ᠠᠯᠳᠠᠨ ᠨᠠᠮᠤᠷ᠎ᠤᠨ ᠤᠮᠠᠷᠠᠲᠤ ᠬᠢᠯᠢ᠎ᠶ᠋ᠢᠨ ᠡᠭᠡ ᠭᠠᠵᠠᠷ᠎ᠲᠤ ᠥᠷᠨᠢᠭᠦᠨ ᠪᠠᠳᠠᠷᠠᠩᠭᠤᠢ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠪᠢᠯᠬᠠᠨ᠎ᠠ᠃ ᠵᠢᠯ᠎ᠦᠨ ᠡᠴᠦᠰ ᠪᠣᠯᠲᠠᠯ᠎ᠠ ᠵᠥᠪᠬᠡᠨ ᠬᠣᠶᠠᠷ ᠰᠠᠷ᠎ᠠ ᠭᠠᠷᠤᠢ᠎ᠶ᠋ᠢᠨ ᠬᠤᠭᠤᠴᠠᠭ᠎ᠠ ᠦᠯᠡᠳᠡᠵᠦ᠍ ᠪᠠᠢᠨ᠎ᠠ᠂ ᠪᠦᠬᠦ ᠤᠷᠤᠨ ᠲᠠᠶᠠᠭᠠᠷ ᠡᠷᠴᠢ ᠵᠣᠷᠢᠭ᠎ᠢᠶᠠᠨ ᠬᠥᠪᠴᠢᠯᠡᠵᠦ᠍᠂ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠪᠦᠬᠦ᠌ ᠬᠦᠴᠦᠨ᠎ᠢᠶᠡᠷ᠎ᠢᠶᠡᠨ ᠪᠡᠶᠡᠯᠡᠭᠦᠯᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠠᠵᠢᠯ᠎ᠤᠨ ᠱᠢᠨ᠎ᠡ ᠪᠠᠢᠳᠠᠯ᠎ᠢ ᠡᠭᠦᠳᠤᠨ᠎ᠠ᠃
ᠬᠠᠷᠠᠯᠲᠠ᠎ᠲᠠᠶ ᠪᠣᠯ ᠰᠠᠶᠢ ᠴᠢᠭ᠌ᠯᠡᠯ᠎ᠲᠡᠶ᠃ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠥᠪᠥᠷ ᠮᠣᠩᠭᠣᠯ᠎ᠤᠨ ᠠᠵᠢᠯ᠎ᠳᠤ ᠱᠢᠷᠢᠰ ᠴᠢᠬᠤᠯᠠ ᠶᠠᠷᠢᠶ᠎ᠠ ᠲᠠᠯᠪᠢᠵᠤ ᠴᠢᠬᠤᠯᠠ ᠵᠢᠭᠠᠪᠤᠷᠢ ᠥᠭ᠌ᠴᠦ᠂ ᠪᠢᠳᠡᠨ᠎ᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠲᠡᠯ᠎ᠡ ᠪᠡᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ᠌᠎ᠳᠦ ᠢᠮᠠᠭ᠍ᠲᠠ 《ᠤᠯᠤᠰ᠎ᠤᠨ ᠶᠡᠬᠡ ᠶᠠᠪᠤᠳᠠᠯ》 ᠢ᠋ ᠭᠡᠬᠦᠳᠡᠭ ᠴᠡᠭᠡᠵᠢᠨ ᠳ᠋ᠡᠭᠡᠨ ᠪᠠᠬᠳᠠᠭᠠᠵᠤ᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠨᠢᠭᠡᠨ ᠤᠷᠳᠤ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠬᠤ᠎ᠶ᠋ᠢ ᠪᠠᠷᠢᠮᠲᠠᠯᠠᠵᠤ᠂ ᠪᠦᠬᠦ᠌ ᠲᠠᠯ᠎ᠠ᠎ᠪᠠᠷ ᠣᠨᠣᠪᠴᠢᠲᠠᠢ ᠣᠢᠯᠠᠭᠠᠵᠤ᠂ ᠴᠢᠩ ᠵᠤᠷᠢᠭ ᠵᠢᠡᠷ ᠬᠤᠪᠢᠷᠠᠰᠢ ᠦᠭᠡᠢ ᠪᠠᠷᠢᠮᠲᠠᠯᠠᠵᠤ᠂ ᠲᠡᠷᠡ ᠶᠣᠰᠣᠭᠠᠷ ᠨᠢ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ᠎ᠢᠶᠠᠨ 《ᠬᠣᠶᠠᠷ ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ᠃
ᠪᠣᠳᠠᠲᠠᠢ ᠠᠵᠢᠯᠯᠠᠪᠠᠯ ᠰᠠᠶᠢ ᠪᠣᠳᠠᠲᠤ ᠦᠷ᠎ᠡ ᠪᠦᠲᠦᠮᠵᠢ ᠣᠯᠵᠤ ᠴᠢᠳᠠᠨ᠎ᠠ᠃ ᠱᠢᠨ᠎ᠡ ᠪᠠᠢᠳᠠᠯ ᠨᠢ ᠬᠦᠯᠢᠶᠡᠭᠡᠳ ᠢᠷᠡᠳᠡᠭ ᠪᠢᠰᠢ᠂ ᠬᠠᠰᠭᠢᠷᠤᠭᠠᠳ ᠪᠦᠳᠦᠴᠢᠬᠡᠳᠡᠭ ᠪᠢᠰᠢ᠂ ᠬᠠᠷᠢᠨ ᠲᠡᠮᠡᠴᠡᠵᠦ᠍ ᠪᠠᠢᠭᠠᠳ ᠣᠯᠳᠠᠭ᠂ ᠠᠵᠢᠯᠯᠠᠵᠤ ᠪᠠᠢᠭᠠᠳ ᠪᠡᠶᠡᠯᠡᠭᠦᠯᠳᠡᠭ ᠶᠤᠮ᠃ ᠬᠤᠷᠴᠠ ᠰᠢᠷᠦᠭᠦᠨ ᠦᠷᠢᠰᠦᠯᠳᠦᠭᠡᠨ᠎ᠤ ᠴᠠᠭ ᠦᠶ᠎ᠡ᠎ᠳᠦ 《ᠪᠠᠷᠤᠭ ᠲᠦᠯᠦᠪ ᠤᠨ ᠲᠡᠳᠦᠢ ᠬᠢᠵᠤ᠂ ᠰᠠᠨᠠᠭ᠎ᠠ ᠠᠮᠠᠷᠠᠵᠤ᠂ ᠠᠮᠤᠰᠭᠢᠵᠤ》 ᠪᠣᠯᠬᠤ ᠦᠭᠡᠢ ᠮᠥᠷᠲᠡᠭᠡᠨ ᠨᠡᠩ ᠴᠤ᠌ 《ᠬᠢᠯᠪᠠᠷᠬᠠᠨᠵᠢᠡᠷ ᠦᠵᠡᠵᠦ᠂ ᠰᠦᠷ ᠮᠠᠨᠳᠤᠭᠤᠯᠵᠤ ᠮᠠᠶᠢᠭ ᠦᠵᠡᠬᠦᠯᠵᠤ》 ᠪᠣᠯᠬᠤ ᠦᠭᠡᠢ᠂ ᠡᠷᠬᠡᠪᠰᠢ ᠪᠣᠳᠠᠲᠠᠢ᠎ᠶ᠋ᠢ ᠡᠷᠬᠢᠮᠯᠡᠭᠰᠡᠨ ᠲᠡᠭᠡᠷ᠎ᠡ ᠡᠷᠬᠢᠮᠯᠡᠬᠦ᠌ ᠬᠡᠷᠡᠭ᠌ᠲᠡᠢ᠃ ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠣᠯ᠎ᠤᠨ ᠲᠤᠬᠠᠢ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠢᠯ᠎ᠦᠨ ᠡᠭᠦᠷᠭᠡ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠨᠡ ᠵᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠢᠷᠡᠬᠦ᠌ ᠵᠢᠯ᠎ᠦᠨ ᠬᠥᠭ᠌ᠵᠢᠯᠲᠡ᠎ᠶ᠋ᠢ ᠰᠠᠢᠲᠤᠷ ᠲᠥᠯᠥᠪᠵᠢᠭᠦᠯᠬᠦ᠌ ᠬᠡᠷᠡᠭ᠌ᠲᠡᠢ᠃ ᠪᠦᠬᠦ᠌ ᠵᠢᠯ᠎ᠦᠨ ᠬᠠᠷᠠᠯᠲᠠ ᠡᠭᠦᠷᠭᠡ ᠵᠢᠨ ᠲᠤᠭᠤᠷᠢᠨ ᠳ᠋ᠤ ᠭᠣᠣᠯᠳᠠᠯᠭ᠎ᠠ᠎ᠲᠠᠶ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌᠎ᠪᠡᠷ ᠭᠠᠷᠳᠠᠴᠠ ᠪᠣᠯᠭᠠᠨ ᠠᠵᠤ ᠠᠬᠤᠢ ᠵᠢ ᠬᠥᠭ᠌ᠵᠢᠭᠦᠯᠵᠦ᠍᠂ ᠲᠠᠯᠳᠠ ᠬᠦᠴᠦᠨ᠎ᠢ ᠠᠭᠤᠳᠠᠯᠵᠤ᠂ ᠰᠡᠳᠭᠢᠯ ᠨᠢᠭᠡᠳᠦᠨ ᠠᠵᠢᠯᠯᠠᠵᠤ᠂ ᠤᠷᠤᠭ᠍ᠰᠢ᠎ᠪᠠᠨ ᠠᠬᠢᠵᠤ᠂ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ᠂ ᠬᠠᠮᠤᠭ᠎ᠤᠨ ᠰᠠᠢ᠌ᠨ ᠦᠷ᠎ᠡ ᠳ᠋ᠦᠩ ᠤᠯᠬᠤ᠎ᠪᠠᠷ ᠴᠢᠷᠮᠠᠢᠬᠤ ᠬᠡᠷᠡᠭ᠌ᠲᠡᠢ᠃
ᠪᠠᠷᠢᠮᠲᠠᠯᠠᠪᠠᠯ ᠰᠠᠶᠢ ᠦᠷ᠎ᠡ ᠪᠦᠲᠦᠭᠡᠯ ᠤᠯᠵᠤ ᠴᠢᠳᠠᠨ᠎ᠠ᠃ ᠮᠢᠩᠭᠠᠨ ᠭᠠᠵᠠᠷ᠎ᠤᠨ ᠠᠶᠠᠨ ᠠᠩᠬᠠᠨ᠎ᠤ ᠠᠯᠬᠤᠮ᠎ᠡᠴᠡ ᠡᠬᠢᠯᠡᠳᠡᠭ᠂ ᠡᠨᠡ ᠨᠢ ᠪᠢᠳᠡ ᠪᠦᠬᠦᠨ ᠲᠠᠢ ᠬᠤᠯᠪᠤᠭᠳᠠᠨ᠎ᠠ᠃ ᠣᠳᠣᠬᠠᠨ᠎ᠳᠤ ᠪᠦᠬᠦ᠌ ᠣᠷᠣᠨ ᠳᠠᠶᠠᠭᠠᠷ ᠶᠠᠭ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍ ᠪᠠᠢᠨ᠎ᠠ᠂ ᠢᠯᠠᠩᠭᠤᠶ᠎ᠠ ᠡᠯ᠎ᠡ ᠲᠠᠯ᠎ᠠ᠎ᠶ᠋ᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠲᠠᠢ᠌ᠴᠢᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠠᠮᠵᠢᠯᠲᠠ ᠪᠦᠲᠦᠮᠵᠢ ᠶ᠋ᠢ ᠬᠠᠮᠲᠤ ᠪᠠᠷ ᠡᠭᠦᠳᠬᠦ᠌ ᠬᠡᠷᠡᠭ᠌ᠲᠡᠢ᠃ ᠤᠳᠤᠷᠢᠳᠭᠤ ᠺᠠᠳ᠋ᠷ ᠡᠮᠦᠨ᠎ᠡ ᠨᠢ ᠬᠣᠱᠢᠭᠤᠷᠠᠵᠤ᠂ ᠤᠷᠢᠳ᠎ᠢᠶᠠᠷ ᠬᠢᠵᠦ᠍᠂ ᠨᠢᠭᠡ ᠱᠠᠳᠤ ᠨᠢ ᠨᠢᠭᠡ ᠱᠠᠳᠤ᠎ᠳᠠᠭᠠᠨ ᠳᠠᠭᠤᠷᠢᠶᠠᠯ ᠦᠵᠡᠭᠦᠯᠵᠦ᠍᠂ ᠨᠢᠭᠡ ᠱᠠᠳᠤ ᠨᠢ ᠨᠢᠭᠡ ᠱᠠᠳᠤ᠎ᠪᠠᠨ ᠳᠠᠭᠠᠭᠤᠯᠤᠨ ᠬᠢᠵᠦ᠍᠂ ᠠᠵᠢᠯ ᠶᠠᠪᠤᠳᠠᠯ ᠬᠢᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭᠲᠡᠢ; ᠥᠷᠭᠡᠨ ᠤᠯᠠᠨ ᠲᠦᠮᠡᠨ ᠳᠤᠤᠭᠠᠷᠪᠠᠯ ᠲᠠᠭᠤ ᠨᠢᠭᠡᠲᠡᠢ ᠳᠤᠭ᠍ᠲᠤᠷᠪᠠᠯ ᠬᠦᠴᠦ᠍ ᠨᠢᠭᠡᠲᠡᠢ᠂ ᠥᠪᠡᠷ ᠥᠪᠡᠷ᠎ᠦᠨ ᠦᠢᠯᠡᠳᠦᠯ᠎ᠢᠶᠡᠨ ᠪᠠᠳᠠᠷᠠᠭᠤᠯᠵᠤ᠂ ᠥᠪᠡᠷ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ ᠠᠵᠢᠯ ᠬᠢᠵᠦ᠍ ᠦᠢᠯᠡᠰ ᠪᠤᠰᠭᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠥᠷᠭᠡᠨ ᠠᠭᠤᠳᠠᠮ ᠣᠷᠣᠨ ᠵᠠᠢ᠎ᠶ᠋ᠢ ᠨᠡᠬᠡᠬᠡᠬᠦ ᠬᠡᠷᠡᠭ᠌ᠲᠡᠢ᠃
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠰᠡᠭᠦᠯ ᠬᠤᠷᠢᠶᠠᠬᠤ᠂ 《ᠠᠷᠪᠠᠨ ᠲᠠᠪᠤᠳᠤᠭᠠᠷ ᠲᠠᠪᠤᠨ ᠵᠢᠯ》᠎ᠢ᠋ ᠲᠥᠯᠥᠪᠵᠢᠭᠦᠯᠬᠦ ᠴᠢᠬᠤᠯᠠ ᠵᠠᠩᠭᠢᠯᠠᠭ᠎ᠠ᠎ᠶ᠋ᠢᠨ ᠴᠡᠭ᠎ᠲᠦ ᠵᠣᠭ᠍ᠰᠣᠵᠤ᠂ ᠵᠦᠪᠬᠡᠨ ᠦᠵᠡᠯ ᠰᠠᠨᠠᠭ᠎ᠠ᠎ᠪᠠᠨ ᠨᠢᠭᠡᠳᠭᠡᠨ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠥᠷᠯᠥᠭᠡ ᠦᠳᠡᠰᠢ᠎ᠶ᠋ᠢ ᠲᠡᠮᠡᠴᠡᠨ᠂ ᠲᠠᠷᠤᠤ ᠬᠢᠴᠢᠶᠡᠩᠬᠦᠢ ᠪᠡᠷ ᠪᠣᠳᠠᠲᠠᠶ ᠠᠵᠢᠯᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠦᠭᠡ ᠬᠡᠯᠡᠵᠦ᠍᠂ ᠪᠣᠳᠠᠲᠤ ᠦᠷ᠎ᠡ ᠪᠦᠲᠦᠮᠵᠢ᠎ᠪᠡᠷ᠎ᠢᠶᠡᠨ ᠠᠳᠠᠯᠢᠳᠬᠠᠨ ᠲᠡᠮᠡᠴᠡᠵᠦ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠳᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ ᠱᠢᠨ᠎ᠡ ᠳᠦᠷᠰᠦ ᠪᠠᠢᠳᠠᠯ ᠢ ᠢᠯᠡᠷᠡᠭᠦᠯᠪᠡᠯ᠂ ᠪᠢᠳᠡ ᠯᠠᠪᠲᠠᠶ ᠬᠢᠵᠠᠭᠠᠯᠠᠰᠢ ᠥᠬᠡᠶ ᠬᠡᠷᠡᠯ ᠰᠠᠴᠤᠷᠠᠩᠭᠤᠶ ᠰᠠᠢᠨ ᠰᠠᠢᠬᠠᠨ ᠢᠷᠡᠭᠡᠳᠦᠶ ᠵᠢ ᠤᠬᠳᠤᠬᠤ ᠶᠤᠮ᠃