ᠤᠢᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠭ᠎ᠠ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠶ᠎ᠠ》 — 《ᠰᠢ ᠵᠢᠨ ᠫᠢᠩ ᠲᠥᠷᠥ᠎ᠶ᠋ᠢ ᠵᠠᠰᠠᠬᠤ ᠲᠤᠬᠠᠶ》 ᠭᠡᠬᠦ᠌ ᠨᠤᠮ᠎ᠤᠨ ᠲᠠᠪᠤᠳᠤᠭᠠᠷ ᠪᠤᠳᠢ᠎ᠶᠢ ᠰᠤᠷᠤᠯᠴᠠᠬᠤ ᠲᠤᠰᠭᠠᠶ ᠰᠡᠳᠦᠪᠲᠦ ᠲᠠᠢᠯᠤᠮᠵᠢ ᠡᠷᠭᠢᠯᠡᠪᠡ᠃
ᠲᠠᠢᠯᠤᠮᠵᠢ᠎ᠳᠤ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠱᠦᠵᠢ᠂ ᠫᠷᠤᠹᠧᠰᠰᠤᠷ ᠮᠠ ᠵᠢᠶᠦ᠋ᠨ ᠨᠥᠬᠥᠷ᠎ᠢ ᠤᠷᠢᠵᠦ ᠲᠤᠰᠭᠠᠶ ᠰᠡᠳᠦᠪᠲᠦ ᠵᠢᠯᠤᠭᠤᠳᠤᠮᠵᠢ ᠬᠢᠯᠭᠡᠪᠠ᠃ ᠮᠠ ᠵᠢᠶᠦ᠋ᠨ ᠴᠠᠭ ᠦᠶ᠎ᠡ᠎ᠶ᠋ᠢᠨ ᠠᠬᠤᠶ ᠪᠠᠢᠳᠠᠯ᠂ ᠭᠤᠤᠯ ᠠᠭᠤᠯᠭ᠎ᠠ᠂ ᠦᠶ᠋ᠯᠡᠳᠦᠯᠭᠡ᠎ᠶ᠋ᠢᠨ ᠵᠢᠯᠣᠭᠣᠳᠤᠮᠵᠢ ᠵᠡᠷᠭᠡ ᠭᠤᠷᠪᠠᠨ ᠲᠠᠯ᠎ᠠ ᠡᠴᠡ 《ᠰᠢ ᠵᠢᠨ ᠫᠢᠩ ᠲᠥᠷᠥ᠎ᠶᠢ ᠵᠠᠰᠠᠬᠤ ᠲᠤᠬᠠᠶ》 ᠭᠡᠬᠦ᠌ ᠨᠣᠮ᠎ᠤᠨ ᠲᠠᠪᠤᠳᠤᠭᠠᠷ ᠪᠣᠲᠢ᠎ᠶ᠋ᠢ ᠬᠡᠪᠯᠡᠨ ᠲᠠᠷᠬᠠᠭᠠᠭ᠍ᠰᠠᠨ ᠴᠢᠬᠤᠯᠠ ᠶᠡᠬᠡ ᠠᠴᠢ ᠬᠣᠯᠪᠣᠭ᠍ᠳᠠᠯ᠎ᠢ ᠲᠣᠳᠣᠷᠬᠠᠢᠯᠠᠵᠤ᠂ ᠪᠥᠬᠥ᠌ ᠨᠣᠮ᠎ᠤᠨ ᠡᠯ᠎ᠡ ᠲᠤᠰᠭᠠᠶ ᠰᠡᠳᠦᠪ᠎ᠤᠨ ᠯᠣᠭᠢᠭ᠎ᠤᠨ ᠪᠦᠲᠦᠴᠡ ᠪᠣᠯᠤᠨ ᠦᠨᠳᠦᠰᠦᠨ ᠠᠭᠤᠯᠭ᠎ᠠ᠎ᠶ᠋ᠢ ᠬᠤᠷᠢᠶᠠᠩᠭᠤᠢᠯᠠᠵᠤ᠂ ᠪᠠᠢᠭᠤᠯᠭ᠎ᠠ᠎ᠶ᠋ᠢᠨ ᠪᠥᠬᠥ᠌ ᠨᠠᠮ᠎ᠤᠨ ᠭᠡᠱᠢᠭᠦᠨ ᠺᠠᠳ᠋ᠷᠴᠤᠳ᠎ᠤᠨ ᠨᠠᠮ᠎ᠤᠨ ᠱᠢᠨ᠎ᠡ᠎ᠶ᠋ᠢ ᠡᠭᠦᠳᠦᠭᠰᠡᠨ ᠣᠨᠣᠯ᠎ᠢ ᠴᠠᠭ ᠲᠤᠬᠠᠶ᠎ᠳᠤᠨᠢ᠎ᠲᠠᠭᠠᠨ ᠰᠤᠷᠤᠯᠴᠠᠬᠤ᠂ 《ᠬᠣᠶᠠᠷ᠎ᠢ ᠲᠣᠭ᠍ᠲᠠᠭᠠᠬᠰᠠᠨ》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠨᠠᠩ ᠭᠦᠨᠵᠡᠭᠡᠶ ᠣᠢᠯᠠᠭᠠᠬᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠦ᠂ 《ᠳᠥᠷᠪᠡᠨ ᠢᠲᠡᠭᠡᠯ》 ᠵᠢᠡᠨ ᠪᠠᠲᠤᠳᠬᠠᠨ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠎ᠳᠦ ᠬᠠᠪᠰᠤᠷᠤᠨ ᠵᠢᠯᠤᠭᠤᠳᠪᠠ᠃
