ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠢᠷᠤᠭ ᠲᠥᠰᠥᠪ᠎ᠢ ᠠᠮᠢᠳᠤᠯᠢᠭ᠋᠎ᠢᠶᠠᠷ ᠳᠡᠯᠭᠡᠨ ᠦᠵᠡᠭᠦᠯᠵᠦ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠠᠭ᠍ᠰᠢ ᠰᠤᠷᠤᠭ᠍ᠴᠢᠳ᠎ᠤᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ ᠪᠣᠯᠣᠨ ᠦᠢᠯᠡᠳᠦᠯᠭᠡ᠎ᠶᠢᠨ ᠬᠠᠯᠠᠭᠤᠨ ᠰᠡᠳᠬᠢᠯᠭᠡ᠎ᠶᠢ ᠬᠥᠭᠵᠢᠭᠡᠬᠦ ᠵᠢᠨ ᠲᠦᠯᠦᠬᠡ᠂ ᠡᠨᠡ ᠵᠢᠯ᠎ᠤᠨ 7 ᠰᠠᠷ᠎ᠠ᠎ᠠᠴᠠ ᠡᠬᠢᠯᠡᠨ ᠬᠣᠶᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠰᠤᠷᠭᠠᠭᠤᠯᠢ᠎ᠶᠢᠨ 《ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠤᠷ᠎ᠠ ᠴᠢᠳᠠᠪᠤᠷᠢ᠎ᠶᠢ ᠳᠡᠯᠬᠡᠨ ᠦᠵᠡᠬᠦᠯᠵᠦ ᠳᠤᠮᠳᠠᠳᠤ᠎ᠶᠢᠨ ᠵᠡᠭᠦᠳᠦ᠎ᠶᠢ ᠬᠠᠮᠲᠤ ᠪᠠᠷ ᠲᠡᠷᠭᠡᠯᠰᠢᠭᠦᠯᠬᠦ》 ᠣᠬᠣᠷ ᠸᠢᠳᠢᠤ᠋᠎ᠶᠢᠨ ᠤᠷᠤᠯᠳᠤᠭᠠᠨ ᠪᠦᠬᠦ ᠣᠷᠣᠨ᠎ᠤ ᠬᠡᠪᠴᠢᠶᠡᠨ᠎ᠳᠦ ᠡᠮᠬᠢ ᠵᠢᠷᠤᠮ᠎ᠲᠠᠢ ᠶᠠᠪᠤᠭᠳᠠᠵᠤ ᠲᠦᠷᠦᠬᠦᠬᠡᠨ ᠲᠡᠭᠦᠰ ᠠᠮᠵᠢᠯᠲᠠ᠎ᠲᠠᠢ ᠳᠡᠬᠦᠰᠪᠡ᠃
ᠲᠤᠰ ᠬᠤᠭᠤᠴᠠᠭᠠᠨ᠎ᠤ ᠤᠷᠤᠯᠳᠤᠭᠠᠨ ᠢ᠋ 《ᠦᠨᠳᠦᠰᠦᠲᠡᠨ᠎ᠦ ᠪᠦᠯᠬᠦᠮᠳᠡᠯ》 ᠤ᠋ᠨ ᠳᠣᠲᠣᠭᠠᠳᠤ ᠴᠥᠮ᠎ᠡ ᠪᠣᠯᠣᠨ 《ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠤᠷ᠎ᠠ ᠴᠢᠳᠠᠪᠤᠷᠢ》 ᠵᠢᠨ ᠭᠣᠣᠯᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ 《ᠰᠤᠷᠭᠠᠭᠤᠯᠢ᠎ᠶᠢᠨ ᠲᠡᠰ + ᠠᠢᠮᠠᠭ ᠬᠤᠳᠠ + ᠥᠪᠡᠷᠲᠡᠭᠡᠨ ᠵᠠᠰᠠᠬᠤ ᠣᠷᠣᠨ》 ᠭᠡᠬᠦ ᠭᠤᠷᠪᠠᠨ ᠳᠡᠰ᠎ᠤᠨ ᠤᠷᠤᠯᠳᠤᠭᠠᠨ᠎ᠤ ᠲᠣᠭᠲᠠᠴᠠ᠎ᠶᠢ ᠬᠡᠷᠡᠭᠯᠡᠵᠦ᠂ ᠤᠯᠠᠨ ᠡᠭᠡᠯᠵᠢ᠎ᠶᠢᠨ ᠰᠢᠯᠭᠠᠷᠠᠭᠤᠯᠤᠯᠲᠠ᠎ᠪᠠᠷ ᠳᠠᠮᠵᠢᠨ132 ᠰᠢᠯᠢᠳᠡᠭ ᠪᠦᠲᠦᠭᠡᠯ᠎ᠢ ᠤᠷᠤᠨ᠎ᠤ ᠳᠡᠰ᠎ᠤᠨ ᠤᠷᠤᠯᠳᠤᠭᠠᠨ᠎ᠳᠤ ᠳᠡᠪᠰᠢᠬᠦᠯᠵᠦ᠂ ᠬᠠᠮᠤᠭ᠎ᠦᠨ ᠡᠴᠦᠰ᠎ᠲᠦ ᠨᠢᠭᠡᠳᠦᠭᠡᠷ ᠳᠡᠰ᠎ᠤᠨ ᠱᠠᠩᠨᠠᠯ 6᠂ ᠬᠣᠶᠠᠳᠤᠭᠠᠷ ᠳᠡᠰ᠎ᠤᠨ ᠱᠠᠩᠨᠠᠯ 12᠂ ᠭᠤᠷᠪᠠᠳᠤᠭᠠᠷ ᠳᠡᠰ᠎ᠤᠨ ᠱᠠᠩᠨᠠᠯ 18 ᠵᠢ ᠰᠢᠯᠭᠠᠷᠠᠭᠤᠯᠵᠤ᠂ ᠤᠷᠤᠯᠳᠤᠭᠠᠨ᠎ᠤ ᠶᠠᠪᠤᠴᠠ ᠳ᠋ᠤ ᠲᠣᠪᠣᠢᠮ᠎ᠠ ᠢᠯᠡᠷᠡᠯ᠎ᠲᠠᠢ 6 ᠪᠠᠭ᠍ᠰᠢ᠎ᠶᠢ 《ᠰᠢᠯᠢᠳᠡᠭ ᠵᠢᠯᠣᠭᠣᠳᠤᠭ᠍ᠴᠢ ᠪᠠᠭ᠍ᠰᠢ》 ᠪᠡᠷ ᠰᠢᠯᠭᠠᠷᠠᠭᠤᠯᠪᠠ᠃
ᠲᠣᠰ ᠤᠳᠠᠭᠠᠨ᠎ᠤ ᠤᠷᠤᠯᠳᠤᠭᠠᠨ᠎ᠳᠤ ᠣᠷᠣᠯᠴᠠᠭᠰᠠᠨ ᠣᠬᠣᠷ ᠸᠢᠳᠢᠤ᠋ ᠨᠢ 《ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠤᠷ᠎ᠠ ᠴᠢᠳᠠᠪᠤᠷᠢ᠎ᠶᠢᠨ ᠴᠣᠭ ᠵᠢᠪᠬᠤᠭ᠎ᠠ᠎ᠶᠢ ᠢᠯᠡᠷᠡᠭᠦᠯᠬᠦ》᠎ᠪᠡᠷ ᠵᠣᠬᠢᠶᠠᠨ ᠪᠦᠲᠦᠭᠡᠬᠦ ᠭᠣᠣᠯ ᠰᠢᠵᠢᠮ ᠪᠣᠯᠭᠠᠵᠤ᠂《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ》 ᠵᠢ ᠵᠣᠬᠢᠶᠠᠨ ᠪᠦᠲᠦᠭᠡᠬᠦ ᠶᠠᠪᠤᠴᠠ᠎ᠳᠤ ᠭᠦᠨᠵᠡᠭᠡᠢ ᠠᠭᠤᠰᠬᠠᠭᠰᠠᠨ ᠪᠠᠢᠨ᠎ᠠ᠃ ᠠᠵᠢᠯ ᠮᠡᠷᠭᠡᠵᠢᠯ᠎ᠦᠨ ᠰᠤᠷᠤᠭᠴᠢᠳ ᠴᠠᠭ᠎ᠢ ᠤᠷᠳᠤᠳᠬᠠᠨ ᠬᠡᠷᠡᠯ ᠵᠢᠷᠤᠭ ᠠᠪᠬᠤ᠂ ᠺᠠᠷᠲ᠋ᠣᠨ ᠵᠢᠷᠤᠭ᠎ᠤᠨ ᠲᠠᠢᠯᠪᠤᠷᠢ ᠬᠠᠳᠠᠬᠤ᠂ ᠦᠨᠡᠨ ᠪᠣᠳᠠᠲᠤ ᠲᠡᠮᠳᠡᠭᠯᠡᠯ ᠵᠡᠷᠭᠡ ᠣᠯᠠᠨ ᠵᠦᠢᠯ᠎ᠤᠨ ᠰᠡᠭᠦᠳᠡᠷᠯᠡᠬᠦ ᠠᠷᠭ᠎ᠠ ᠪᠠᠷᠢᠯ᠎ᠢᠶᠠᠷ ᠬᠤᠪᠢ ᠬᠥᠮᠥᠨ᠎ᠦ ᠲᠤᠰᠬᠠᠢ ᠮᠡᠷᠭᠡᠵᠢᠯ᠎ᠦᠨ ᠳᠠᠳᠤᠯᠭ᠎ᠠ ᠪᠣᠯᠪᠠᠰᠤᠷᠠᠯ᠂ ᠦᠰᠦᠨ ᠪᠣᠶ᠋ᠢᠵᠢᠯᠲᠠ᠎ᠶᠢᠨ ᠬᠣᠷᠣᠮᠵᠢᠡᠨ ᠠᠮᠢᠳᠤᠯᠢᠭ᠋᠎ᠢᠶᠠᠷ ᠲᠡᠮᠳᠡᠭᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠬᠢᠴᠢᠶᠡᠯ᠎ᠦᠨ ᠰᠢᠨᠡᠴᠢᠯᠡᠯᠲᠡ᠂ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠎ᠤ᠋ ᠪᠦᠲᠦᠭᠡᠨ ᠪᠠᠢᠭᠤᠯᠤᠯᠲᠠ᠂ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠲᠠᠯ᠎ᠠ᠎ᠪᠠᠷ ᠬᠢ ᠰᠢᠨ᠎ᠡ ᠰᠢᠪᠲᠤᠯᠤᠯᠲᠠ᠎ᠶᠢ ᠢᠯᠡᠷᠡᠭᠦᠯᠪᠡ; ᠪᠠᠰᠠ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠭᠠᠨ᠎ᠤ ᠠᠬᠤᠢ ᠪᠠᠢᠳᠠᠯ᠂ ᠪᠠᠭ᠍ᠰᠢ ᠰᠤᠷᠤᠭ᠍ᠴᠢᠳ ᠬᠠᠷᠢᠯᠴᠠᠨ ᠬᠠᠪᠰᠤᠷᠤᠯᠴᠠᠭᠰᠠᠨ ᠥᠯᠢᠭᠡᠷ᠂ ᠬᠠᠮᠲᠤ ᠰᠤᠷᠤᠭ᠍ᠴᠢᠳ᠎ᠤᠨ ᠬᠠᠮᠵᠢᠯᠴᠠᠨ ᠠᠵᠢᠯᠯᠠᠭᠰᠠᠨ ᠬᠡᠷᠡᠭ᠎ᠦᠨ ᠵᠢᠱ᠌ᠢᠶ᠎ᠡ᠎ᠪᠡᠷ ᠭᠠᠷᠲᠠᠴᠠ ᠪᠣᠯᠭᠠᠵᠤ᠂ 《ᠨᠢᠬᠡ ᠵᠦᠢᠯ᠎ᠤᠨ ᠮᠡᠷᠬᠡᠵᠢᠯ ᠢ ᠡᠵᠡᠮᠰᠢᠵᠦ ᠬᠦᠰᠡᠯ ᠵᠡᠭᠦᠳᠦ᠎ᠪᠡᠨ ᠲᠡᠷᠭᠡᠯᠰᠢᠭᠦᠯᠵᠦ ᠪᠦᠯᠬᠦᠮᠳᠡᠯ᠎ᠦᠨ ᠬᠦᠴᠦᠨ᠎ᠢ ᠨᠢᠭ᠍ᠲᠠᠷᠠᠭᠤᠯᠬᠤ》 ᠠᠵᠢᠯ ᠮᠡᠷᠭᠡᠵᠢᠯ᠎ᠦᠨ ᠵᠢᠭᠠᠨ ᠰᠤᠷᠭᠠᠯᠲᠠ᠎ᠶᠢᠨ ᠬᠠᠷᠢᠭᠤᠴᠠᠯᠭ᠎ᠠ᠎ᠶᠢ ᠦᠨᠡᠨ ᠬᠦ᠌ ᠢᠯᠡᠷᠡᠬᠦᠯᠦᠭᠰᠡᠨ ᠪᠠᠢᠨ᠎ᠠ᠃
ᠤᠷᠤᠯᠳᠤᠭᠠᠨ ᠨᠢ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠠᠭ᠍ᠰᠢ ᠰᠤᠷᠤᠭ᠍ᠴᠢᠳ᠎ᠲᠤ ᠮᠡᠷᠭᠡᠵᠢᠯ ᠴᠢᠳᠠᠪᠤᠷᠢ᠎ᠪᠠᠨ ᠳᠡᠯᠭᠡᠨ ᠦᠵᠡᠭᠦᠯᠬᠦ᠂ ᠲᠤᠷᠰᠢᠯᠭ᠎ᠠ᠎ᠪᠠᠨ ᠰᠣᠯᠢᠯᠴᠠᠬᠤ ᠲᠠᠪᠴᠠᠩ ᠬᠠᠩᠭᠠᠭᠰᠠᠨ ᠵᠢᠡᠷ ᠪᠠᠷᠠᠬᠤ ᠦᠭᠡᠢ ᠨᠠᠩ ᠴᠤ᠌ ᠲᠣᠭᠠᠴᠢᠯᠠᠭᠰᠠᠨ ᠵᠠᠭᠤᠴᠢᠯᠠᠭᠤᠷ᠎ᠢᠶᠠᠷ ᠬᠣᠯᠪᠣᠭᠠᠰᠤ ᠪᠣᠯᠭᠠᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠠᠭᠤᠯᠤᠭᠳᠠᠬᠤᠨ᠎ᠢ ᠭᠦᠨᠵᠡᠭᠡᠢᠷᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭᠵᠢᠯᠲᠡ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠢᠨ᠎ᠠ᠃