​ᠥᠪᠥᠷ ᠮᠣᠩᠭᠣᠯ 《ᠠᠯᠪᠠᠨ ᠭᠡᠷᠡᠴᠢᠯᠡᠭᠴᠢ᠎ᠶᠢᠨ ᠠᠵᠢᠯ᠎ᠤᠨ ᠪᠠᠢᠷᠢ᠎ᠳᠤ ᠭᠠᠷᠬᠤ ᠡᠴᠡ ᠡᠮᠦᠨᠡᠬᠢ ᠪᠣᠯᠪᠠᠰᠤᠷᠠᠯ᠎ᠤᠨ ᠠᠵᠢᠯ᠎ᠤᠨ ᠪᠠᠢᠷᠢ᠎ᠶᠢᠨ ᠳᠠᠳᠤᠯᠭ᠎ᠠ ᠪᠠ ᠶᠡᠷᠦᠩᠬᠡᠢᠯᠡᠭᠰᠡᠨ ᠪᠣᠯᠪᠠᠰᠤᠷᠠᠯ᠎ᠤᠨ ᠳᠦᠷᠢᠮ》 ᠨᠡᠢᠲᠡᠯᠡᠪᠡ
2025-10-20 11:02:09
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

 《ᠰᠤᠷᠭᠠᠬᠤ᠂ ᠰᠤᠷᠤᠯᠴᠠᠬᠤ᠂ ᠪᠣᠯᠪᠠᠰᠤᠷᠠᠬᠤ᠂ ᠦᠢᠯᠡᠲᠦᠯᠭᠡᠵᠢᠭᠦᠯᠬᠦ᠎ᠶᠢ ᠨᠢᠭᠡ ᠴᠣᠭᠴᠠᠵᠢᠭᠤᠯᠬᠤ》 ᠠᠵᠢᠯ᠎ᠤᠨ ᠪᠠᠢᠷᠢ᠎ᠳᠤ ᠭᠠᠷᠬᠤ ᠠ᠋ᠴᠠ ᠡᠮᠦᠨᠡᠬᠢ ᠨᠢᠭᠡᠲᠦᠯᠲᠡᠢ ᠪᠣᠯᠪᠠᠰᠤᠷᠠᠯ᠎ᠤᠨ ᠱᠠᠭᠠᠷᠳᠠᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠬᠤ᠎ᠶᠢᠨ ᠲᠦᠯᠦᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ᠎ᠶᠢᠨ ᠨᠡᠢᠭᠡᠮᠯᠢᠭ᠎ᠡᠴᠡ ᠤᠢᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ᠎ᠶᠢᠨ ᠨᠡᠢᠭᠡᠮᠯᠢᠭ᠎ᠦᠨ ᠠᠯᠪᠠᠨ ᠭᠡᠷᠡᠴᠢᠯᠡᠭᠴᠢ᠎ᠶᠢᠨ ᠠᠵᠢᠯ᠎ᠤᠨ ᠪᠠᠢᠷᠢ᠎ᠳᠤ ᠭᠠᠷᠬᠤ ᠠ᠋ᠴᠠ ᠡᠮᠦᠨᠡᠬᠢ ᠪᠣᠯᠪᠠᠰᠤᠷᠠᠯ᠎ᠤᠨ ᠠᠵᠢᠯ᠎ᠤᠨ ᠪᠠᠢᠷᠢ᠎ᠶᠢᠨ ᠳᠠᠳᠤᠯᠭ᠎ᠠ ᠪᠠ ᠶᠡᠷᠦᠩᠬᠡᠢᠯᠡᠭᠰᠡᠨ ᠪᠣᠯᠪᠠᠰᠤᠷᠠᠯ᠎ᠤᠨ ᠳᠦᠷᠢᠮ (ᠲᠤᠷᠰᠢᠨ ᠬᠡᠷᠡᠭᠵᠢᠭᠦᠯᠬᠦ)》 ᠢ᠋ ᠬᠢᠨᠠᠨ ᠵᠥᠪᠯᠡᠵᠦ ᠪᠠᠲᠤᠯᠠᠨ᠂ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠪᠠᠢᠭᠤᠯᠭ᠎ᠠ᠎ᠲᠠᠢ ᠬᠠᠮᠲᠤ  ᠲᠣᠰ ᠵᠢᠯ᠎ᠡᠴᠡ ᠡᠬᠢᠯᠡᠨ ᠬᠡᠷᠡᠭᠵᠢᠭᠦᠯᠬᠦ  ᠪᠤᠯᠤᠨ᠎ᠠ᠃

《ᠳᠦᠷᠢᠮ》 ᠳ᠋ᠸ᠋ ᠲᠤᠬᠢᠷᠠᠭᠤᠯᠤᠬᠰᠠᠨ ᠨᠢᠭᠡ ᠵᠢᠯ᠎ᠦᠨ ᠬᠤᠭᠤᠴᠠᠭ᠎ᠠ ᠲᠠᠢ ᠠᠵᠢᠯ᠎ᠤᠨ ᠪᠠᠢᠷᠢ᠎ᠳᠤ ᠭᠠᠷᠬᠤ ᠡᠴᠡ ᠡᠮᠦᠨᠡᠬᠢ ᠪᠣᠯᠪᠠᠰᠤᠷᠠᠯ᠎ᠳᠤ ᠂ ᠳᠤᠮᠳᠠᠳᠤ ᠤᠯᠤᠰ᠎ᠤᠨ ᠠᠯᠪᠠᠨ ᠭᠡᠷᠡᠴᠢᠯᠡᠭᠡ᠎ᠶᠢᠨ ᠨᠡᠢᠭᠡᠮᠯᠢᠭ᠎ᠦᠨ ᠵᠣᠬᠢᠶᠠᠨ ᠪᠠᠢᠭᠤᠯᠤᠭᠰᠠᠨ ᠲᠥᠪᠯᠡᠷᠡᠩᠭᠦᠢ ᠪᠣᠯᠪᠠᠰᠤᠷᠠᠯ᠎ᠳᠤ ᠣᠷᠣᠯᠴᠠᠬᠤ  ᠠ᠋ᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ᠎ᠶᠢᠨ ᠨᠡᠢᠭᠡᠮᠯᠢᠭ᠎ᠡᠴᠡ ᠪᠠᠰᠠ 60 ᠬᠢᠴᠢᠶᠡᠯ᠎ᠦᠨ ᠴᠠᠭ ᠠ᠋ᠴᠠ ᠳᠤᠲᠠᠭᠤ ᠦᠭᠡᠢ ᠰᠦᠯᠵᠢᠶᠡᠨ ᠳᠡᠭᠡᠷᠡᠬᠢ ᠪᠣᠯᠪᠠᠰᠤᠷᠠᠯ᠎ᠢ ᠬᠠᠩᠭᠠᠬᠤ ᠪᠣᠯᠣᠨ᠎ᠠ᠃ ᠡᠭᠦᠨ᠎ᠡᠴᠡ ᠭᠠᠳᠠᠨ᠎ᠠ 1 ︱ 2 ᠳ᠋ᠤᠭᠠᠷ ᠰᠠᠷ᠎ᠠ᠂ 3 ︱ 6 ᠳ᠋ᠤᠭᠠᠷ ᠰᠠᠷ᠎ᠠ᠂ 7 ︱ 9  ᠳ᠋ᠤᠭᠡᠷ ᠰᠠᠷ᠎ᠠ᠎ᠳᠤ ᠲᠣᠰ ᠲᠣᠰ  ᠲᠠᠩᠰᠠ ᠡᠪᠬᠡᠮᠡᠯ᠎ᠢ ᠡᠮᠬᠢᠯᠡᠬᠦ᠂ ᠭᠡᠷᠡᠴᠢ ᠪᠠᠷᠢᠮᠲᠠ᠎ᠶᠢᠨ ᠮᠠᠲᠧᠷᠢᠶᠠᠯ᠎ᠢ ᠠᠩᠬ᠎ᠠ ᠬᠢᠨᠠᠬᠤ᠂ ᠠᠯᠪᠠᠨ ᠭᠡᠷᠡᠴᠢᠯᠡᠭᠡᠨ᠎ᠦ ᠪᠢᠴᠢᠭ᠎ᠢ ᠲᠤᠭᠤᠷᠪᠢᠨ ᠪᠢᠴᠢᠬᠦ᠂ ᠪᠤᠳᠤᠯᠢᠶᠠᠨᠲᠠᠢ ᠬᠡᠷᠡᠭ᠎ᠢ ᠰᠢᠢᠳᠪᠦᠷᠢᠯᠡᠬᠦ ᠵᠡᠷᠭᠡ ᠪᠣᠳᠠᠲᠤ ᠶᠠᠪᠤᠳᠠᠯ᠎ᠤᠨ ᠪᠣᠯᠪᠠᠰᠤᠷᠠᠯ᠎ᠳᠤ ᠣᠷᠣᠯᠴᠠᠬᠤ ᠪᠣᠯᠣᠨ᠎ᠠ᠃ ᠳᠠᠳᠤᠯᠭ᠎ᠠ ᠲᠡᠭᠦᠰᠦᠭᠰᠡᠨ᠎ᠦ ᠳᠠᠷᠠᠭ᠎ᠠ᠂ ᠪᠣᠯᠪᠠᠰᠤᠷᠠᠯ᠎ᠳᠤ ᠣᠷᠣᠯᠴᠠᠭᠰᠠᠳ ᠨᠢ ᠠᠢᠮᠠᠭ ᠬᠣᠲᠠ᠎ᠶᠢᠨ ᠠᠯᠪᠠᠨ ᠭᠡᠷᠡᠴᠢᠯᠡᠭᠡ᠎ᠶᠢᠨ ᠨᠡᠢᠭᠡᠮᠯᠢᠭ᠎ᠦᠨ ᠨᠢᠭᠡᠳᠦᠯᠲᠡᠢ ᠵᠣᠬᠢᠶᠠᠨ ᠪᠠᠢᠭᠤᠯᠤᠭᠰᠠᠨ ᠨᠢᠭᠤᠷᠲᠠᠨ ᠰᠢᠯᠭᠠᠬᠤ ᠬᠢᠨᠠᠨ ᠰᠢᠯᠭᠠᠯᠲᠠ᠎ᠶᠢ ᠬᠦᠯᠢᠶᠡᠵᠦ᠂ ᠳᠠᠳᠤᠯᠭ᠎ᠠ ᠪᠠ ᠪᠣᠯᠪᠠᠰᠤᠷᠠᠯ᠎ᠤᠨ ᠦᠷ᠎ᠡ ᠪᠦᠲᠦᠭᠡᠯ᠎ᠢ ᠰᠢᠯᠭᠠᠨ ᠪᠠᠢᠴᠠᠭᠠᠨ᠎ᠠ᠃ ᠨᠢᠭᠤᠷᠲᠠᠨ ᠰᠢᠯᠭᠠᠬᠰᠠᠨ ᠳ᠋ᠦᠩ᠎ᠢ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠪᠠᠢᠭᠤᠯᠭ᠎ᠠ᠎ᠳᠤ ᠬᠠᠩᠭᠠᠵᠤ᠂ ᠲᠤᠰᠢᠶᠠᠯ ᠡᠭᠦᠷᠭᠡᠯᠡᠬᠦ᠎ᠪᠡᠷ  ᠮᠡᠳᠡᠭᠦᠯᠬᠦ᠎ᠡᠴᠡ ᠡᠮᠦᠨᠡᠬᠢ ᠦᠨᠡᠯᠡᠯᠲᠡ ᠪᠣᠯᠭᠠᠨ᠎ᠠ᠃

《ᠳᠦᠷᠢᠮ》 ᠤ᠋ᠨ ᠱᠠᠭᠠᠷᠳᠠᠯᠭ᠎ᠠ ᠶᠣᠰᠣᠭᠠᠷ᠂ ᠬᠣᠰᠢᠭᠤ ᠰᠢᠶᠠᠨ(ᠬᠤᠳᠠ᠂ ᠲᠣᠭᠣᠷᠢᠭ᠋) ᠤ᠋ ᠠᠯᠪᠠᠨ ᠭᠡᠷᠡᠴᠢᠯᠡᠭᠡ᠎ᠶᠢᠨ ᠪᠠᠢᠭᠤᠯᠤᠮᠵᠢ᠎ᠶᠢᠨ ᠪᠣᠯᠪᠠᠰᠤᠷᠠᠯ ᠬᠥᠷᠳᠡᠭᠰᠡᠳ ᠨᠢ ᠠᠢᠮᠠᠭ ᠬᠤᠳᠠ᠎ᠶᠢᠨ ᠠᠯᠪᠠᠨ ᠭᠡᠷᠡᠴᠢᠯᠡᠭᠡ᠎ᠶᠢᠨ ᠨᠡᠢᠭᠡᠮᠯᠢᠭ ᠎ᠤᠨ ᠨᠢᠭᠡᠳᠦᠯᠲᠡᠢ ᠲᠥᠯᠦᠪᠵᠢᠭᠦᠯᠭᠡ᠎ᠶᠢᠨ ᠳᠣᠣᠷ᠎ᠠ ᠂ ᠠᠢᠮᠠᠭ ᠬᠤᠳᠠ᠎ᠶᠢᠨ ᠬᠤᠳᠠ᠎ᠶᠢᠨ ᠲᠣᠭᠣᠷᠢᠭ᠋᠎ᠤᠨ ᠠᠯᠪᠠᠨ ᠭᠡᠷᠡᠴᠢᠯᠡᠭᠡ᠎ᠶᠢᠨ ᠭᠠᠵᠠᠷ ᠬᠦᠷᠴᠦ ᠬᠣᠶᠠᠷ ᠰᠠᠷ᠎ᠠ ᠡᠴᠡ ᠳᠤᠲᠠᠭᠤ ᠦᠭᠡᠢ ᠡᠭᠡᠯᠵᠢ ᠲᠠᠭᠠᠵᠤ ᠪᠣᠯᠪᠠᠰᠤᠷᠠᠯ ᠬᠥᠷᠳᠡᠨ᠎ᠡ᠃ ᠪᠣᠯᠪᠠᠰᠤᠷᠠᠯ ᠬᠦᠷᠳᠡᠭᠴᠢ᠎ᠶᠢ ᠭᠥᠯᠢᠶᠡᠨ ᠠᠪᠬᠤ ᠠᠯᠪᠠᠨ ᠭᠡᠷᠡᠴᠢᠯᠡᠭᠡ᠎ᠶᠢᠨ ᠭᠠᠵᠠᠷ ᠨᠢ ᠲᠡᠭᠦᠨ᠎ᠳᠦ ᠳᠠᠳᠤᠯᠭ᠎ᠠ᠎ᠶᠢᠨ ᠵᠢᠯᠣᠭᠣᠳᠤᠭ᠍ᠴᠢ ᠪᠠᠭ᠍ᠰᠢ ᠲᠣᠬᠢᠷᠠᠭᠤᠯᠵᠤ᠂ ᠬᠤᠪᠢ ᠬᠥᠮᠥᠨ᠎ᠦ ᠳᠠᠳᠤᠯᠭ᠎ᠠ᠎ᠶᠢᠨ ᠲᠥᠯᠥᠪᠯᠡᠭᠡ᠎ᠶᠢ ᠲᠣᠭᠲᠠᠭᠠᠨ᠎ᠠ᠃ ᠡᠬᠡᠯᠵᠢ ᠳᠠᠭᠠᠵᠤ  ᠪᠣᠯᠪᠠᠰᠤᠷᠠᠬᠤ ᠬᠤᠭᠤᠴᠠᠭᠠᠨ᠎ᠳᠤ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ᠎ᠶᠢᠨ ᠨᠡᠢᠭᠡᠮᠯᠢᠭ᠎ᠡᠴᠡ ᠬᠣᠨᠣᠭ᠎ᠤᠨ ᠵᠠᠷᠤᠳᠠᠯ᠎ᠢ ᠡᠭᠦᠷᠭᠡᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号