ᠨᠢᠭᠡᠳᠦᠭᠡᠷ ᠲᠤᠭᠠᠳᠤ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠴᠡ 2025 ᠣᠨ᠎ᠤ 10 ᠰᠠᠷ᠎ᠠ᠎ᠶ᠋ᠢᠨ 18 ᠤ᠋ ᠡᠳᠦᠷ ᠸᠠᠩ ᠸᠧᠶ ᠵᠥᠩᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠡᠷᠬᠢᠯᠡᠭ᠌ᠴᠢ᠎ᠪᠡᠷ ᠰᠣᠩᠭᠣᠪᠠ᠃
ᠤᠳᠤ ᠵᠠᠷᠯᠠᠰᠤᠭᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ
ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ
2025 ᠣᠨ᠎ᠤ 10 ᠰᠠᠷ᠎ᠠ᠎ᠶ᠋ᠢᠨ 18 ᠤ᠋ ᠡᠳᠦᠷ
ᠸᠠᠩ ᠸᠧᠶ ᠵᠥᠩ ᠨᠥᠬᠥᠷ᠎ᠦᠨ ᠲᠣᠪᠴᠢ ᠨᠠᠮᠳᠠᠷ

ᠸᠠᠩ ᠸᠧᠶ ᠵᠥᠩ᠂ ᠡᠷᠡᠭ᠌ᠲᠡᠶ᠂ ᠬᠢᠲᠠᠳ ᠦᠨᠳᠦᠰᠦᠲᠡᠨ᠂ 1962 ᠣᠨ᠎ᠤ 3 ᠰᠠᠷ᠎ᠠ᠎ᠳᠤ ᠳᠦᠷᠦᠵᠡᠶ᠂ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ᠂ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠵᠠᠬᠢᠷᠤᠯ (ᠲᠡᠬᠡᠳᠤ ᠰᠤᠷᠭᠠᠭᠤᠯᠢ ᠵᠢᠨ ᠵᠠᠬᠢᠷᠤᠯ) ᠤ᠋ᠨ ᠲᠤᠱᠢᠶᠠᠯᠳᠦ ᠪᠤᠢ᠃