷᠡᠭ᠌ᠵᠢᠭᠦᠯᠵᠦ᠍᠂ ᠶᠡᠬᠡ ᠬᠤᠷᠠᠯ᠎ᠡᠴᠡ ᠲᠣᠭ᠍ᠲᠠᠭᠠᠭ᠍ᠰᠠᠨ ᠡᠯ᠎ᠡ ᠵᠦᠶ᠋ᠯ᠎ᠦᠨ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠠ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃ ᠡᠨᠡ ᠤᠳᠠᠭ᠎ᠠ᠎ᠶ᠋ᠢᠨ ᠬᠤᠷᠠᠯ ᠮᠠᠰᠢ ᠠᠮᠵᠢᠯᠲᠠ᠎ᠲᠠᠶ ᠬᠤᠷᠠᠯᠳᠤᠵᠤ᠂ ᠠᠷᠠᠳᠴᠢᠯᠠᠯ ᠪᠦᠯᠬᠦᠮᠳᠡᠯ᠎ᠦᠨ ᠰᠠᠢ᠌ᠨ ᠰᠠᠢᠬᠨᠨ ᠠᠭᠤᠷ ᠠᠮᠢᠰᠭᠤᠯ᠎ᠢ ᠢᠯᠡᠷᠡᠬᠦᠯᠵᠤ᠂ ᠴᠤᠭ ᠪᠠᠳᠠᠷᠠᠩᠭᠤᠢ ᠤᠷᠤᠭ᠍ᠰᠢᠯᠠᠨ ᠲᠠᠪᠱᠢᠬᠤ ᠰᠠᠢ᠌ᠨ ᠦᠷ᠎ᠡ ᠪᠦᠲᠦᠮᠵᠢ ᠤᠯᠪᠠ᠃ 2400 ᠲᠦᠮᠡᠨ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠢ ᠤᠯᠠᠮ ᠨᠢᠭᠡ ᠠᠯᠬᠤᠮ ᠤᠷᠮᠠᠰᠢᠭᠤᠯᠤᠨ ᠵᠣᠷᠢᠭ᠍ᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠡᠩ ᠡᠷᠡᠰ ᠪᠠᠲᠤ ᠢᠲᠡᠭᠡᠯ᠂ ᠨᠡᠩ ᠴᠤᠭ ᠪᠠᠳᠠᠷᠠᠩᠭᠤᠢ ᠵᠣᠷᠢᠭ ᠰᠠᠨᠠᠭ᠎ᠠ᠎ᠪᠠᠷ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠵᠢ ᠬᠠᠮᠲᠤ᠎ᠪᠠᠷ ᠲᠡᠷᠭᠡᠯᠱᠢᠭᠦᠯᠬᠦ᠌ ᠨᠢ ᠯᠠᠪᠳᠠᠢ ᠬᠡᠵᠡᠢ᠃

ᠸᠠᠩ ᠸᠧᠢ ᠵᠦᠩ᠂ ᠶᠡᠬᠡ ᠬᠤᠷᠠᠯ᠎ᠡᠴᠡ ᠨᠠᠮᠠᠶ᠋ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ᠎ᠪᠡᠷ ᠰᠣᠩᠭᠣᠪᠠ᠃ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠦᠩᠬᠡ ᠬᠡᠷᠡᠯᠳᠡᠢ ᠭᠡᠳᠡᠭ ᠎ᠢ ᠪᠢ ᠭᠦᠨᠵᠡᠭᠡᠢ ᠣᠢᠯᠠᠭᠠᠵᠤ ᠪᠠᠢᠨ᠎ᠠ᠃ ᠶᠡᠷᠦᠩᠬᠡᠶ ᠱᠦᠵᠢ ᠰᠢ ᠵᠢᠨ ᠫᠢᠩ᠂ ᠨᠠᠮ᠎ᠤᠨ ᠲᠥᠪ ᠬᠣᠷᠢᠶ᠎ᠠ ᠵᠢᠨ ᠬᠦᠨ ᠵᠤᠵᠠᠭᠠᠨ ᠬᠠᠢᠷ᠎ᠠ ᠬᠠᠯᠠᠮᠵᠢ ᠎ᠳᠤ ᠴᠢᠩ ᠰᠡᠳᠭᠢᠯ᠎ᠡᠴᠡ ᠎ᠪᠡᠨ ᠲᠠᠯᠠᠷᠬᠠᠵᠤ ᠪᠠᠢᠨ᠎ᠠ᠂ ᠲᠥᠯᠥᠭᠡᠯᠡᠭ᠌ᠴᠢᠳ ᠪᠣᠯᠤᠨ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠢᠲᠡᠭᠡᠯ ᠪᠠ ᠳᠡᠮᠵᠢᠯᠭᠡ᠎ᠳᠦ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠨ᠎ᠠ᠂ ᠪᠢ ᠯᠠᠪᠲᠠᠶ ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠡᠷ ᠭᠦᠶ᠋ᠴᠡᠳᠭᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠥᠬᠥᠳ᠎ᠲᠡᠶ ᠬᠠᠮᠲᠤ᠎ᠪᠠᠷ ᠠᠵᠢᠯ᠎ᠢᠶᠠᠨ ᠯᠠᠪᠳᠠᠭᠤᠨ ᠪᠠᠲᠤᠲᠠᠶ ᠰᠠᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠲᠠᠰᠤᠷᠠᠯᠲᠠ ᠥᠬᠡᠶ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠎ᠠ ᠭᠡᠪᠡ᠃

ᠸᠠᠩ ᠸᠧᠢ ᠵᠦᠩ᠂ ᠮᠠᠨ᠎ᠤ ᠥᠪᠥᠷ ᠮᠣᠩᠭᠣᠯ᠎ᠤᠨ ᠪᠠᠢᠭᠠᠯᠢ᠎ᠶ᠋ᠢᠨ ᠡᠬᠢ ᠪᠠᠶᠠᠯᠢᠭ ᠡᠯᠪᠡᠭ ᠪᠠᠶᠠᠯᠢᠭ᠂ ᠠᠮᠢ ᠠᠬᠤᠢ᠎ᠶ᠋ᠢᠨ ᠲᠦᠷᠦᠯ ᠬᠡᠯᠪᠡᠷᠢ ᠤᠯᠠᠨ᠂ ᠳᠤᠮᠳᠠᠳᠤ᠎ᠶ᠋ᠢᠨ ᠰᠣᠶᠣᠯ ᠤᠯᠠᠨ ᠶᠠᠩᠵᠤ᠎ᠶ᠋ᠢᠨ ᠪᠠᠢᠵᠤ᠂ ᠡᠬᠡ ᠤᠯᠤᠰ᠎ᠤᠨ ᠤᠮᠠᠷᠠᠲᠤ᠎ᠶ᠋ᠢᠨ ᠦᠩᠬᠡ ᠦᠵᠡᠮᠵᠢ ᠡᠴᠢᠨ᠎ᠠ ᠭᠤᠢᠳᠠ ᠰᠠᠢᠬᠠᠨ᠂ ᠠᠵᠤ ᠦᠢᠯᠡᠰ᠎ᠦᠨ ᠰᠠᠭᠤᠷᠢ ᠰᠠᠢ᠌ᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠯᠠᠭᠤᠮᠰᠤᠭ ᠲᠤᠳᠤᠨᠤ᠂ ᠡᠬᠡᠯ ᠪᠣᠷᠣᠭ᠍ᠵᠢᠭᠤᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠨᠢᠬᠳᠠ ᠪᠦᠯᠬᠦᠮᠳᠡᠨ ᠡᠶ᠎ᠡ ᠨᠠᠢᠷᠲᠠᠢ ᠪᠠᠢᠳᠠᠭ᠃ ᠪᠢᠳᠡ ᠡᠷᠬᠡᠪᠰᠢ ᠡᠨᠡ ᠬᠦ᠌ ᠬᠠᠯᠠᠭᠤᠨ ᠬᠥᠷᠥᠰᠥᠨ ᠳᠡᠭᠡᠷ᠎ᠡ ᠱᠢᠷᠭᠠᠭᠤ ᠬᠠᠲᠠᠭᠤᠵᠢᠯᠲᠠᠢ ᠠᠵᠢᠯᠯᠠᠵᠤ ᠬᠤᠪᠢ ᠨᠡᠮᠡᠷᠢ ᠦᠵᠡᠭᠦᠯᠬᠦ᠌ ᠡᠷᠬᠢᠮ ᠨᠠᠨᠳᠢᠨ ᠠᠵᠠ ᠲᠣᠬᠢᠶᠠᠯ᠎ᠢ ᠨᠠᠨᠳᠢᠩᠨᠠᠵᠤ᠂ ᠰᠡᠳᠬᠢᠯ ᠨᠢᠭᠡᠳᠤᠨ ᠬᠦᠴᠤ ᠪᠡᠨ ᠬᠠᠮᠳᠤᠳᠬᠠᠵᠤ᠂ ᠰᠤᠷᠤᠯᠴᠠᠯᠭ᠎ᠠ᠎ᠶ᠋ᠢ ᠶᠡᠬᠡ᠎ᠪᠡᠷ ᠠᠳᠭᠤᠵᠤ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ ᠂ ᠲᠥᠪ ᠭᠣᠣᠯᠴᠢ ᠠᠷᠢᠭᠤᠨ ᠴᠢᠬᠡᠴᠢ ᠪᠠᠢᠵᠤ᠂ ᠥᠪᠥᠷ ᠮᠣᠩᠭᠣᠯ᠎ᠢᠶᠠᠨ ᠨᠡᠩ ᠰᠠᠢ᠌ᠨ ᠬᠥᠭ᠌ᠵᠢᠭᠦᠯᠵᠦ᠍᠂ ᠤᠯᠠᠨ ᠲᠦᠮᠡᠨ᠎ᠦ ᠠᠮᠢᠳᠤᠷᠠᠯ᠎ᠢ ᠨᠡᠩ ᠥᠭᠡᠳᠡᠯᠡᠬᠦᠯᠬᠦ ᠪᠠᠷ ᠴᠢᠷᠮᠠᠢᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠲᠥᠪ ᠬᠣᠷᠢᠶ᠎ᠠ ᠪᠣᠯᠤᠨ ᠪᠦᠬᠦ ᠤᠷᠤᠨ ᠤ᠋ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠨᠢᠬᠡᠨ ᠬᠤᠪᠢ ᠬᠠᠨᠤᠮᠵᠢᠲᠠᠢ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ ᠬᠡᠷᠡᠭ᠌ᠲᠡᠢ᠃ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠵᠦ᠍᠂ 《ᠬᠣᠶᠠᠷ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠵᠢ ᠱᠤᠭᠤᠬᠤ᠎ᠶ᠋ᠢ ᠴᠥᠬᠥᠷᠡᠰᠢ ᠥᠬᠡᠶ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ ᠵᠢᠨ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠨᠢᠬᠡ ᠪᠦᠷᠢ᠎ᠶ᠋ᠢᠨ ᠥᠪᠥᠷ ᠮᠣᠩᠭᠣᠯ᠎ᠳᠤ ᠨᠠᠢᠳᠠᠪᠤᠷᠢᠵᠢᠭᠤᠯᠤᠬᠳᠠᠵᠤ᠂ ᠶᠠᠪᠤᠳᠠᠯ ᠪᠦᠬᠦᠨ᠎ᠳᠦ ᠦᠷ᠎ᠡ ᠪᠦᠲᠦᠮᠵᠢ ᠭᠠᠷᠭᠠᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠬᠦᠴᠦᠯᠡᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠲᠠᠰᠤᠷᠠᠯᠲᠠ ᠥᠬᠡᠶ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠬᠦᠯᠤᠨ ᠨᠢᠭ᠍ᠲᠠᠷᠠᠭᠤᠯᠵᠤ᠂ ᠡᠬᠡ ᠤᠯᠤᠰ᠎ᠤᠨ ᠬᠢᠯᠢ ᠬᠢᠵᠠᠭᠠᠷ᠎ᠢ ᠬᠠᠮᠲᠤ᠎ᠪᠠᠷ ᠰᠠᠬᠢᠨ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠬᠤ ᠬᠡᠷᠡᠭ᠌ᠲᠡᠶ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠡᠭᠦᠯ ᠬᠤᠷᠢᠶᠠᠬᠤ ᠡᠯ᠎ᠡ ᠵᠦᠶ᠋ᠯ᠎ᠦᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠵᠢᠯᠣᠭᠣᠳᠤᠮᠵᠢ ᠪᠣᠯᠭᠠᠵᠤ ᠥᠪᠥᠷ ᠮᠣᠩᠭᠣᠯ᠎ᠤᠨ ᠣᠨᠴᠠᠯᠢᠭ᠎ᠪᠠ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠵᠣᠬᠢᠴᠠᠩᠭᠤᠶ ᠬᠥᠭ᠌ᠵᠢᠯᠲᠡ᠂ ᠪᠣᠬᠢᠷᠲᠤᠯ ᠥᠬᠡᠶ ᠬᠥᠭ᠌ᠵᠢᠯᠲᠡ᠂ ᠨᠡᠭᠡᠭᠡᠯᠲᠡᠲᠦ ᠬᠥᠭ᠌ᠵᠢᠯᠲᠡ᠎ᠶ᠋ᠢ ᠶᠡᠬᠡ᠎ᠪᠡᠷ ᠠᠬᠢᠭᠤᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ 《ᠲᠠᠪᠤᠨ ᠶᠡᠬᠡ ᠠᠮᠤᠷ ᠲᠦᠪᠱᠢᠨ》 ᠢ᠋ ᠡᠷᠡᠰ ᠬᠠᠮᠠᠭᠠᠯᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠲᠠᠯ᠎ᠠ ᠪᠡᠷ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠭᠡᠷᠡᠭᠳᠠᠢ᠃  ᠢᠮᠠᠭ᠍ᠲᠠ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠪᠦᠬᠦ᠌ ᠣᠷᠣᠨ᠎ᠤ 2400 ᠲᠦᠮᠡᠨ ᠠᠷᠠᠳ ᠤᠯᠠᠨ᠎ᠤ ᠠᠮᠤᠷ ᠲᠦᠪᠱᠢᠨ ᠬᠠᠯᠠᠭᠤᠨ ᠳᠤᠯᠠᠭᠠᠨ᠎ᠢ 《ᠰᠡᠳᠭᠢᠯ᠎ᠤᠨ ᠶᠡᠬᠡ ᠶᠠᠪᠤᠳᠠᠯ》 ᠪᠣᠯᠭᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠤᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠬᠢᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠬᠡᠷᠡᠭ᠌ᠲᠡᠢ᠃ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠥᠷᠭᠡᠨ ᠤᠯᠠᠨ ᠺᠠᠳ᠋ᠷ᠎ᠤᠨ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠴᠢᠳᠠᠮᠠᠭᠠᠢ᠎ᠪᠠᠷ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠤᠷᠮᠠᠱᠢᠭᠤᠯᠤᠨ ᠵᠣᠷᠢᠭ᠍ᠵᠢᠭᠤᠯᠬᠤ ᠬᠡᠷᠡᠭ᠌ᠲᠡᠢ᠃ ᠸᠠᠩ ᠯᠢ ᠱᠢᠶᠠ᠎ᠶ᠋ᠢᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠵᠢᠡᠷ ᠰᠡᠵᠢᠭ᠌ᠯᠡᠭᠳᠡᠭᠰᠡᠨ ᠶᠠᠪᠤᠳᠠᠯ᠎ᠢᠶᠡᠷ ᠲᠤᠯᠢ ᠪᠣᠯᠭᠠᠵᠤ᠂ ᠢᠯᠵᠢᠷᠡᠯ᠎ᠢ ᠡᠰᠡᠷᠭᠦᠴᠡᠬᠦ᠌ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ ᠪᠣᠯᠤᠨ ᠰᠦᠷ ᠬᠦᠴᠦᠳᠤ ᠪᠠᠢᠳᠠᠯ᠎ᠢ ᠪᠠᠲᠤᠯᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠬᠦ᠌ ᠬᠡᠷᠡᠭ᠌ᠲᠡᠢ ᠭᠡᠪᠡ᠃

ᠸᠠᠩ ᠸᠧᠢ ᠵᠦᠩ᠂ ᠪᠦᠬᠦ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠢᠮᠠᠭ᠍ᠲᠠ ᠵᠥᠪ ᠤᠯᠤᠰ ᠲᠦᠷᠦ᠍᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠭᠣᠣᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯ᠎ᠤᠨ ᠤᠶᠠᠯᠳᠤᠯ᠎ᠤᠨ ᠴᠡᠭ᠂ ᠬᠦᠴᠦᠯᠡᠬᠦ᠌ ᠴᠡᠭ᠎ᠢ ᠣᠨᠣᠪᠴᠢᠳᠠᠢ ᠣᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠭᠦᠷᠭᠡ ᠬᠠᠷᠢᠭᠤᠴᠠᠯᠭ᠎ᠠ᠎ᠶ᠋ᠢ ᠨᠡᠩ ᠰᠠᠢᠲᠤᠷ ᠢᠯᠡᠷᠡᠭᠦᠯᠬᠦ᠌ ᠬᠡᠷᠡᠭ᠌ᠲᠡᠢ᠃ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ ᠵᠢᠨ ᠠᠵᠢᠯ ᠵᠡᠷᠭᠡ ᠠᠵᠢᠯ᠎ᠢ ᠴᠢᠨᠠᠷ ᠰᠠᠢᠲᠠᠢ ᠰᠠᠢᠲᠤᠷ ᠬᠢᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠯᠠᠨ᠎ᠤ ᠪᠤᠳᠤᠵᠤ ᠬᠦᠰᠡᠵᠤ ᠡᠷᠡᠮᠡᠯᠵᠡᠵᠤ ᠪᠠᠢᠭ᠎ᠠ ᠵᠦᠢᠯ᠎ᠳᠦ ᠢᠳᠡᠪᠬᠢᠲᠡᠢ ᠬᠠᠷᠢᠭᠤᠯᠲᠠ ᠥᠭ᠌ᠬᠦ ᠬᠡᠷᠡᠭ᠌ᠲᠡᠢ᠃ 《ᠲᠦᠷᠪᠡᠨ ᠪᠠᠢᠭᠤᠯᠭ᠎ᠠ》 ᠶ᠋ᠢᠨ ᠱᠠᠭᠠᠷᠳᠠᠯᠭ᠎ᠠ ᠶᠣᠰᠣᠭᠠᠷ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠭ᠎ᠠ ᠎ᠶ᠋ᠢᠨ ᠤᠯᠤᠰ ᠲᠦᠷᠦ᠍᠎ᠶ᠋ᠢᠨ ᠪᠠᠢᠭᠤᠯᠤᠯᠲᠠ᠂ ᠴᠢᠳᠠᠪᠤᠷᠢ᠎ᠶ᠋ᠢᠨ ᠪᠠᠢᠭᠤᠯᠤᠯᠲᠠ᠂ ᠰᠤᠷᠲᠠᠯ᠎ᠤᠨ ᠪᠠᠢᠭᠤᠯᠤᠯᠲᠠ ᠪᠠ ᠺᠠᠳ᠋ᠷ᠎ᠤᠨ ᠡᠩᠨᠡᠭᠡ ᠵᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠢᠷᠢ ᠲᠦᠪᠱᠢᠨ᠎ᠢᠶᠡᠨ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠢ ᠭᠡᠪᠡ᠃

ᠪᠦᠦ ᠭᠠᠩ ᠰᠣᠩᠭᠣᠭ᠍ᠳᠠᠭ᠍ᠰᠠᠨ᠎ᠤ ᠳᠠᠷᠠᠭ᠎ᠠ᠂ ᠯᠠᠪᠲᠠᠢ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ ᠳᠣᠣᠷ᠎ᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠤᠳᠤᠷᠢᠳᠭᠤ ᠪᠠᠭ᠎ᠢ ᠪᠦᠯᠬᠦᠮᠳᠡᠭᠦᠯᠦᠨ ᠳᠠᠭᠠᠭᠤᠯᠵᠤ᠂ ᠡᠭᠦᠷᠭᠡᠯᠡᠯ᠎ᠢᠶᠡᠷ ᠤᠭ ᠰᠠᠨᠠᠭ᠎ᠠ᠎ᠪᠠᠨ ᠲᠠᠢᠯᠪᠤᠷᠢᠯᠠᠵᠤ᠂ ᠪᠣᠳᠠᠲᠠᠢ ᠠᠵᠢᠯᠯᠠᠬᠤ᠎ᠪᠡᠷ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠵᠠᠰᠠᠭ᠎ᠤᠨ ᠣᠷᠳᠣᠨ᠎ᠤ ᠠᠵᠢᠯ᠎ᠤᠨ ᠱᠢᠨ᠎ᠡ ᠪᠠᠢᠳᠠᠯ᠎ᠢ ᠴᠢᠷᠮᠠᠢᠨ ᠡᠭᠦᠳᠦᠨ᠎ᠡ᠃ ᠦᠨᠡᠨᠴᠢ ᠱᠢᠳᠤᠷᠭᠤ ᠪᠠᠢᠬᠤ ᠰᠡᠳᠭᠢᠯ᠎ᠢ ᠢᠮᠠᠭ᠍ᠲᠠ ᠪᠠᠲᠤ ᠰᠠᠬᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠲᠣᠭᠣᠷᠢᠨ᠎ᠳᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠨᠠᠷᠢᠨ ᠬᠢᠨᠠᠮᠠᠭᠠᠢ ᠰᠠᠢᠲᠤᠷ ᠬᠠᠮᠠᠭᠠᠯᠠᠵᠤ ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《 ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠦᠨ᠎ᠡ᠃ ᠲᠡᠮᠡᠴᠡᠯ᠎ᠦᠨ ᠵᠣᠷᠢᠭ᠎ᠢᠶᠠᠨ ᠢᠮᠠᠭ᠍ᠲᠠ ᠪᠠᠲᠤ ᠰᠠᠬᠢᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠤᠯ ᠰᠡᠳᠦᠪ᠎ᠢ ᠪᠠᠲᠤ ᠡᠵᠡᠮᠳᠡᠵᠦ᠍ ᠂ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠢᠶᠠᠷ ᠲᠤᠯᠭᠠᠭᠤᠷᠢᠯᠠᠯ ᠪᠣᠯᠭᠠᠭ᠍ᠰᠠᠨ᠂ ᠲᠡᠷᠢᠭᠦᠨ᠎ᠦ ᠦᠶ᠋ᠯᠡᠳᠬᠦ᠌ ᠦᠶ᠋ᠯᠡᠰ᠎ᠢᠶᠡᠷ ᠭᠤᠤᠯᠯᠠᠭ᠍ᠴᠢ ᠪᠣᠯᠭᠠᠭ᠍ᠰᠠᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ ᠎ᠢ ᠲᠦᠷᠭᠡᠳᠭᠡᠨ ᠪᠠᠢᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠲᠠᠯ᠎ᠠ ᠪᠡᠷ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ᠃ ᠠᠷᠠᠳ᠎ᠤᠨ ᠲᠥᠯᠥᠭᠡ ᠵᠢᠳᠬᠦᠬᠦ᠌ ᠰᠡᠳᠭᠢᠯ᠎ᠢ ᠢᠮᠠᠭ᠍ᠲᠠ ᠪᠠᠲᠤ ᠰᠠᠬᠢᠵᠤ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠦᠨᠡᠨ ᠬᠦ᠌ ᠰᠡᠳᠬᠢᠯ ᠲᠠᠯᠪᠢᠨ ᠰᠠᠢᠲᠤᠷ ᠬᠢᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠢᠯ᠎ᠢᠶᠠᠨ ᠦᠨᠡᠨ ᠬᠦ᠌ ᠠᠷᠠᠳ ᠤᠯᠠᠨ᠎ᠤ ᠰᠡᠳᠭᠢᠯ᠎ᠳᠦ ᠬᠦᠷᠳᠡᠯ᠎ᠡ ᠬᠢᠨ᠎ᠡ᠃ ᠪᠢᠱᠢᠷᠡᠨ ᠵᠢᠷᠦᠬᠡᠱᠢᠶᠡᠬᠦ᠌ ᠰᠡᠳᠭᠢᠯ᠎ᠢ ᠢᠮᠠᠭ᠍ᠲᠠ ᠪᠠᠲᠤ ᠰᠠᠬᠢᠵᠤ᠂ ᠦᠨᠳᠦᠰᠦᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠵᠠᠰᠠᠭ᠎ᠤᠨ ᠣᠷᠳᠣᠨ᠎ᠤ ᠠᠵᠢᠯ᠎ᠤᠨ ᠦᠨᠳᠦᠰᠦᠨ ᠪᠠᠷᠢᠮᠵᠢᠶ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠪᠠ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠦ ᠥᠷᠭᠡᠨ᠎ᠢᠶᠡᠷ ᠬᠢᠨᠠᠯᠲᠠ ᠲᠠᠯᠪᠢᠬᠤ᠎ᠶ᠋ᠢ ᠤᠬᠠᠮᠰᠠᠷ᠎ᠡᠴᠡ᠎ᠪᠠᠨ ᠬᠦᠯᠢᠶᠡᠵᠦ᠍᠂ ᠵᠠᠰᠠᠭ᠎ᠤᠨ ᠣᠷᠳᠣᠨ᠎ᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠳᠤ ᠠᠷᠠᠳ ᠲᠦᠮᠡᠨ᠎ᠦ ᠬᠦᠰᠡᠯ ᠰᠠᠨᠠᠭ᠎ᠠ᠎ᠶ᠋ᠢ ᠭᠦᠢᠴᠡᠳ ᠢᠯᠡᠷᠡᠭᠦᠯᠦᠨ᠂ ᠵᠠᠰᠠᠭ ᠵᠠᠬᠢᠷᠭᠠᠨ᠎ᠤ ᠦᠢᠯᠡ ᠠᠵᠢᠯᠯᠠᠭ᠎ᠠ᠎ᠳᠤ ᠬᠠᠤᠯᠢ᠎ᠪᠠᠷ ᠵᠠᠰᠠᠬᠤ ᠵᠣᠷᠢᠭ ᠰᠠᠨᠠᠭ᠎ᠠ᠎ᠶ᠋ᠢ ᠢᠯᠡᠷᠡᠬᠦᠯᠦᠨ᠎ᠡ᠃ ᠠᠷᠢᠭᠤᠨ ᠴᠢᠬᠡᠴᠢ ᠪᠠᠢᠬᠤ ᠰᠡᠳᠭᠢᠯ᠎ᠢ ᠢᠮᠠᠭ᠍ᠲᠠ ᠪᠠᠲᠤ ᠰᠠᠬᠢᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠬᠦᠴᠦᠯᠡᠨ ᠴᠡᠪᠡᠷᠱᠢᠭᠦᠯᠵᠦ᠍᠂ ᠸᠠᠩ ᠯᠢ ᠱᠢᠶᠠ᠎ᠶ᠋ᠢᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ᠎ᠢᠶᠡᠷ ᠰᠡᠵᠢᠭ᠌ᠯᠡᠭ᠌ᠳᠡᠭ᠌ᠰᠡᠨ ᠶᠠᠪᠤᠳᠠᠯ᠎ᠡᠴᠡ ᠭᠦᠨᠵᠡᠭᠡᠢ ᠰᠤᠷᠭᠠᠮᠵᠢ ᠠᠪᠴᠤ᠌᠂ ᠵᠠᠰᠠᠭ᠎ᠤᠨ ᠣᠷᠳᠣᠨ᠎ᠤ ᠱᠢᠰᠲᠸᠮ᠎ᠤᠨ ᠪᠦᠬᠦ᠌ ᠲᠠᠯ᠎ᠠ᠎ᠪᠠᠷ ᠨᠠᠮ ᠎ᠢ ᠴᠢᠩᠭ᠎ᠠ ᠵᠠᠰᠠᠬᠤ ᠨᠢᠭᠡᠳᠦᠭᠡᠷ ᠬᠠᠷᠢᠭᠤᠴᠠᠯᠭᠠᠲᠠᠨ᠎ᠤ ᠲᠤᠱᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠪᠠᠭ᠎ᠢᠶᠠᠨ ᠰᠠᠢᠲᠤᠷ ᠠᠳᠭᠤᠵᠤ᠂ ᠡᠩᠨᠡᠭᠡ᠎ᠪᠡᠨ ᠰᠠᠢᠲᠤᠷ ᠳᠠᠭᠠᠭᠤᠯᠵᠤ᠂ ᠠᠷᠢᠭᠤᠨ ᠴᠢᠬᠡᠴᠢ᠎ᠪᠡᠷ ᠡᠷᠬᠡ᠎ᠪᠡᠨ ᠬᠡᠷᠡᠭ᠌ᠯᠡᠬᠦ᠌᠂ ᠠᠷᠢᠭᠤᠨ ᠴᠢᠬᠡᠴᠢ᠎ᠪᠡᠷ ᠠᠵᠢᠯ ᠬᠢᠬᠦ᠌᠎ᠶ᠋ᠢ ᠳᠠᠳᠭᠠᠯ ᠤᠬᠠᠮᠰᠠᠷ ᠪᠣᠯᠭᠠᠨ᠎ᠠ ᠭᠡᠵᠦ᠍ ᠢᠯᠡᠳᠭᠡᠪᠡ᠃

ᠵᠠᠩ ᠶᠠᠨ ᠺᠦᠨ᠂ ᠯᠢᠦ ᠱᠤᠸᠠᠩ᠂ ᠮᠸᠩ ᠱᠢᠶᠠᠨ ᠳ᠋ᠦᠩ᠂ ᠬᠤᠸᠠᠩ ᡁᠢ ᠴᠢᠶᠠᠩ᠂ ᠯᠢ ᠢᠦᠶ ᠭᠠᠩ᠂ ᠬᠦᠦᠳᠠᠭᠤᠯᠠ᠂ ᠢᠦᠶ ᠯᠢ ᠱᠢᠨ᠂ ᠪᠦᠦ ᠱᠢᠶᠠᠨ ᠬᠤᠸᠠ᠂ ᠴᠧᠨ ᡁᠢ ᠴᠠᠩ᠂ ᠴᠢ᠊ ᠪᠠᠲᠤ᠂ ᠵᠧᠩ ᠭᠤᠸᠠᠩ ᠵᠣᠣ᠂ ᠳᠠᠢᠴᠢᠨ᠂ ᠶᠠᠩ ᠵᠢᠨ᠂ ᠰᠦᠨ ᠵᠢᠶᠦ᠋ᠨ ᠴᠢᠩ᠂ ᠲᠠᠩ ᠢ᠂ ᠵᠠᠩ ᠪᠠᠶ ᠴᠧᠩ᠂ ᠶᠠᠩ ᠽᠦᠩ ᠷᠧᠨ᠂ ᠯᠢ ᠶᠦᠩ ᠵᠢᠶᠦ᠋ᠨ᠂ ᠴᠧᠨ ᠯᠦ᠍ ᠱᠧᠩ᠎ᠨᠡᠷ ᠶᠡᠬᠡ ᠬᠤᠷᠠᠯ᠎ᠳᠤ ᠣᠷᠣᠯᠴᠠᠴᠠᠢ᠃

ᠶᠡᠬᠡ ᠬᠤᠷᠠᠯ ᠰᠦᠷ ᠵᠢᠪᠬᠤᠯᠠᠩᠳᠠᠢ ᠤᠯᠤᠰ᠎ᠤᠨ ᠰᠦᠯᠳᠡ ᠳᠠᠭᠤᠤ᠎ᠶ᠋ᠢᠨ ᠳᠤᠮᠳᠠ ᠠᠮᠵᠢᠯᠲᠠ᠎ᠲᠠᠶ ᠲᠡᠭᠦᠰᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号