ᠶᠦᠨ ᠵᠥᠩ ᠵᠢᠶᠦ᠋ᠨ ᠤ᠋ ᠬᠠᠭᠤᠴᠢᠨ ᠬᠣᠲᠠ ᠶ᠋ᠢᠨ ᠪᠠᠭᠤᠷᠢ᠄ ᠳᠠᠢᠳᠤᠵᠦ ᠡᠪᠰᠡᠯᠴᠡᠵᠦ ᠠᠭᠤᠰᠤᠯᠴᠠᠭᠰᠠᠨ ᠲᠡᠦᠬᠡ ᠶ᠋ᠢᠨ ᠳᠠᠮᠠᠭ᠎ᠠ
2025-10-20 09:40:07
ᠵᠣᠬᠢᠶᠠᠭ᠍ᠴᠢ᠄
​ᠯᠢ ᠱᠢᠶᠠ ᠠᠨᠠᠷ
ᠣᠩᠱᠢᠭ᠍ᠰᠠᠨ ᠣᠳᠠᠭ᠎ᠠ᠄
★★★☆☆

《ᠴᠡᠯᠡᠭᠡᠷ ᠲᠠᠯ᠎ᠠ ᠶ᠋ᠢᠨ ᠮᠤᠨᠢ ᠠᠭᠤᠯᠠ ᠶ᠋ᠢᠨ ᠬᠣᠷᠮᠣᠶ ᠳ᠋ᠦ᠂ ᠬᠦᠬᠡ ᠲᠩᠷᠢ ᠴᠡᠯᠡᠢᠨ᠂ ᠬᠥᠳᠡᠭᠡ ᠲᠠᠯ᠎ᠠ ᠨᠡᠯᠦᠢᠵᠤ᠂ ᠠᠶᠠᠰ ᠤ᠋ᠨ ᠰᠠᠯᠬᠢᠨ ᠦᠯᠢᠶᠡᠬᠦᠶ᠎ᠠ ᠠᠳᠤᠭᠤ ᠮᠠᠯ ᠢᠷᠠᠯᠵᠠᠨ᠎ᠠ》 ᠭᠡᠵᠦ ᠤᠮᠠᠷᠠᠲᠤ ᠸᠧᠶ ᠤᠯᠤᠰ ᠤ᠋ᠨ ᠡᠨᠡ ᠬᠦ᠌ ᠠᠯᠳᠠᠷᠲᠤ 《ᠴᠢᠯᠧ ᠶ᠋ᠢᠨ ᠳᠠᠭᠤᠯᠠᠯ》 ᠳ᠋ᠦ ᠦᠷᠭᠡᠨ ᠠᠭᠤᠳᠠᠮ ᠴᠡᠯᠡᠭᠡᠷ ᠲᠠᠯ᠎ᠠ ᠶ᠋ᠢᠨ ᠥᠩᠭᠡ ᠦᠵᠡᠮᠵᠢ ᠵᠢ ᠵᠢᠷᠤᠭ᠍ᠯᠠᠵᠠᠢ᠃ ᠡᠨᠡ ᠬᠡᠰᠡᠭ ᠭᠠᠵᠠᠷ ᠢ᠋ ᠣᠲᠣ ᠲᠦᠮᠡᠳ ᠤ᠋ᠨ ᠲᠠᠯ᠎ᠠ ᠭᠡᠳᠡᠭ᠃ ᠴᠢᠨ ᠬᠠᠨ ᠤ᠋ ᠦᠶ᠎ᠡ ᠶ᠋ᠢᠨ ᠶᠦᠨ ᠵᠥᠩ ᠵᠢᠶᠦ᠋ᠨ ᠶᠠᠭ ᠡᠨᠡ ᠬᠦ᠌ ᠥᠷᠭᠡᠨ ᠠᠭᠤᠳᠠᠮ ᠭᠠᠵᠠᠷ ᠨᠤᠲᠤᠭ ᠲᠦ᠍ ᠪᠠᠢᠷᠢᠯᠠᠵᠤ ᠪᠠᠢᠭᠰᠠᠨ ᠶᠤᠮ᠃

ᠡᠷᠲᠡᠨ ᠤ᠋ ᠶᠦᠨ ᠵᠥᠩ ᠵᠢᠶᠦ᠋ᠨ ᠢ᠋ ᠪᠠᠢᠯᠳᠤᠭᠠᠨᠲᠤ ᠤᠯᠤᠰ ᠤ᠋ᠨ ᠦᠶ᠎ᠡ ᠳ᠋ᠦ ᠪᠠᠢᠭᠤᠯᠵᠤ᠂ ᠳᠤᠮᠳᠠᠳᠤ ᠣᠷᠣᠨ ᠤ᠋ ᠸᠠᠩᠲᠤ ᠲᠥᠷᠥ᠍ ᠬᠢᠭᠡᠳ ᠤᠮᠠᠷᠠᠲᠤ ᠶ᠋ᠢᠨ ᠨᠡᠭᠦᠳᠡᠯ ᠮᠠᠯᠵᠢᠯ ᠤ᠋ᠨ ᠪᠣᠯᠪᠠᠰᠤᠨ ᠤ᠋ ᠠᠭᠤᠯᠵᠠᠷ ᠤ᠋ᠨ ᠡᠮᠦᠨ᠎ᠡ ᠵᠠᠬ᠎ᠠ ᠨᠢ ᠪᠠᠢᠵᠠᠶ᠃ 《ᠮᠢᠩᠭᠠᠨ ᠣᠨ ᠤ᠋ ᠶᠦᠨ ᠵᠦᠩ ᠬᠤᠳᠠ》 ᠬᠡᠮᠡᠬᠦ ᠱᠢᠯᠦᠭᠯᠢᠭ ᠰᠠᠨᠠᠭ᠎ᠠ ᠬᠢᠭᠡᠳ ᠠᠤᠭ᠎ᠠ ᠲᠡᠥᠬᠡ ᠪᠡᠷ ᠢ᠋ᠶ᠋ᠡᠨ ᠨᠡᠷ᠎ᠡ ᠮᠠᠨᠳᠤᠭᠰᠠᠨ ᠡᠨᠡ ᠬᠦ᠌ ᠭᠠᠵᠠᠷ ᠨᠢ ᠦᠨᠦᠳᠦᠷ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠦᠬᠡᠬᠤᠳᠠ ᠵᠢᠨ ᠲᠣᠭ᠍ᠲᠠᠬᠤ ᠱᠢᠶᠠᠨ ᠳ᠋ᠦ ᠬᠠᠷᠢᠶᠠᠯᠠᠭ᠍ᠳᠠᠨ᠎ᠠ᠃

ᠱᠢᠯᠦᠭᠯᠢᠭ ᠨᠡᠷ᠎ᠡ ᠲᠠᠢ ᠬᠢᠯᠢ ᠬᠢᠵᠠᠭᠠᠷ ᠤ᠋ᠨ ᠴᠢᠬᠤᠯᠠ ᠬᠣᠲᠠ

ᠶᠦᠨ ᠵᠦᠩ ᠵᠢᠶᠦ᠋ᠨ ᠤ᠋ ᠬᠠᠭᠤᠴᠢᠨ ᠬᠣᠲᠠ ᠶ᠋ᠢᠨ ᠪᠠᠷᠠᠭᠤᠨ ᠬᠡᠷᠡᠮ ᠡᠴᠡ ᠤᠮᠠᠷᠠᠰᠢ ᠪᠠᠷᠠᠯᠠᠪᠡᠯ᠂ ᠬᠦᠰᠢᠭᠡᠯᠡᠭᠰᠡᠨ ᠮᠤᠨᠢ ᠠᠭᠤᠯᠠ ᠨᠢᠮᠭᠡᠨ ᠮᠠᠨᠠᠨ ᠤ᠋ ᠳᠤᠮᠳᠠ ᠪᠦᠳᠡᠭᠢᠷᠡᠨ ᠬᠠᠷᠠᠭᠳᠠᠵᠦ᠂ ᠳᠠᠯᠠᠨ ᠬᠠᠷ᠎ᠠ ᠠᠭᠤᠯᠠ ᠬᠦᠷᠡᠩᠳᠡᠨ᠎ᠠ᠃ ᠶᠦᠨ ᠵᠦᠩ ᠬᠤᠳᠠ ᠡᠴᠡ ᠤᠮᠠᠷᠠᠰᠢ 20 ᠺᠢᠯᠤᠮᠸᠲᠷ ᠶᠠᠪᠤᠪᠠᠯ ᠲᠠᠯᠠᠨ ᠬᠠᠷ᠎ᠠ ᠠᠭᠤᠯᠠ ᠪᠠᠢᠵᠤ᠂ ᠪᠠᠷᠠᠭᠤᠨ ᠡᠮᠦᠨᠡᠰᠢ 20 ᠭᠠᠷᠤᠢ ᠺᠢᠯᠤᠮᠸᠲᠷ ᠤ᠋ᠨ ᠵᠠᠢ ᠳ᠋ᠦ ᠬᠠᠳᠤᠨ ᠭᠣᠣᠯ ᠳᠠᠪᠠᠯᠭᠠᠯᠠᠨ ᠤᠷᠤᠰᠤᠨ᠎ᠠ᠃

ᠶᠦᠨ ᠵᠥᠩ ᠵᠢᠶᠦ᠋ᠨ ᠤ᠋ ᠬᠠᠭᠤᠴᠢᠨ ᠬᠣᠲᠠ ᠶ᠋ᠢᠨ ᠪᠠᠭᠤᠷᠢ ᠶ᠋ᠢᠨ ᠬᠦᠷᠢᠶᠡᠨ ᠤ᠋ ᠣᠷᠳᠣ ᠨᠢ ᠪᠠᠷᠤᠭ 8 ᠺᠢᠯᠣᠮᠧᠲ᠋ᠷ ᠪᠠᠢᠵᠤ᠂ ᠬᠡᠯᠪᠡᠷᠢ ᠳᠦᠷᠰᠦ ᠨᠢ ᠵᠢᠭ᠌ᠳᠡ ᠪᠤᠰᠤ᠂ ᠬᠣᠲᠠ ᠶ᠋ᠢᠨ ᠬᠡᠷᠡᠮ ᠢ᠋ ᠬᠠᠩᠳᠠᠵᠤ ᠪᠠᠷᠢᠵᠠᠢ᠃ ᠲᠣᠭ᠍ᠲᠠᠬᠤ ᠱᠢᠶᠠᠨ ᠤ᠋ ᠰᠣᠶᠣᠯ ᠵᠢᠭᠤᠯᠴᠢᠯᠠᠯ ᠪᠡᠶ᠎ᠡ ᠶ᠋ᠢᠨ ᠲᠠᠮᠢᠷ ᠤ᠋ᠨ ᠲᠤᠪᠴᠢᠶ᠎ᠠ ᠵᠢᠨ ᠳᠠᠷᠤᠭ᠎ᠠ ᠵᠤᠤ ᠶᠦᠩ ᠭᠤᠸᠠᠩ ᠤ᠋ᠨ ᠲᠠᠨᠢᠯᠴᠠᠭᠤᠯᠤᠭ᠍ᠰᠠᠨ ᠢ᠋ᠶ᠋ᠠᠷ᠂ ᠶᠦᠨ ᠵᠦᠩ ᠵᠢᠶᠦ᠋ᠨ ᠤ᠋ ᠬᠠᠭᠤᠴᠢᠨ ᠬᠤᠳᠠ ᠶ᠋ᠢᠨ ᠪᠠᠭᠤᠷᠢ ᠨᠢ ᠶᠦᠨ ᠵᠦᠩ ᠬᠤᠳᠠ᠂ ᠳ᠋ᠠᠢ ᠶ᠋ᠢᠨ ᠦᠶ᠎ᠠ ᠶ᠋ᠢᠨ ᠪᠠᠭ᠎ᠠ ᠬᠤᠳᠠ ᠪᠤᠯᠤᠨ ᠪᠠᠷᠢᠯᠭ᠎ᠠ ᠶ᠋ᠢᠨ ᠰᠠᠭᠤᠷᠢ ᠪᠠᠷ ᠪᠦᠷᠢᠯᠳᠦᠵᠡᠢ᠃ ᠪᠠᠭᠤᠷᠢ ᠶ᠋ᠢᠨ ᠳᠥᠷᠪᠡᠨ ᠬᠡᠷᠡᠮ ᠤ᠋ᠨ ᠤᠷᠤ ᠮᠦᠷ ᠨᠢ ᠢᠯᠡᠷᠬᠡᠶ ᠪᠠᠢᠵᠤ᠂ ᠵᠡᠭᠦᠨ ᠬᠡᠷᠡᠮ ᠪᠤᠯᠤᠨ ᠪᠠᠷᠠᠭᠤᠨ ᠬᠡᠷᠡᠮ ᠨᠢ ᠠᠰ ᠬᠡᠷᠡᠮ᠂ ᠡᠮᠦᠨ᠎ᠡ ᠬᠡᠷᠡᠮ ᠪᠤᠯᠤᠨ ᠠᠷᠤ ᠬᠡᠷᠡᠮ ᠨᠢ ᠪᠦᠷ ᠮᠤᠷᠤᠶ ᠰᠠᠷᠤᠶ ᠶᠤᠮ᠃ ᠣᠳᠣ ᠪᠠᠷᠠᠭᠤᠨ ᠬᠡᠷᠡᠮ ᠪᠤᠯᠤᠨ ᠡᠮᠦᠨ᠎ᠡ ᠬᠡᠷᠡᠮ ᠨᠢ ᠨᠡᠯᠢᠶᠡᠳ ᠪᠦᠷᠢᠨ ᠪᠦᠲᠦᠨ ᠬᠠᠳᠠᠭᠠᠯᠠᠭ᠍ᠳᠠᠵᠤ᠂ ᠬᠣᠲᠠ ᠶ᠋ᠢᠨ ᠬᠡᠷᠡᠮ ᠤ᠋ᠨ ᠰᠠᠭᠤᠷᠢ ᠶ᠋ᠢᠨ ᠥᠷᠭᠡᠨ ᠨᠢ 8 ᠮᠧᠲ᠋ᠷ᠂ ᠦᠯᠡᠳᠡᠭ᠌ᠳᠡᠯ ᠥᠨᠳᠥᠷ ᠨᠢ 4.5 ᠮᠧᠲ᠋ᠷ ᠤᠷᠴᠢᠮ ᠪᠠᠢᠨ᠎ᠠ᠃

《ᠶᠦᠨ ᠵᠥᠩ ᠬᠣᠲᠠ ᠶ᠋ᠢᠨ ᠨᠡᠷ᠎ᠡ ᠨᠢ ᠬᠡᠳᠦᠢᠪᠡᠷ ᠱᠢᠯᠦᠭ᠌ᠯᠢᠭ ᠰᠠᠢᠬᠠᠨ ᠪᠣᠯᠪᠠᠴᠤ᠌ ᠱᠢᠨᠵᠢ ᠴᠢᠨᠠᠷ ᠨᠢ ᠬᠠᠷᠢᠨ ᠬᠢᠯᠢ ᠬᠢᠵᠠᠭᠠᠷ ᠤ᠋ᠨ ᠴᠢᠬᠤᠯᠠ ᠬᠣᠲᠠ ᠪᠠᠢᠵᠤ᠂ ᠴᠡᠷᠢᠭ ᠤ᠋ᠨ ᠶᠠᠪᠤᠳᠠᠯ ᠤ᠋ᠨ ᠪᠠᠢᠯᠳᠤᠬᠤ ᠪᠣᠳᠣᠯᠭ᠎ᠠ ᠶ᠋ᠢᠨ ᠪᠠᠢᠷᠢ ᠰᠠᠭᠤᠷᠢ ᠨᠢ ᠲᠤᠢᠯ ᠤ᠋ᠨ ᠴᠢᠬᠤᠯᠠ ᠪᠠᠢᠵᠠᠢ᠃ ᠲᠡᠦᠬᠡᠨ ᠳᠡᠭᠡᠷ᠎ᠡ ᠾᠦᠩᠨᠦ᠍᠂ ᠱᠢᠶᠡᠨᠪᠢ᠂ ᠬᠢᠳᠠᠨ᠂ ᠮᠣᠩᠭᠣᠯ ᠵᠡᠷᠭᠡ ᠦᠨᠳᠦᠰᠦᠲᠡᠨ ᠡᠨᠳᠡ ᠣᠯᠠᠨᠲᠠ ᠶᠠᠪᠤᠯᠴᠠᠵᠤ᠂ ᠬᠠᠮᠲᠤ ᠪᠠᠷ ᠠᠮᠢᠳᠤᠷᠠᠨ ᠣᠷᠣᠱᠢᠵᠤ ᠪᠠᠢᠭ᠍ᠰᠠᠨ ᠪᠥᠭᠡᠳ ᠶᠦᠨ ᠵᠦᠩ ᠬᠤᠳᠠ ᠴᠦ᠍ ᠳᠤᠮᠳᠠᠳᠤ ᠶ᠋ᠢᠨ ᠦᠨᠳᠦᠰᠦᠲᠡᠨ ᠤ᠋ ᠴᠢᠰᠤ ᠮᠢᠬᠠᠨ ᠤ᠋ ᠪᠠᠷᠢᠯᠳᠤᠯᠭ᠎ᠠ ᠶ᠋ᠢᠨ ᠠᠮᠢᠳᠤᠯᠢᠭ ᠲᠡᠦᠬᠡ ᠵᠢ ᠠᠴᠢᠶᠠᠯᠠᠵᠤ ᠪᠠᠢᠭ᠎ᠠ ᠶᠤᠮ》 ᠭᠡᠵᠦ᠍ ᠲᠣᠭ᠍ᠲᠠᠬᠤ ᠱᠢᠶᠠᠨ ᠤ᠋ ᠮᠦᠽᠧᠶ ᠶ᠋ᠢᠨ ᠳᠠᠷᠤᠭ᠎ᠠ ᠱ᠌ᠢ ᠯᠸᠢ ᠲᠠᠨᠢᠯᠴᠠᠭᠤᠯᠤᠨ᠎ᠠ᠃

ᠨᠡᠢᠲᠡ ᠶ᠋ᠢᠨ ᠣᠨ ᠲᠣᠭᠠᠯᠠᠯ ᠡᠴᠡ ᠡᠮᠦᠨ᠎ᠡ 390 ᠣᠨ ᠳ᠋ᠦ᠂ ᠵᠤᠤ ᠦ᠋ ᠾᠧᠦ ᠶᠦᠨ ᠵᠦᠩ ᠬᠤᠳᠠ ᠵᠢ ᠪᠠᠢᠭᠤᠯᠪᠠ; ᠨᠡᠢᠲᠡ ᠶ᠋ᠢᠨ ᠣᠨ ᠲᠣᠭᠠᠯᠠᠯ ᠡᠴᠡ ᠡᠮᠦᠨ᠎ᠡ 307 ᠣᠨ ᠳ᠋ᠦ᠂ ᠵᠣᠣ ᠤᠯᠤᠰ ᠤ᠋ᠨ ᠡᠦ ᠯᠢᠩ ᠸᠠᠩ ᠶᠦᠨ ᠵᠥᠩ ᠵᠢᠶᠦ᠋ᠨ ᠢ᠋ ᠪᠠᠢᠭᠤᠯᠵᠠᠢ; ᠨᠡᠢᠲᠡ ᠶ᠋ᠢᠨ ᠣᠨ ᠲᠣᠭᠠᠯᠠᠯ ᠡᠴᠡ ᠡᠮᠦᠨ᠎ᠡ 236 ᠣᠨ ᠳ᠋ᠦ᠂ ᠶᠦᠨ ᠵᠥᠩ ᠬᠣᠲᠠ ᠴᠢᠨ ᠤ᠋ ᠴᠡᠷᠢᠭ ᠲᠦ᠍ ᠡᠵᠡᠯᠡᠭ᠌ᠳᠡᠨ᠂ ᠴᠢᠨ ᠱ᠌ᠢ ᠬᠤᠸᠠᠩ ᠵᠢᠷᠭᠤᠭᠠᠨ ᠤᠯᠤᠰ ᠢ᠋ ᠨᠢᠭᠡᠳᠭᠡᠵᠤ᠂ ᠶᠦᠨ ᠵᠥᠩ ᠵᠢᠶᠦ᠋ᠨ ᠨᠢ ᠭᠤᠴᠢᠨ ᠵᠢᠷᠭᠤᠭᠠᠨ ᠵᠢᠶᠦ᠋ᠨ ᠤ᠋ ᠨᠢᠭᠡ ᠪᠣᠯᠵᠠᠶ; ᠬᠣᠶᠠᠷ ᠬᠠᠨ ᠤᠯᠤᠰ ᠤ᠋ᠨ ᠦᠶ᠎ᠠ ᠳ᠋ᠦ᠂ ᠶᠦᠨ ᠵᠥᠩ ᠵᠢᠶᠦ᠋ᠨ ᠨᠢ ᠬᠠᠨ ᠤᠯᠤᠰ ᠪᠣᠯᠤᠨ ᠾᠦᠩᠨᠦ᠍ ᠶ᠋ᠢᠨ ᠪᠤᠯᠢᠶᠠᠯᠳᠤᠵᠤ ᠪᠠᠢᠭᠰᠠᠨ ᠪᠠᠢᠯᠳᠤᠬᠤ ᠪᠣᠳᠣᠯᠭ᠎ᠠ ᠶ᠋ᠢᠨ ᠴᠢᠬᠤᠯᠠ ᠭᠠᠵᠠᠷ ᠪᠠᠢᠵᠦ᠂ ᠶᠦᠨ ᠵᠥᠩ ᠵᠢᠶᠦ᠋ᠨ ᠢ᠋ ᠪᠠᠭᠠᠳᠤᠷ ᠵᠠᠩᠵᠤᠨ ᠮᠡᠷᠭᠡᠨ ᠲᠦᠰᠢᠮᠡᠯ ᠰᠠᠬᠢᠳᠠᠭ ᠪᠠᠢᠵᠠᠶ; ᠡᠮᠦᠨᠡᠲᠦ ᠤᠮᠠᠷᠠᠲᠤ ᠲᠥᠷᠥ ᠶ᠋ᠢᠨ ᠦᠶ᠎ᠡ ᠳ᠋ᠦ᠂ ᠤᠮᠠᠷᠠᠲᠤ ᠸᠧᠶ ᠤᠯᠤᠰ ᠶᠦᠨ ᠵᠥᠩ ᠬᠣᠲᠠ ᠳ᠋ᠦ ᠶᠦᠨ ᠵᠥᠩ ᠪᠠᠯᠭᠠᠰᠤ ᠵᠢ ᠪᠠᠢᠭᠤᠯᠵᠤ᠂ ᠳᠠᠯᠠᠨ ᠬᠠᠷ᠎ᠠ ᠠᠭᠤᠯᠠ ᠡᠴᠡ ᠡᠮᠦᠨᠡᠱᠢᠬᠢ ᠣᠷᠣᠨ ᠢ᠋ ᠰᠠᠬᠢᠨ ᠬᠠᠮᠠᠭᠠᠯᠠᠬᠤ ᠴᠢᠬᠤᠯᠠ ᠴᠡᠷᠢᠭ ᠤ᠋ᠨ ᠶᠠᠪᠤᠳᠠᠯ ᠤ᠋ᠨ ᠰᠠᠭᠤᠷᠢᠨ ᠭᠠᠵᠠᠷ ᠪᠤᠯᠵᠠᠢ; ᠰᠦᠶ ᠤᠯᠤᠰ ᠲᠠᠩ ᠤᠯᠤᠰ ᠤ᠋ᠨ ᠦᠶ᠎ᠡ ᠳ᠋ᠦ᠂ ᠶᠦᠨ ᠵᠥᠩ ᠬᠣᠲᠠ ᠳ᠋ᠤ ᠤᠷᠢᠳ ᠬᠣᠵᠢᠳ ᠶᠦᠨ ᠵᠥᠩ ᠤ᠋ᠨ ᠳ᠋ᠦ᠋ ᠬᠣ᠌ ᠹᠦ᠋ ᠪᠣᠯᠤᠨ ᠴᠠᠨ ᠢᠦᠶ ᠳ᠋ᠠ ᠳᠥ ᠬᠣ᠌ ᠹᠦ᠋ ᠵᠢ ᠪᠠᠢᠭᠤᠯᠵᠤ᠂ ᠬᠢᠯᠢ ᠬᠢᠵᠠᠭᠠᠷ ᠤ᠋ᠨ ᠴᠢᠬᠤᠯᠠ ᠬᠣᠲᠠ ᠶ᠋ᠢᠨ ᠪᠠᠢᠷᠢ ᠰᠠᠭᠤᠷᠢ ᠨᠢ ᠤᠯᠠᠮ ᠪᠡᠬᠢᠵᠢᠪᠡ᠃

ᠣᠳᠣᠬᠠᠨ ᠪᠤᠯᠳᠠᠯ᠎ᠠ ᠶᠦᠨ ᠵᠦᠩ ᠵᠢᠶᠦ᠋ᠨ ᠤ᠋ ᠬᠠᠭᠤᠴᠢᠨ ᠬᠣᠲᠠ ᠶ᠋ᠢᠨ ᠪᠠᠭᠤᠷᠢ ᠡᠴᠡ ᠪᠠᠰᠠ ᠸᠠᠭᠠᠷ ᠰᠠᠪᠠ ᠶ᠋ᠢᠨ ᠬᠡᠯᠲᠡᠷᠬᠡᠶ ᠤᠯᠳᠠᠳᠠᠭ ᠶᠤᠮ᠃ ᠬᠣᠲᠠ ᠶ᠋ᠢᠨ ᠪᠠᠷᠠᠭᠤᠨ ᠡᠮᠦᠨ᠎ᠡ ᠥᠨᠴᠥᠭ ᠤ᠋ᠨ ᠪᠠᠭ᠎ᠠ ᠬᠣᠲᠠ ᠶ᠋ᠢᠨ ᠣᠷᠴᠢᠮ ᠡᠴᠡ ᠸᠠᠭᠠᠷ ᠤ᠋ᠨ ᠬᠡᠯᠲᠡᠷᠬᠡᠶ ᠵᠢᠴᠢ ᠳᠠᠳᠠᠯᠠᠭᠠᠨ ᠬᠡ ᠲᠡᠶ ᠲᠣᠭᠣᠰᠭ᠎ᠠ ᠤᠯᠳᠠᠪᠠ᠃ 1956 ᠣᠨ ᠳ᠋ᠦ᠂ ᠬᠠᠭᠤᠴᠢ ᠰᠤᠳᠤᠯᠤᠭ᠍ᠴᠢᠳ ᠬᠣᠲᠠ ᠶ᠋ᠢᠨ ᠭᠠᠳᠠᠨᠠᠬᠢ ᠪᠠᠷᠠᠭᠤᠨ ᠡᠮᠦᠨ᠎ᠡ ᠲᠠᠯ᠎ᠠ ᠳ᠋ᠦ ᠨᠢᠭᠡ ᠣᠩᠭᠣᠨ ᠢ᠋ ᠠᠭᠤᠳᠠᠯᠤᠨ ᠮᠠᠯᠳᠠᠭᠰᠠᠨ ᠨᠢ ᠵᠡᠭᠦᠨ ᠬᠠᠨ ᠤᠯᠤᠰ ᠤ᠋ᠨ ᠮᠢᠨ ᠣᠪᠣᠭ᠍ᠲᠤ ᠶ᠋ᠢᠨ ᠣᠩᠭᠣᠨ ᠪᠠᠢᠵᠠᠢ᠃ ᠡᠲᠡᠭᠡᠷ ᠢᠯᠡᠷᠡᠭᠦᠯᠦᠯᠲᠡ ᠨᠢ ᠬᠠᠭᠤᠴᠢᠨ ᠬᠣᠲᠠ ᠶ᠋ᠢᠨ ᠲᠡᠦᠬᠡ ᠵᠢ ᠰᠤᠳᠤᠯᠬᠤ ᠳ᠋ᠦ ᠴᠢᠬᠤᠯᠠ ᠦᠨ᠎ᠡ ᠥᠷᠲᠡᠭ ᠲᠡᠶ ᠶᠤᠮ᠃ 1956 ᠣᠨ ᠳ᠋ᠦ ᠡᠨᠳᠡ ᠡᠴᠡ ᠤᠮᠠᠷᠠᠲᠤ ᠸᠧᠶ ᠤᠯᠤᠰ ᠤ᠋ᠨ ᠦᠶ᠎ᠡ ᠶ᠋ᠢᠨ ᠠᠯᠲᠠ ᠪᠠᠷ ᠥᠩᠭᠡᠯᠡᠭ᠌ᠰᠡᠨ ᠭᠠᠤᠯᠢᠨ ᠪᠤᠷᠬᠠᠨ ᠤ᠋ ᠬᠥᠷᠥᠭ ᠣᠯᠳᠠᠵᠤ᠂ ᠬᠣᠵᠢᠮ ᠨᠢ ᠤᠯᠤᠰ ᠤ᠋ᠨ ᠨᠢᠭᠡᠳᠦᠭᠡᠷ ᠳᠡᠰ ᠤ᠋ᠨ ᠲᠡᠦᠬᠡ ᠶ᠋ᠢᠨ ᠳᠤᠷᠠᠰᠭᠠᠯᠲᠤ ᠵᠦᠢᠯ ᠪᠣᠯᠵᠤ᠂ ᠣᠳᠣ ᠥᠪᠥᠷ ᠮᠣᠩᠭᠣᠯ ᠤ᠋ᠨ ᠮᠦᠽᠧᠶ ᠳ᠋ᠦ ᠬᠠᠳᠠᠭᠠᠯᠠᠭ᠍ᠳᠠᠵᠤ ᠪᠠᠢᠨ᠎ᠠ᠃

ᠬᠠᠮᠤᠭ ᠡᠷᠲᠡᠨ ᠤ᠋ ᠨᠡᠷᠡᠨ ᠤ᠋ ᠬᠡᠮᠵᠢᠭᠦᠷ ᠬᠢᠬᠡᠳ ᠬᠣᠪᠣᠷ ᠨᠠᠨᠳᠢᠨ ᠲᠠᠮᠠᠭ᠎ᠠ

ᠲᠣᠭ᠍ᠲᠠᠬᠤ ᠱᠢᠶᠠᠨ ᠤ᠋ ᠮᠦᠽᠧᠶ ᠳ᠋ᠡᠬᠢ 《ᠶᠦᠨ ᠵᠦᠩ ᠤ᠋ᠨ ᠴᠧᠩᠰᠢᠶᠠᠩ》 ᠬᠡᠮᠡᠬᠦ ᠭᠠᠥᠯᠢᠨ ᠲᠠᠮᠠᠭ᠎ᠠ ᠨᠢ ᠬᠥᠮᠦᠰ ᠤ᠋ᠨ ᠠᠩᠬᠠᠷᠤᠯ ᠢ᠋ ᠲᠠᠲᠠᠨ᠎ᠠ᠃ ᠡᠨᠡ ᠪᠣᠯ ᠨᠢᠭᠡᠨ ᠲᠡᠭ᠌ᠰᠢ ᠳᠥᠷᠪᠡᠯᠵᠢᠨ ᠠᠯᠪᠠᠨ ᠲᠠᠮᠠᠭ᠎ᠠ ᠪᠠᠢᠵᠦ᠂ ᠲᠠᠮᠠᠭ᠎ᠠ ᠳᠡᠭᠡᠷᠡᠬᠢ 《ᠶᠦᠨ ᠵᠦᠩ ᠤ᠋ᠨ ᠴᠧᠩᠰᠢᠶᠠᠩ》 ᠭᠡᠬᠦ᠌ ᠭᠣᠷ ᠦᠰᠦᠭ ᠲᠣᠳᠣᠷᠬᠠᠶ ᠬᠠᠷᠠᠭ᠍ᠳᠠᠨ᠎ᠠ᠃

《ᠲᠠᠮᠠᠭ᠎ᠠ ᠶ᠋ᠢᠨ ᠥᠨᠳᠥᠷ ᠨᠢ 1.4 ᠰᠠᠨᠲ᠋ᠢᠮᠧᠲ᠋ᠷ᠂ ᠬᠥᠪᠡᠭᠡ ᠶ᠋ᠢᠨ ᠣᠷᠳᠣ ᠨᠢ 2.4 ᠰᠠᠨᠲ᠋ᠢᠮᠧᠲ᠋ᠷ᠂ ᠳᠡᠭᠡᠷ᠎ᠡ ᠨᠢ ᠶᠠᠰᠤᠲᠤ ᠮᠡᠯᠡᠬᠡᠶ ᠶ᠋ᠢᠨ ᠬᠡᠯᠪᠡᠷᠢᠲᠦ ᠪᠠᠷᠢᠭᠤᠯ ᠲᠠᠢ᠂ ᠳᠤᠤᠷ᠎ᠠ ᠳᠠᠯ᠎ᠠ ᠳ᠋ᠤᠨᠢ 〈ᠶᠦᠨ ᠵᠦᠩ ᠤ᠋ᠨ ᠴᠧᠩᠰᠢᠶᠠᠩ〉 ᠭᠡᠬᠦ᠌ ᠳᠥᠷᠪᠡᠨ ᠥᠰᠥᠭ ᠰᠡᠢᠯᠦᠭ᠌ᠰᠡᠨ ᠪᠠᠢᠳᠠᠭ᠃ ᠡᠨᠡ ᠳᠠᠮᠠᠭ᠎ᠠ ᠤᠯᠳᠠᠭᠰᠠᠨ ᠨᠢ ᠲᠠᠯ᠎ᠠ ᠨᠤᠲᠤᠭ ᠤ᠋ᠨ ᠠᠩᠬᠠᠳᠠᠭ᠍ᠴᠢ ᠬᠣᠲᠠ — ᠶᠦᠨ ᠵᠦᠩ ᠬᠣᠲᠠ ᠶ᠋ᠢᠨ ᠪᠠᠢᠭᠤᠯᠤᠭ᠍ᠳᠠᠭ᠍ᠰᠠᠨ ᠲᠡᠦᠬᠡ ᠵᠢ ᠰᠤᠳᠤᠯᠬᠤ ᠳ᠋ᠦ ᠬᠦᠴᠦᠲᠡᠶ ᠭᠡᠷᠡᠴᠢ ᠬᠠᠩᠭᠠᠪᠠ》 ᠭᠡᠵᠦ᠍ ᠲᠣᠭ᠍ᠲᠠᠬᠤ ᠱᠢᠶᠠᠨ ᠤ᠋ ᠮᠦᠽᠧᠶ ᠶ᠋ᠢᠨ ᠲᠠᠢᠯᠪᠤᠷᠢᠯᠠᠭ᠍ᠴᠢ ᠯᠢᠦ ᠼᠠᠢ ᠱᠢᠶᠠ ᠲᠠᠨᠢᠯᠴᠠᠭᠤᠯᠤᠨ᠎ᠠ᠃

《ᠶᠦᠨ ᠵᠦᠩ ᠤ᠋ᠨ ᠴᠧᠩᠰᠢᠶᠠᠩ》 ᠨᠢ ᠶᠦᠨ ᠵᠥᠩ ᠬᠣᠲᠠ ᠶ᠋ᠢᠨ ᠪᠠᠢᠭᠤᠯᠤᠮᠵᠢ ᠵᠢ ᠲᠥᠯᠥᠭᠡᠯᠡᠵᠦ᠍᠂ 《ᠨᠡᠷᠡᠨ ᠤ᠋ ᠬᠡᠮᠵᠢᠭᠦᠷ》 ᠨᠢ ᠡᠷᠲᠡᠨ ᠤ᠋ ᠦᠶ᠎ᠡ ᠳ᠋ᠦ ᠲᠣᠰ ᠭᠠᠵᠠᠷ ᠲᠦ᠍ ᠵᠠᠰᠠᠭ ᠵᠠᠬᠢᠷᠭᠠᠨ ᠤ᠋ ᠬᠠᠮᠢᠶᠠᠷᠤᠯᠲᠠ ᠵᠢ ᠣᠨᠣᠴᠠᠲᠠᠶ ᠬᠡᠷᠡᠭ᠌ᠵᠢᠭᠦᠯᠵᠦ᠍ ᠪᠠᠢᠭ᠍ᠰᠠᠨ ᠲᠡᠦᠬᠡ ᠵᠢ ᠭᠡᠷᠡᠴᠢᠯᠡᠵᠦ᠍ ᠪᠠᠢᠨ᠎ᠠ᠃

1897 ᠣᠨ ᠳ᠋ᠦ᠂ ᠲᠣᠭ᠍ᠲᠠᠬᠤ ᠱᠢᠶᠠᠨ ᠡᠴᠡ ᠬᠠᠨ ᠤᠯᠤᠰ ᠤ᠋ᠨ ᠦᠶ᠎ᠡ ᠶ᠋ᠢᠨ ᠳᠥᠷᠪᠡᠯᠵᠢᠨ ᠴᠢᠯᠠᠭᠤ ᠪᠡᠷ ᠰᠡᠢᠯᠦᠭᠰᠡᠨ ᠨᠡᠷᠡᠨ ᠤ᠋ ᠬᠡᠮᠵᠢᠭᠦᠷ ᠤᠯᠳᠠᠵᠠᠢ᠃ ᠲᠡᠬᠦᠨ ᠢ᠋ ᠮᠠᠰᠢ ᠨᠠᠷᠢᠯᠢᠭ ᠭᠠᠨᠲᠢᠭ ᠴᠢᠯᠠᠭᠤ ᠪᠠᠷ ᠬᠢᠵᠦ᠍᠂ ᠨᠢᠭᠤᠷ᠎ᠳᠠᠯ᠎ᠠ ᠶ᠋ᠢᠨ ᠲᠦᠪ ᠲᠦ᠍ 1 ᠰᠠᠨᠲ᠋ᠢᠮᠧᠲ᠋ᠷ ᠤ᠋ᠨ ᠳ᠋ᠢᠶᠠᠮᠧᠲ᠋ᠷ ᠪᠦᠬᠦᠢ ᠬᠤᠩᠬᠤᠷ ᠲᠠᠢ ᠪᠠᠢᠵᠦ᠂ ᠡᠭᠦᠨ ᠢ᠋ᠶ᠋ᠡᠷ ᠭᠣᠣᠯ ᠪᠣᠯᠭᠠᠨ ᠬᠣᠶᠠᠷ ᠢᠵᠢᠯ ᠲᠥᠪᠲᠦ ᠲᠣᠭᠣᠷᠢᠭ ᠢ᠋ ᠰᠡᠢᠯᠵᠦ᠍᠂ ᠳᠣᠲᠣᠷ᠎ᠠ ᠲᠣᠭᠣᠷᠢᠭ ᠪᠣᠯᠤᠨ ᠭᠠᠳᠠᠷ ᠲᠣᠭᠣᠷᠢᠭ ᠤ᠋ᠨ ᠬᠣᠭᠣᠷᠣᠨᠳᠣ 69 ᠵᠤᠷᠪᠤᠰ ᠰᠠᠴᠤᠷᠠᠭ ᠱᠤᠭᠤᠮ ᠢ᠋ ᠰᠡᠢᠯᠪᠡ᠃ ᠡᠨᠡ ᠪᠣᠯ ᠲᠤᠮᠳᠠᠳᠦ ᠤᠯᠤᠰ ᠤ᠋ᠨ ᠣᠳᠣᠬᠠᠨ ᠪᠤᠯᠳᠠᠯ᠎ᠠ ᠤᠯᠳᠠᠭᠰᠠᠨ ᠬᠠᠮᠤᠭ ᠤ᠋ᠨ ᠡᠷᠲᠡᠨ ᠤ᠋ ᠨᠡᠷᠡᠨ ᠤ᠋ ᠬᠡᠮᠵᠢᠭᠦᠷ ᠪᠠᠢᠵᠦ᠂ ᠡᠷᠲᠡᠨ ᠤ᠋ ᠴᠠᠭ ᠲᠡᠮᠳᠡᠭ᠌ᠯᠡᠬᠦ᠌ ᠪᠠᠭᠠᠵᠢ ᠶ᠋ᠢᠨ ᠬᠥᠭ᠌ᠵᠢᠯ ᠢ᠋ ᠰᠤᠳᠤᠯᠬᠤ ᠳ᠋ᠦ ᠴᠢᠬᠤᠯᠠ ᠮᠠᠲ᠋ᠧᠷᠢᠶᠠᠯ ᠬᠠᠩᠭᠠᠭ᠍ᠰᠠᠨ ᠪᠠᠢᠨ᠎ᠠ᠃ ᠲᠤᠰ ᠨᠡᠷᠡᠨ ᠤ᠋ ᠬᠡᠮᠵᠢᠭᠦᠷ ᠢ᠋ 《ᠲᠣᠭ᠍ᠲᠠᠬᠤ ᠨᠡᠷᠡᠨ ᠤ᠋ ᠬᠡᠮᠵᠢᠭᠦᠷ》 ᠭᠡᠮᠡᠨ ᠨᠡᠷᠡᠯᠡᠵᠦ᠍᠂ ᠤᠳᠤ ᠳᠤᠮᠳᠠᠳᠤ ᠤᠯᠤᠰ ᠤ᠋ᠨ ᠤᠯᠤᠰ ᠤ᠋ᠨ ᠮᠦᠽᠧᠢ ᠳ᠋ᠦ ᠬᠠᠳᠠᠭᠠᠯᠠᠭ᠍ᠳᠠᠵᠤ ᠪᠤᠢ᠃

ᠲᠣᠭ᠍ᠲᠠᠬᠤ ᠱᠢᠶᠠᠨ ᠤ᠋ ᠮᠦᠽᠧᠶ ᠳ᠋ᠦ ᠬᠠᠳᠠᠭᠠᠯᠠᠭ᠍ᠳᠠᠵᠤ ᠪᠠᠢᠭ᠎ᠠ ᠲᠡᠦᠬᠡ ᠶ᠋ᠢᠨ ᠳᠤᠷᠠᠰᠭᠠᠯᠲᠤ ᠵᠦᠶ᠋ᠯᠡᠰ 5000 ᠭᠠᠷᠤᠶ ᠪᠠᠢᠵᠤ᠂ ᠱᠢᠨ᠎ᠡ ᠴᠢᠯᠠᠭᠤᠨ ᠵᠡᠪᠰᠡᠭ ᠤ᠋ᠨ ᠦᠶ᠎ᠡ ᠡᠴᠡ ᠮᠢᠩ ᠴᠢᠩ ᠤ᠋ᠨ ᠦᠶ᠎ᠡ ᠪᠣᠯᠲᠠᠯ᠎ᠠ᠂ ᠬᠠᠴᠢᠨ ᠪᠤᠯᠠᠭ ᠤ᠋ᠨ ᠰᠣᠶᠣᠯ ᠡᠴᠡ ᠣᠯᠠᠨ ᠦᠶ᠎ᠡ ᠶ᠋ᠢᠨ ᠵᠣᠭᠣᠰ ᠮᠥᠩᠭᠥᠨ ᠤ᠋ ᠱᠢᠷᠢᠰ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠦᠷᠲᠡᠯ᠎ᠡ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠲᠠᠷᠢᠶᠠᠯᠠᠬᠤ ᠪᠣᠯᠪᠠᠰᠤᠨ ᠬᠢᠭᠡᠳ ᠨᠡᠭᠦᠳᠡᠯ ᠮᠠᠯᠵᠢᠯ ᠤ᠋ᠨ ᠪᠣᠯᠪᠠᠰᠤᠨ ᠤ᠋ ᠠᠭᠤᠰᠤᠯᠴᠠᠯ ᠤ᠋ᠨ ᠲᠡᠦᠬᠡᠨ ᠶᠠᠪᠤᠴᠠ ᠵᠢ ᠠᠮᠢᠳᠤᠯᠢᠭ ᠢ᠋ᠶ᠋ᠠᠷ ᠢᠯᠡᠷᠡᠭᠦᠯᠪᠡ᠃ 《ᠡᠳᠡᠭᠡᠷ ᠲᠡᠦᠬᠡ ᠶ᠋ᠢᠨ ᠳᠤᠷᠠᠰᠭᠠᠯᠲᠤ ᠵᠦᠢᠯᠡᠰ ᠨᠢ ᠡᠨᠡ ᠬᠡᠰᠡᠭ ᠡᠬᠡ ᠭᠠᠵᠠᠷ ᠳᠡᠭᠡᠷᠡᠬᠢ ᠥᠨᠢ ᠤᠳᠠᠭᠠᠨ ᠲᠡᠦᠬᠡ ᠪᠣᠯᠤᠨ ᠭᠡᠷᠡᠯ ᠰᠠᠴᠤᠷᠠᠩᠭᠤᠢ ᠰᠣᠶᠣᠯ ᠢ᠋ ᠪᠤᠯ ᠠᠳᠠᠯᠢ ᠪᠤᠰᠤ ᠴᠠᠭ ᠦᠶ᠎ᠡ ᠳ᠋ᠦ ᠦᠨᠳᠦᠰᠦᠲᠡᠨ ᠨᠤᠭᠦᠳ ᠬᠠᠮᠲᠤ ᠪᠠᠷ ᠨᠡᠭᠡᠭᠡᠨ ᠬᠥᠭ᠌ᠵᠢᠭᠦᠯᠦᠭ᠌ᠰᠡᠨ ᠪᠠ ᠴᠣᠭ᠍ᠴᠠᠯᠠᠭ᠍ᠰᠠᠨ ᠢ᠋ ᠭᠡᠷᠡᠴᠢᠯᠡᠵᠤ ᠪᠠᠢᠨ᠎ᠠ》 ᠭᠡᠵᠦ᠍ ᠯᠢᠦ ᠼᠠᠢ ᠱᠢᠶᠠ ᠲᠠᠨᠢᠯᠴᠠᠭᠤᠯᠤᠨ᠎ᠠ᠃

ᠬᠡᠳᠦᠨ ᠮᠢᠩᠭᠠᠨ ᠵᠢᠯ ᠤ᠋ᠨ ᠲᠤᠷᠰᠢ᠂ ᠳᠤᠮᠳᠠᠳᠤ ᠣᠷᠣᠨ ᠤ᠋ ᠸᠠᠩᠲᠤ ᠲᠥᠷᠥ᠍ ᠦᠶ᠎ᠡ ᠤᠯᠠᠷᠢᠨ ᠰᠣᠯᠢᠭ᠍ᠳᠠᠵᠤ᠂ ᠤᠮᠠᠷᠠᠲᠤ ᠶ᠋ᠢᠨ ᠨᠡᠭᠦᠳᠡᠯᠴᠢᠨ ᠦᠨᠳᠦᠰᠦᠲᠡᠨ ᠤᠳᠠᠭ᠎ᠠ ᠳᠠᠷᠠᠭᠠᠯᠠᠨ ᠬᠦᠴᠦᠷᠭᠡᠭᠵᠢᠨ ᠮᠠᠨᠳᠤᠵᠤ᠂ ᠲᠣᠭ᠍ᠲᠠᠬᠤ ᠰᠢᠶᠠᠨ ᠨᠢ ᠳᠤᠮᠳᠠᠳᠤ ᠤᠯᠤᠰ ᠤ᠋ᠨ ᠤᠮᠠᠷᠠᠲᠤ ᠶ᠋ᠢᠨ ᠨᠡᠭᠦᠳᠡᠯᠴᠢᠨ ᠦᠨᠳᠦᠰᠦᠲᠡᠨ ᠪᠣᠯᠤᠨ ᠳᠤᠮᠳᠠᠳᠤ ᠣᠷᠣᠨ ᠤ᠋ ᠲᠠᠷᠢᠶᠠᠯᠠᠬᠤ ᠦᠨᠳᠦᠰᠦᠲᠡᠨ ᠰᠣᠯᠪᠢᠴᠠᠨ ᠠᠭᠤᠰᠤᠯᠴᠠᠭ᠍ᠤ ᠡᠮᠦᠨ᠎ᠡ ᠹᠷᠣᠨᠲ ᠤ᠋ᠨ ᠵᠢᠭ᠍ᠰᠠᠭᠠᠯ ᠤ᠋ᠨ ᠭᠠᠵᠠᠷ᠂ ᠮᠥᠨ ᠴᠦ᠍ 《ᠪᠠᠷᠠᠭᠤᠨᠰᠢ ᠨᠡᠬᠦᠳᠡᠯ》 ᠤ᠋ᠨ ᠴᠢᠬᠤᠯᠠ ᠵᠠᠮ ᠪᠤᠯᠤᠭᠰᠠᠨ ᠶᠤᠮ᠃

《ᠶᠦᠨ ᠵᠦ᠋ᠩ ᠵᠢᠶᠦ᠋ᠨ ᠤ᠋ ᠬᠠᠭᠤᠴᠢᠨ ᠬᠣᠲᠠ ᠶ᠋ᠢᠨ ᠪᠠᠭᠤᠷᠢ ᠡᠴᠡ ᠪᠠᠰᠠ 〈ᠶᠦᠨ ᠵᠦᠩ〉 ᠬᠡᠮᠡᠬᠦ ᠬᠣᠶᠠᠷ ᠥᠰᠥᠭ ᠲᠡᠶ ᠰᠠᠪᠠ ᠶ᠋ᠢᠨ ᠢᠷᠣᠭᠠᠷ ᠵᠢᠴᠢ ᠴᠢᠨ ᠤᠯᠤᠰ ᠬᠠᠨ ᠤᠯᠤᠰ ᠤ᠋ᠨ ᠦᠶ᠎ᠡ ᠶ᠋ᠢᠨ ᠸᠠᠭᠠᠷ ᠰᠠᠪᠠ ᠵᠡᠷᠭᠡ ᠣᠯᠳᠠᠵᠠᠶ᠃ ᠡᠲᠡᠭᠡᠷ ᠨᠡᠭᠦᠳᠡᠯ ᠮᠠᠯᠵᠢᠯ ᠤ᠋ᠨ ᠦᠨᠳᠦᠰᠦᠲᠡᠨ ᠤ᠋ ᠣᠨᠴᠠᠯᠢᠭ ᠲᠠᠶ ᠮᠥᠷᠲᠡᠭᠡᠨ ᠪᠠᠰᠠ ᠵᠦᠩᠶᠤᠸᠠᠨ ᠣᠷᠣᠨ ᠤ᠋ ᠣᠨᠴᠠᠯᠢᠭ ᠲᠠᠶ ᠲᠡᠦᠬᠡ ᠶ᠋ᠢᠨ ᠳᠤᠷᠠᠰᠭᠠᠯᠲᠤ ᠵᠦᠶ᠋ᠯᠡᠰ ᠨᠢ ᠶᠦᠨ ᠵᠦ᠋ᠩ ᠬᠣᠲᠠ ᠶ᠋ᠢᠨ ᠭᠠᠵᠠᠷ ᠵᠦᠶ ᠶ᠋ᠢᠨ ᠪᠠᠢᠷᠢᠯᠠᠯ ᠣᠨᠴᠠᠭᠠᠶ᠂ ᠰᠣᠶᠣᠯ ᠤ᠋ᠨ ᠠᠭᠤᠰᠤᠯᠴᠠᠯ ᠤ᠋ᠨ ᠨᠡᠢᠲᠡᠯᠢᠭ ᠲᠥᠯᠥᠭᠡᠯᠡᠬᠦ᠌ ᠴᠢᠨᠠᠷᠲᠠᠶ ᠬᠣᠲᠠ ᠪᠠᠯᠭᠠᠰᠤ ᠪᠣᠯᠬᠤ ᠵᠢ ᠬᠠᠷᠠᠭᠤᠯᠵᠤ ᠪᠠᠢᠨ᠎ᠠ》 ᠭᠡᠵᠦ᠍ ᠱ᠌ᠢ ᠯᠸᠢ ᠬᠡᠯᠡᠪᠠ᠃

ᠬᠥᠮᠦᠰ ᠤ᠋ᠨ ᠰᠡᠳᠭᠢᠯ ᠳ᠋ᠦ ᠬᠠᠳᠠᠩᠰᠢᠭᠰᠠᠨ ᠡᠷᠲᠡᠨ ᠤ᠋ ᠬᠣᠲᠠ ᠶᠦᠨ ᠵᠦᠩ

64 ᠨᠠᠰᠤᠲᠠᠢ ᠵᠠᠩ ᠫᠢᠩ ᡁᠢ ᠪᠣᠯ ᠬᠦ ᠴᠧᠩ ᠲᠣᠰᠭᠣᠨ ᠳ᠋ᠦ ᠲᠦᠷᠦᠵᠦ᠍ ᠥᠰᠦᠭ᠌ᠰᠡᠨ ᠲᠠᠷᠢᠶᠠᠴᠢᠨ ᠶᠤᠮ᠃ 《ᠶᠦᠨ ᠵᠦᠩ ᠵᠢᠶᠦ᠋ᠨ ᠤ᠋ ᠬᠠᠭᠤᠴᠢᠨ ᠬᠤᠳᠠ ᠶ᠋ᠢᠨ ᠲᠡᠦᠬᠡ ᠰᠣᠶᠣᠯ ᠨᠢ ᠪᠢᠳᠡᠨ ᠳ᠋ᠦ ᠠᠪᠴᠤ᠌ ᠬᠡᠯᠡᠪᠡᠯ ᠨᠢᠭᠡ ᠵᠦᠢᠯ ᠤ᠋ᠨ ᠤᠮᠤᠭᠰᠢᠯ ᠪᠣᠯᠤᠨ᠎ᠠ᠂ ᠡᠨᠡ ᠬᠦ᠌ ᠨᠤᠲᠤᠭ ᠳᠡᠪᠢᠰᠭᠡᠷ ᠳᠡᠭᠡᠷ᠎ᠡ ᠠᠮᠢᠳᠤᠷᠠᠭ᠍ᠰᠠᠨ ᠳ᠋ᠠᠭᠠᠨ ᠪᠢᠳᠡ ᠣᠮᠣᠭ᠍ᠰᠢᠵᠤ ᠪᠠᠢᠨ᠎ᠠ᠃ ᠣᠢᠷ᠎ᠠ ᠶ᠋ᠢᠨ ᠵᠢᠯ ᠤ᠋ᠳ ᠲᠦ᠍ ᠱᠢᠶᠠᠨ ᠤ᠋ ᠵᠠᠰᠠᠭ ᠤ᠋ᠨ ᠣᠷᠳᠣᠨ ᠡᠴᠡ ᠬᠠᠭᠤᠴᠢᠨ ᠬᠤᠳᠠ ᠵᠢᠨ ᠪᠠᠭᠤᠷᠢ ᠵᠢ ᠬᠠᠮᠠᠭᠠᠯᠠᠬᠤ ᠡᠷᠴᠢᠮ ᠢ᠋ ᠴᠢᠩᠭᠠᠷᠠᠭᠤᠯᠵᠤ᠂ ᠪᠠᠭᠤᠷᠢ ᠵᠢ ᠲᠣᠣᠷᠯᠠᠨ ᠬᠦᠷᠢᠶᠡᠯᠡᠵᠦ᠍᠂ ᠡᠪᠳᠡᠯᠡᠭᠡ ᠡᠴᠡ ᠰᠡᠷᠭᠡᠢᠯᠡᠵᠦ ᠪᠠᠢᠨ᠎ᠠ》 ᠬᠡᠵᠦ ᠲᠡᠷᠡ ᠬᠡᠯᠡᠨ᠎ᠠ᠃

ᠶᠦᠨ ᠵᠥᠩ ᠵᠢᠶᠦ᠋ᠨ ᠤ᠋ ᠬᠠᠭᠤᠴᠢᠨ ᠬᠣᠲᠠ ᠶ᠋ᠢᠨ ᠪᠠᠭᠤᠷᠢ ᠶ᠋ᠢᠨ ᠬᠠᠮᠠᠭᠠᠯᠠᠯᠲᠠ ᠵᠢ ᠤᠯᠠᠮ ᠨᠢᠭᠡ ᠠᠯᠬᠤᠮ ᠴᠢᠩᠭᠠᠳᠭᠠᠬᠤ ᠶ᠋ᠢᠨ ᠲᠥᠯᠥᠭᠡ᠂ ᠲᠣᠭ᠍ᠲᠠᠬᠤ ᠱᠢᠶᠠᠨ ᠤ᠋ ᠰᠣᠶᠣᠯ ᠵᠢᠭᠤᠯᠴᠢᠯᠠᠯ ᠪᠡᠶ᠎ᠡ ᠶ᠋ᠢᠨ ᠲᠠᠮᠢᠷ ᠤ᠋ᠨ ᠲᠣᠪᠴᠢᠶ᠎ᠠ᠂ ᠱᠢᠭᠦᠬᠦ᠌ ᠬᠣᠷᠢᠶ᠎ᠠ᠂ ᠪᠠᠢᠴᠠᠭᠠᠬᠤ ᠬᠣᠷᠢᠶ᠎ᠠ ᠬᠠᠮᠲᠤᠷᠠᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠵᠠᠷᠯᠢᠭ ᠪᠠᠭᠤᠯᠭᠠᠵᠤ᠂ ᠬᠠᠭᠤᠴᠢᠨ ᠬᠣᠲᠠ ᠶ᠋ᠢᠨ ᠪᠠᠭᠤᠷᠢ ᠶ᠋ᠢᠨ ᠠᠮᠤᠷ ᠲᠦᠪᠱᠢᠨ ᠤ᠋ ᠰᠡᠷᠭᠡᠢᠯᠡᠯᠲᠡ ᠶ᠋ᠢᠨ ᠢᠨᠵᠧᠨᠧᠷᠢᠩ ᠢ᠋ ᠲᠠᠰᠤᠷᠠᠯᠲᠠ ᠥᠬᠡᠶ ᠲᠡᠭᠦᠯᠳᠡᠷᠵᠢᠭᠦᠯᠤᠨ ᠲᠣᠭᠠᠴᠢᠯᠠᠭ᠍ᠰᠠᠨ᠂ ᠱᠢᠰᠲ᠋ᠧᠮᠲᠦ ᠬᠠᠮᠠᠭᠠᠯᠠᠯᠲᠠ ᠬᠢᠵᠦ᠍᠂ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠠᠮᠤᠷ ᠲᠦᠪᠱᠢᠨ ᠤ᠋ ᠬᠣᠷᠢᠭ᠎ᠠ ᠱᠤᠭᠤᠮ ᠢ᠋ ᠪᠠᠲᠤ ᠴᠣᠭ᠍ᠴᠠᠯᠠᠪᠠ᠃

2013 ᠣᠨ ᠳ᠋ᠦ᠂ ᠶᠦᠨ ᠵᠦᠩ ᠵᠢᠶᠦ᠋ᠨ ᠤ᠋ ᠬᠠᠭᠤᠴᠢᠨ ᠬᠤᠳᠠ ᠶ᠋ᠢᠨ ᠪᠠᠭᠤᠷᠢ ᠳᠣᠯᠣᠳᠤᠭᠠᠷ ᠪᠦᠯᠦᠭ ᠤ᠋ᠨ ᠪᠦᠬᠦ᠌ ᠤᠯᠤᠰ ᠤ᠋ᠨ ᠭᠣᠣᠯᠳᠠᠯᠭ᠎ᠠ ᠲᠠᠶ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠬᠠᠮᠠᠭᠠᠯᠠᠯᠲᠠ ᠶ᠋ᠢᠨ ᠨᠢᠭᠡᠴᠢ ᠳ᠋ᠦ ᠵᠢᠭ᠍ᠰᠠᠭᠠᠭ᠍ᠳᠠᠪᠠ᠃ 2024 ᠣᠨ ᠳ᠋ᠦ᠂ ᠲᠣᠭ᠍ᠲᠠᠬᠤ ᠱᠢᠶᠠᠨ ᠤ᠋ ᠮᠦᠽᠧᠢ ᠨᠢ 《ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠬᠥᠬᠡᠬᠣᠲᠠ ᠶ᠋ᠢᠨ ᠬᠥᠮᠦᠵᠢᠯ ᠤ᠋ᠨ ᠦᠢᠯᠡᠳᠦᠯᠭᠡ ᠶ᠋ᠢᠨ ᠰᠠᠭᠤᠷᠢᠨ》 ᠵᠢᠡᠷ ᠦᠨᠡᠯᠡᠭ᠌ᠳᠡᠪᠡ᠃ ᠶᠦᠨ ᠵᠥᠩ ᠵᠢᠶᠦ᠋ᠨ ᠤ᠋ ᠬᠠᠭᠤᠴᠢᠨ ᠬᠣᠲᠠ ᠶ᠋ᠢᠨ ᠪᠠᠭᠤᠷᠢ ᠨᠢ ᠬᠡᠳᠦᠢᠪᠡᠷ 2400 ᠭᠠᠷᠤᠶ ᠵᠢᠯ ᠤ᠋ᠨ ᠰᠠᠯᠬᠢ ᠪᠣᠷᠣᠭᠠᠨ ᠢ᠋ ᠥᠩᠭᠡᠷᠡᠭᠡᠭ᠌ᠰᠡᠨ ᠪᠣᠯᠪᠠᠴᠤ᠌ ᠮᠥᠨ ᠯᠡ ᠡᠨᠡ ᠬᠦ᠌ ᠡᠷᠲᠡᠨ ᠤ᠋ ᠨᠤᠲᠤᠭ ᠳᠡᠪᠢᠰᠭᠡᠷ ᠢ᠋ᠶ᠋ᠡᠨ ᠰᠠᠬᠢᠨ ᠬᠠᠮᠠᠭᠠᠯᠠᠵᠤ᠂ ᠡᠨᠡ ᠬᠦ᠌ ᠨᠤᠲᠤᠭ ᠳᠡᠪᠢᠰᠭᠡᠷ ᠳᠡᠭᠡᠷ᠎ᠡ ᠠᠮᠢᠳᠤᠷᠠᠵᠤ ᠪᠠᠢᠭ᠎ᠠ ᠬᠥᠮᠦᠰ ᠴᠦ᠍ ᠡᠨᠡ ᠬᠦ᠌ ᠬᠣᠪᠣᠷ ᠨᠠᠨᠳᠢᠨ ᠥᠪ ᠬᠥᠷᠥᠩᠭᠡ ᠪᠡᠨ ᠦᠷᠭᠦᠯᠵᠢᠯᠡᠨ ᠰᠠᠬᠢᠨ ᠬᠠᠮᠠᠭᠠᠯᠠᠵᠤ ᠪᠠᠢᠨ᠎ᠠ᠃

