ᠦᠪᠤᠷ ᠮᠤᠨᠭᠭᠤᠯ 2025 ᠣᠨ᠎ᠳᠤ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠲᠤᠰᠭᠠᠢ ᠪᠡᠯᠡ ᠮᠥᠩᠭᠥ᠎ᠶ᠋ᠢ 8.24 ᠳ᠋ᠦᠩᠱᠢᠭᠤᠷ ᠲᠥᠭᠥᠷᠢᠭ ᠨᠢᠭᠡᠳᠦᠯᠲᠡᠢ ᠲᠦᠯᠦᠪᠵᠢᠬᠦᠯᠦᠨ ᠪᠠᠭᠤᠯᠭᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠌ᠠᠵᠢᠯ ᠢ᠋ ᠳᠡᠮᠵᠢᠪᠡ᠃
ᠳᠡᠭᠡᠷ᠎ᠡ ᠳᠤᠷᠠᠳᠤᠭ᠍ᠰᠠᠨ ᠲᠤᠰᠭᠠᠶ ᠪᠡᠯᠡ ᠮᠥᠩᠭᠥ᠎ᠳᠦ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠪᠡᠯᠡ ᠮᠥᠩᠭᠥ᠌ 25081 ᠲᠦᠮᠡᠨ ᠲᠥᠭᠥᠷᠢᠭ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶ᠋ᠢᠨ ᠪᠡᠯᠡ ᠮᠥᠩᠭᠥ᠌ 5390 ᠲᠦᠮᠡᠨ ᠲᠥᠭᠥᠷᠢᠭ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢᠨ ᠪᠡᠯᠡ ᠮᠥᠩᠭᠥ᠌ 15000 ᠲᠦᠮᠡᠨ ᠲᠥᠭᠥᠷᠢᠭ ᠵᠢᠴᠢ ᠰᠣᠶᠣᠯ᠎ᠤᠨ ᠬᠥᠭ᠌ᠵᠢᠯᠲᠡ᠂ ᠤᠷᠠᠯᠢᠭ᠎ᠤᠨ ᠬᠥᠭ᠌ᠵᠢᠯᠲᠡ᠂ ᠤᠯᠠᠭᠠᠨᠮᠥ᠋ᠴᠢᠷ᠎ᠦᠨ ᠬᠥᠭ᠌ᠵᠢᠯᠲᠡ᠂ ᠰᠣᠶᠣᠯ ᠪᠠ ᠵᠢᠭᠤᠯᠴᠢᠯᠠᠯ᠎ᠤᠨ ᠬᠥᠭ᠌ᠵᠢᠯᠲᠡ ᠢ᠋ᠢᠨ ᠤᠬᠠᠭᠤᠯᠭ᠎ᠠ ᠢ᠋ᠢ ᠲᠡᠮᠵᠢᠬᠦ ᠵᠡᠷᠭᠡ ᠣᠯᠠᠨ ᠲᠠᠯ᠎ᠠ᠎ᠶ᠋ᠢᠨ ᠪᠡᠯᠡ ᠮᠥᠩᠭᠥ᠎ᠶ᠋ᠢᠨ ᠣᠷᠣᠭᠤᠯᠤᠯᠲᠠ᠎ᠶ᠋ᠢ ᠪᠠᠭᠳᠠᠭᠠᠪᠠ᠃ ᠡᠭᠦᠨ ᠳ᠋ᠤ᠌ ᠲᠥᠪ᠎ᠦᠨ ᠱᠢᠯᠵᠢᠭᠦᠯᠦᠨ ᠦᠭᠬᠦᠭᠰᠡᠨ ᠪᠡᠯᠡ ᠮᠥᠩᠭᠥ᠌ 2.06 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠳᠤᠨᠤᠨ᠎ᠤ ᠬᠢ᠎ᠡᠴᠡ 0.09 ᠳ᠋ᠦᠩᠱᠢᠭᠤᠷ ᠲᠥᠭᠥᠷᠢᠭ ᠨᠡᠮᠡᠭ᠌ᠳᠡᠵᠡᠢ᠃
ᠣᠢᠯᠠᠭᠠᠭ᠍ᠰᠠᠨ᠎ᠢᠶᠠᠷ᠂ ᠲᠤᠰᠭᠠᠶ ᠪᠠᠯᠠ ᠮᠥᠩᠭᠥᠢ᠋ᠢᠨ ᠬᠡᠷᠡᠭᠯᠡᠯᠳᠡ ᠢ᠋ᠢᠨ ᠲᠠᠯ᠎ᠠ᠎ᠪᠠᠷ᠂ ᠦᠪᠤᠷ ᠮᠤᠨᠭᠭᠤᠯ ᠤ᠋ᠨ ᠡᠳ᠋᠎ᠦᠨ ᠵᠠᠰᠠᠭ᠎ᠤᠨ ᠬᠢᠨ 《ᠡᠳ᠋᠎ᠦᠨ ᠬᠦᠴᠦᠨ᠎ᠢᠶᠡᠨ ᠲᠥᠪᠯᠡᠷᠡᠭᠦᠯᠦᠨ ᠶᠡᠬᠡ ᠶᠠᠪᠤᠳᠠᠯ ᠪᠦᠲᠦᠭᠡᠬᠦ᠌》 ᠵᠠᠷᠴᠢᠮ᠎ᠢ ᠪᠠᠷᠢᠮᠲᠠᠯᠠᠨ ᠪᠠᠯᠠ ᠮᠥᠩᠭᠥ᠎ᠶ᠋ᠢ ᠬᠤᠪᠢᠶᠠᠷᠢᠯᠠᠬᠤ ᠲᠣᠭ᠍ᠲᠠᠴᠠ᠎ᠪᠠᠨ ᠱᠢᠯᠢᠳᠡᠭ᠌ᠵᠢᠭᠦᠯᠵᠦ᠍᠂ ᠤᠮᠠᠷᠠᠲᠤ ᠬᠢᠯᠢ᠎ᠶ᠋ᠢᠨ ᠰᠣᠶᠣᠯ᠎ᠢ᠋ ᠰᠤᠳᠤᠯᠤᠨ ᠲᠠᠢᠯᠪᠤᠷᠢᠯᠠᠬᠤ ᠢ᠋ᠢ ᠳᠡᠮᠵᠢᠬᠦ᠌᠎ᠶ᠋ᠢᠨ ᠬᠠᠮᠲᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠪᠠᠯᠠ ᠮᠥᠩᠭᠥ ᠶ᠋ᠢᠨ ᠣᠷᠣᠭᠤᠯᠤᠯᠲᠠ᠎ᠶ᠋ᠢᠨ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠰᠤᠳᠤᠯᠭᠠᠨ᠎ᠤ ᠭᠤᠤᠯ ᠴᠣᠭ᠍ᠴᠠ᠎ᠶ᠋ᠢ ᠬᠥᠲᠥᠯᠥᠨ ᠵᠢᠯᠣᠭᠣᠳᠴᠤ᠌ ᠪᠠᠢᠭᠠᠳ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠪᠠᠲᠤ ᠴᠣᠭ᠍ᠴᠠᠯᠠᠬᠤ》 ᠰᠤᠳᠤᠯᠭᠠᠨ᠎ᠢ ᠳᠣᠪᠣᠢᠯᠭᠠᠨᠠ; ᠲᠦᠷᠦᠯ ᠲᠡᠮᠳᠡᠭ᠎ᠢ ᠱᠤᠭᠤᠬᠤ᠎ᠶ᠋ᠢ ᠪᠠᠷᠢᠮᠲᠠᠯᠠᠵᠤ᠂ ᠬᠦᠴᠦᠯᠡᠬᠦ᠌ ᠴᠡᠭ᠎ᠢᠶᠡᠨ ᠤᠮᠠᠷᠠᠲᠤ ᠬᠢᠯᠢ᠎ᠶ᠋ᠢᠨ ᠰᠣᠶᠣᠯ᠎ᠤᠨ ᠵᠣᠬᠢᠶᠠᠨ ᠪᠦᠲᠦᠭᠡᠬᠦ᠌ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ ᠪᠠᠷ ᠬᠦᠴᠤ ᠲᠠᠯᠪᠢᠵᠤ᠂ ᠪᠥᠬᠥ᠌ ᠣᠷᠣᠨ᠎ᠤ ᠡᠯ᠎ᠡ ᠤᠬᠠᠭᠤᠯᠭ᠎ᠠ ᠰᠣᠶᠣᠯ᠎ᠤᠨ ᠨᠢᠭᠡᠴᠢ᠎ᠶ᠋ᠢᠨ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢᠴᠢ ᠳᠠᠭᠤᠤ ᠬᠥᠭ᠌ᠵᠢᠮ᠎ᠦᠨ ᠱᠢᠨ᠎ᠡ᠎ᠶ᠋ᠢ ᠡᠭᠦᠳᠦᠨ ᠬᠥᠭ᠌ᠵᠢᠬᠦ᠌ ᠵᠡᠷᠭᠡ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ᠎ᠶ᠋ᠢ ᠳᠡᠮᠵᠢᠨ᠎ᠡ; 《ᠤᠮᠠᠷᠠᠲᠤ ᠬᠢᠯᠢ᠎ᠶ᠋ᠢ ᠤᠢᠯᠠᠭᠠᠬᠤᠢ — ᠥᠪᠥᠷ ᠮᠣᠩᠭᠣᠯ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡᠢ᠋ᠢᠨ ᠠᠨᠢᠰᠤ》 ᠱᠢᠷᠢᠰ ᠠᠵᠢᠯᠯᠠᠭ᠎ᠠ ᠵᠡᠷᠭᠡ ᠲᠥᠷᠥᠯ ᠵᠦᠶ᠋ᠯ᠂ 《ᠤᠮᠠᠷᠠᠲᠤ ᠬᠢᠯᠢ᠎ᠶ᠋ᠢᠨ ᠰᠣᠶᠣᠯ᠎ᠤᠨ ᠬᠤᠪᠢᠯᠭᠠᠨ ᠣᠷᠣᠨᠳ᠋ᠡᠬᠢ ᠠᠶᠠᠯᠠᠯ》 ᠵᠡᠷᠭᠡ ᠠᠵᠢᠯᠯᠠᠭ᠎ᠠ᠎ᠶ᠋ᠢ ᠳᠡᠮᠵᠢᠬᠦ᠌᠎ᠪᠡᠷ ᠲᠠᠮᠵᠢᠨ ᠤᠮᠠᠷᠠᠲᠤ ᠬᠢᠯᠢ᠎ᠶ᠋ᠢᠨ ᠰᠣᠶᠣᠯ᠎ᠢ ᠤᠯᠠᠮᠵᠢᠯᠠᠨ ᠳᠠᠮᠵᠢᠭᠤᠯᠬᠤ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ; ᠡᠵᠡᠩᠨᠡᠯᠲᠡ᠎ᠶ᠋ᠢᠨ ᠬᠡᠯᠪᠡᠷᠢ᠎ᠪᠡᠨ ᠥᠷᠭᠡᠳᠭᠡᠬᠦ᠌᠎ᠶ᠋ᠢ ᠪᠠᠷᠢᠮᠲᠠᠯᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭᠤᠨᠬᠢᠨᠦ ᠬᠣᠯᠪᠣᠭ᠎ᠠ᠎ᠶ᠋ᠢᠨ ᠤᠮᠠᠷᠠᠲᠤ ᠬᠢᠯᠢ᠎ᠶ᠋ᠢᠨ ᠰᠣᠶᠣᠯ᠎ᠤᠨ ᠠᠵᠢᠯᠯᠠᠭᠠᠨ᠎ᠤ ᠤᠯᠠᠷᠢᠯ》 ᠵᠡᠷᠭᠡ ᠲᠥᠷᠥᠯ ᠵᠦᠶ᠋ᠯ᠎ᠢ ᠳᠡᠮᠵᠢᠬᠦ᠌᠎ᠪᠡᠷ ᠲᠠᠮᠵᠢᠨ ᠬᠠᠮᠢᠶ᠎ᠠ ᠪᠥᠬᠥᠶ ᠰᠤᠷᠲᠠᠯ ᠤᠬᠠᠭᠤᠯᠭ᠎ᠠ ᠰᠣᠶᠣᠯ᠎ᠤᠨ ᠰᠠᠯᠠᠭ᠎ᠠ ᠮᠥᠴᠢᠷ᠎ᠢ ᠬᠥᠲᠥᠯᠥᠨ ᠵᠢᠯᠣᠭᠣᠳᠴᠤ᠌᠂ 《ᠰᠣᠶᠣᠯ + ᠠᠵᠤ ᠦᠶ᠋ᠯᠡᠰ》᠎ᠢ᠋ ᠠᠭᠤᠰᠤᠯᠴᠠᠭᠤᠯᠤᠨ ᠬᠥᠭ᠌ᠵᠢᠭᠦᠯᠬᠦ᠌ ᠤᠢᠯᠠᠭᠠᠭᠳᠠᠬᠤᠨ᠎ᠢ ᠪᠣᠶ ᠪᠣᠯᠭᠠᠨ᠎ᠠ; 《ᠤᠮᠠᠷᠠᠲᠤ ᠬᠢᠯᠢ᠎ᠶ᠋ᠢᠨ ᠰᠣᠶᠣᠯᠢ᠋ᠢᠡᠷ ᠰᠣᠶᠣᠯ ᠵᠢᠭᠤᠯᠴᠢᠯᠠᠯ᠎ᠤᠨ ᠪᠦᠲᠦᠭᠡᠭ᠌ᠳᠡᠬᠦᠨ ᠳ᠋ᠤ᠌ ᠬᠦᠴᠦᠨ ᠨᠡᠮᠡᠷᠢᠯᠡᠬᠦ》 ᠲᠥᠯᠥᠪᠯᠡᠭᠡ᠎ᠶ᠋ᠢ ᠳᠠᠮᠵᠢᠨ ᠬᠡᠷᠡᠭ᠌ᠵᠢᠭᠦᠯᠬᠦ ᠪᠡᠷ ᠲᠠᠮᠵᠢᠭᠤᠯᠤᠨ ᠰᠣᠶᠣᠯ᠂ ᠵᠢᠭᠤᠯᠴᠢᠯᠠᠯ᠂ ᠪᠡᠶ᠎ᠡ᠎ᠶ᠋ᠢᠨ ᠲᠠᠮᠢᠷ᠂ ᠬᠤᠳᠠᠯᠳᠤᠭ᠎ᠠ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ;ᠠᠷᠠᠳ᠎ᠲᠤ ᠠᠱᠢᠭ ᠬᠦᠷᠲᠡᠭᠡᠬᠦ᠌ ᠰᠤᠶᠤᠯ ᠤ᠋ᠨ ᠠᠵᠢᠯᠯᠠᠭ᠎ᠠ᠎ᠶ᠋ᠢ ᠳᠡᠮᠵᠢᠬᠦ᠌᠎ᠶ᠋ᠢᠨ ᠬᠠᠮᠲᠤ ᠱᠢᠨ᠎ᠡ᠎ᠶ᠋ᠢ ᠡᠭᠦᠳᠬᠦ᠌᠎ᠪᠡᠷ ᠲᠠᠮᠵᠢᠨ ᠤᠮᠠᠷᠠᠲᠤ ᠬᠢᠯᠢ᠎ᠶ᠋ᠢᠨ ᠰᠣᠶᠣᠯ᠎ᠢ ᠤᠯᠠᠭᠠᠨᠮᠥ᠋ᠴᠢᠷ᠎ᠦᠨ ᠭᠤᠤᠯ ᠰᠡᠳᠦᠪᠲᠦ ᠵᠣᠬᠢᠶᠠᠨ ᠪᠦᠲᠦᠭᠡᠯᠭᠡ ᠪᠠ ᠤᠷᠠᠯᠢᠭ᠎ᠤᠨ ᠬᠠᠪᠰᠤᠷᠤᠨ ᠵᠢᠯᠣᠭᠣᠳᠣᠯᠭ᠎ᠠ ᠵᠡᠷᠭᠡ ᠭᠣᠭ᠍ᠴᠣᠭ᠎ᠠ᠎ᠳᠤ ᠠᠭᠤᠰᠤᠯᠴᠠᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠢ ᠦᠨᠳᠦᠰᠦᠨ ᠱᠠᠲᠤᠨ᠎ᠳᠤ ᠬᠦᠷᠬᠡᠬᠦ᠎ᠶ᠋ᠢ ᠠᠬᠢᠭᠤᠯᠵᠤ᠂ ᠠᠷᠠᠳ ᠲᠦᠮᠡᠨ᠎ᠦ ᠣᠶᠤᠨᠰᠠᠨᠠᠭᠠᠨ ᠤ᠋ ᠰᠣᠶᠣᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠲᠠᠰᠤᠷᠠᠯᠲᠠ ᠥᠬᠡᠶ ᠬᠠᠩᠭᠠᠬᠤ ᠪᠤᠯᠤᠨ᠎ᠠ᠃
《 ᠬᠤᠢᠰᠢᠳᠠ ᠪᠢᠳᠡ ᠡᠳ᠋᠎ᠦᠨ ᠵᠠᠰᠠᠭ᠎ᠤᠨ ᠡᠬᠢ ᠪᠠᠶᠠᠯᠢᠭ᠎ᠢ ᠴᠢᠨᠠᠭ᠍ᠰᠢᠳᠠ ᠨᠢᠭᠡᠳᠦᠯᠲᠡᠶ ᠲᠥᠯᠥᠪᠵᠢᠭᠦᠯᠬᠦ᠌᠎ᠶ᠋ᠢᠨ ᠬᠠᠮᠲᠤ ᠣᠯᠠᠨ ᠲᠠᠯ᠎ᠠ᠎ᠶ᠋ᠢᠨ ᠪᠠᠯᠠ ᠣᠷᠣᠭᠤᠯᠤᠯᠲᠠ᠎ᠶ᠋ᠢ ᠬᠥᠲᠥᠯᠥᠨ ᠵᠢᠯᠣᠭᠣᠳᠭᠤ᠎ᠪᠠᠷ ᠳᠠᠮᠵᠢᠭᠤᠯᠤᠨ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠪᠦᠲᠦᠮᠵᠢᠲᠡᠶ ᠥᠷᠨᠢᠭᠦᠯᠬᠦ᠌᠎ᠶ᠋ᠢ ᠦᠷᠭᠦᠯᠵᠢᠯᠡᠨ ᠠᠬᠢᠭᠤᠯᠤᠨ᠎ᠠ 》 ᠬᠡᠵᠤ ᠥᠪᠥᠷ ᠮᠣᠩᠭᠣᠯ᠎ᠤᠨ ᠦᠪᠡᠷᠳᠡᠬᠡᠨ ᠵᠠᠰᠠᠬᠤ ᠤᠷᠤᠨ ᠤ᠋ ᠡᠳ᠋᠎ᠦᠨ ᠵᠠᠰᠠᠭ᠎ᠤᠨ ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠵᠤ ᠭᠠᠷᠤᠯ᠎ᠠ᠃