ᠣᠯᠠᠨ᠎ᠢᠶᠠᠷ᠎ᠢᠶᠠᠨ᠂ 《ᠰᠢ ᠵᠢᠨ ᠫᠢᠩ ᠲᠦᠷᠦ᠎ᠶᠢ ᠵᠠᠰᠠᠬᠤ ᠲᠤᠬᠠᠶ》 ᠭᠡᠬᠦ᠌ ᠨᠣᠮ᠎ᠤᠨ ᠲᠠᠪᠤᠳᠤᠭᠠᠷ ᠪᠣᠲᠢ᠎ᠶ᠋ᠢ ᠡᠮᠦᠨ᠎ᠡ ᠳᠥᠷᠪᠡᠨ ᠪᠣᠲᠢ ᠲᠠᠶ ᠨᠢᠭᠡ ᠴᠣᠭ᠍ᠴᠠ ᠪᠣᠯᠭᠠᠨ ᠨᠡᠪᠲᠡᠷᠡᠯᠴᠡᠬᠦᠯᠦᠨ ᠰᠤᠷᠤᠯᠴᠠᠵᠦ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠯᠤᠭ᠎ᠠ ᠤᠶᠠᠯᠳᠤᠭᠤᠯᠵᠦ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠪᠠ ᠪᠠᠢᠭᠤᠯᠭ᠎ᠠ᠎ᠶ᠋ᠢᠨ ᠺᠠᠳ᠋ᠷᠴᠤᠳ᠎ᠤᠨ 《ᠵᠢᠷᠭᠤᠭᠠᠨ ᠦᠬᠦᠯᠡᠪᠦᠷᠢ᠎ᠶ᠋ᠢᠨ ᠪᠣᠳᠠᠲᠤ ᠶᠠᠪᠤᠳᠠᠯ ᠪᠠ ᠶᠣᠰᠣ ᠤᠴᠢᠷ》᠎ᠢ᠋ ᠰᠠᠢᠲᠤᠷ ᠶᠠᠷᠢᠬᠤ᠎ᠶ᠋ᠢ ᠵᠣᠷᠢᠭ᠍ᠵᠢᠭᠤᠯᠤᠨ ᠬᠥᠳᠥᠯᠥᠨ ᠵᠢᠯᠣᠭᠣᠳᠴᠦ᠂ 《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠬᠡ᠎ᠶᠢ ᠰᠤᠨᠤᠰᠴᠦ᠂ ᠨᠠᠮ ᠵᠢᠡᠨ ᠳᠠᠭᠠᠨ ᠤᠷᠤᠬᠰᠢᠯᠠᠬᠤ》 ᠣᠯᠠᠨ ᠲᠦᠮᠡᠨᠴᠢ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ᠎ᠶᠢ ᠦᠷᠬᠦᠯᠵᠢᠯᠡᠨ ᠭᠦᠨᠵᠡᠭᠡᠢᠷᠡᠬᠦᠯᠦᠨ ᠪᠣᠳᠠᠲᠠᠢᠵᠢᠭᠤᠯᠵᠦ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠲᠤᠬᠠᠢᠯᠠᠭ᠍ᠰᠠᠨ ᠠᠵᠢᠯ᠎ᠢᠶᠠᠨ ᠦᠨᠡᠨ ᠬᠦ᠌ ᠰᠠᠢᠲᠤᠷ ᠬᠢᠬᠦ᠂ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠠᠮᠢᠳᠤᠯᠢᠭ ᠦᠶ᠋ᠯᠡᠳᠦᠯᠭᠡ ᠪᠤᠯᠭᠠᠨ ᠬᠤᠪᠢᠷᠠᠭᠤᠯᠤᠨ᠎ᠠ ᠭᠡᠵᠦ ᠢᠯᠡᠳᠭᠡᠵᠡᠭᠡᠪᠡ᠃