ᠡᠷᠲᠡ᠎ᠴᠠᠭ ᠤ᠋ᠨ ᠶᠦᠨ ᠵᠦᠩ ᠣᠷᠣᠨ ᠪᠣᠯ ᠲᠤᠭ ᠳᠠᠯᠪᠠᠭ᠎ᠠ ᠬᠡᠢᠰᠬᠡᠭᠰᠡᠨ ᠳᠠᠢᠨ ᠤ᠋ ᠲᠠᠯᠠᠪᠤᠷ ᠪᠠᠢᠭ᠍ᠰᠠᠨ ᠪᠥᠭᠡᠳ ᠦᠨᠳᠦᠰᠦᠲᠡᠨ ᠤ᠋ ᠠᠭᠤᠰᠤᠯᠴᠠᠯ ᠤ᠋ᠨ ᠴᠡᠩᠭᠡᠯ ᠤ᠋ᠨ ᠣᠷᠣᠨ ᠪᠠᠢᠭ᠍ᠰᠠᠨ ᠶᠤᠮ᠃ ᠮᠢᠩᠭᠠᠨ ᠤᠨ ᠤ᠋ ᠶᠦᠨ ᠵᠦᠩ ᠣᠷᠣᠨ ᠳ᠋ᠦ᠂ ᠳᠠᠯᠠᠨ ᠬᠠᠷ᠎ᠠ ᠠᠭᠤᠯᠠ ᠶ᠋ᠢᠨ ᠦᠪᠦᠷ ᠳᠡᠬᠢ ᠥᠩ ᠱᠢᠮᠡᠯᠢᠭ ᠨᠤᠲᠤᠭ ᠳᠡᠪᠢᠰᠭᠡᠷ ᠳᠡᠭᠡᠷ᠎ᠡ ᠾᠦᠩᠨᠦ᠍᠂ ᠱᠢᠶᠡᠨᠪᠢ᠂ ᠷᠸᠦ ᠷᠠᠨ᠂ ᠬᠢᠳᠠᠨ᠂ ᠵᠦᠷᠴᠢᠨ᠂ ᠮᠣᠩᠭᠣᠯ ᠵᠡᠷᠭᠡ ᠤᠮᠠᠷᠠᠲᠤ ᠶ᠋ᠢᠨ ᠨᠡᠭᠦᠳᠡᠯᠴᠢᠨ ᠦᠨᠳᠦᠰᠦᠲᠡᠨ ᠳᠤᠮᠳᠠᠳᠤ ᠣᠷᠣᠨ ᠤ᠋ ᠬᠦᠭᠵᠢᠯᠳᠡ ᠳ᠋ᠦ ᠲᠠᠰᠤᠷᠠᠯᠲᠠ ᠥᠬᠡᠶ ᠬᠦᠴᠦ ᠨᠡᠮᠡᠷᠢᠯᠡᠵᠦ᠂ ᠡᠯ᠎ᠠ ᠦᠨᠳᠦᠰᠦᠲᠡᠨ ᠡᠨᠡ ᠬᠦ᠌ ᠨᠤᠲᠤᠭ ᠳᠡᠪᠢᠰᠭᠡᠷ ᠳᠡᠭᠡᠷ᠎ᠡ ᠬᠠᠷᠢᠯᠴᠠᠨ ᠶᠠᠪᠤᠯᠴᠠᠵᠤ ᠬᠠᠷᠢᠯᠴᠠᠨ ᠠᠭᠤᠰᠤᠯᠴᠠᠵᠤ ᠪᠠᠢᠳᠠᠭ᠃ ᠳᠠᠢᠨ ᠪᠠ ᠡᠩᠬᠡ ᠲᠠᠢᠪᠤᠩ ᠤ᠋ᠨ ᠰᠣᠯᠢᠭ᠍ᠳᠠᠯ ᠳᠤᠮᠳᠠ᠂ ᠨᠤᠲᠤᠭ ᠪᠡᠯᠴᠢᠬᠡᠷ ᠪᠠ ᠲᠠᠷᠢᠶᠠᠨ ᠭᠠᠵᠠᠷ ᠤ᠋ᠨ ᠰᠤᠯᠢᠭᠳᠠᠯ ᠳᠤᠮᠳᠠ᠂ ᠮᠢᠩᠭᠠᠨ ᠣᠨ ᠤ᠋ ᠶᠦᠨ ᠵᠦᠩ ᠣᠷᠣᠨ ᠨᠢ ᠦᠨᠳᠦᠰᠦᠲᠡᠨ ᠤ᠋ ᠶᠡᠬᠡ ᠠᠭᠤᠰᠤᠯᠴᠠᠯ ᠳᠤᠮᠳᠠ ᠳᠤᠮᠳᠠᠳᠤ ᠶ᠋ᠢᠨ ᠦᠨᠳᠦᠰᠦᠲᠡᠨ ᠤ᠋ ᠴᠢᠰᠤ ᠮᠢᠬᠠᠨ ᠤ᠋ ᠠᠭᠤᠰᠤᠯᠴᠠᠯ ᠤ᠋ᠨ ᠠᠸ᠋ᠭ᠎ᠠ ᠰᠦᠷᠯᠢᠭ ᠬᠠᠭᠤᠳᠠᠰᠤ ᠵᠢ ᠳᠡᠯᠭᠡᠨ ᠦᠵᠡᠭᠦᠯᠵᠡᠶ᠃

《ᠡᠨᠡ ᠬᠦ᠌ 2400 ᠭᠠᠷᠤᠶ ᠵᠢᠯ ᠤ᠋ᠨ ᠲᠡᠦᠬᠡ ᠲᠡᠶ ᠡᠷᠲᠡᠨ ᠤ᠋ ᠬᠣᠲᠠ ᠨᠢ ᠲᠥᠷᠥ᠍ ᠬᠦᠷᠳ ᠤ᠋ ᠰᠣᠯᠢᠭ᠍ᠳᠠᠯ ᠪᠠ ᠰᠣᠶᠣᠯ ᠤ᠋ᠨ ᠮᠥᠷᠭᠥᠯᠳᠦᠭᠡᠨ ᠢ᠋ ᠭᠡᠷᠡᠴᠢᠯᠡᠵᠦ᠍ ᠪᠤᠢ᠃ ᠪᠢᠳᠡ ᠱᠢᠨᠵᠢᠯᠡᠬᠦ᠌ ᠤᠬᠠᠭᠠᠨᠴᠢ ᠵᠢᠭᠤᠯᠴᠢᠯᠠᠯ ᠤ᠋ᠨ ᠨᠡᠭᠡᠭᠡᠯᠲᠡ ᠪᠡᠷ ᠳᠡᠮᠵᠢᠨ ᠶᠦᠨ ᠵᠥᠩ ᠵᠢᠶᠦ᠋ᠨ ᠤ᠋ ᠬᠠᠭᠤᠴᠢᠨ ᠬᠣᠲᠠ ᠶ᠋ᠢᠨ ᠪᠠᠭᠤᠷᠢ ᠶ᠋ᠢᠨ ᠲᠡᠦᠬᠡ ᠶ᠋ᠢᠨ ᠦᠨ᠎ᠡ ᠥᠷᠲᠡᠭ ᠢ᠋ ᠨᠠᠩ ᠣᠯᠠᠨ ᠬᠥᠮᠦᠨ ᠳ᠋ᠦ ᠦᠵᠡᠭᠦᠯᠬᠦ᠌ ᠵᠢ ᠬᠦᠰᠡᠵᠦ᠍ ᠪᠠᠢᠨ᠎ᠠ》 ᠭᠡᠵᠦ᠍ ᠵᠠᠩ ᠫᠢᠩ ᡁᠢ ᠬᠡᠯᠡᠨ᠎ᠡ᠃

ᠰᠠᠶᠢᠬᠠᠨ ᠥᠩᠭᠡᠷᠡᠭ᠌ᠰᠡᠨ 2025 ᠣᠨ ᠤ᠋ ᠤᠯᠤᠰ ᠤ᠋ᠨ ᠪᠠᠶᠠᠷ ᠪᠤᠯᠤᠨ ᠨᠠᠶ᠋ᠮᠠᠨ ᠰᠠᠷ᠎ᠠ ᠶ᠋ᠢᠨ ᠲᠡᠷᠭᠡᠯ ᠪᠠᠶᠠᠷ ᠤ᠋ᠨ ᠠᠮᠠᠷᠠᠯᠲᠠ ᠶ᠋ᠢᠨ ᠬᠤᠭᠤᠴᠠᠭᠠᠨ ᠳ᠋ᠦ᠂ ᠲᠣᠭ᠍ᠲᠠᠬᠤ ᠱᠢᠶᠠᠨ ᠤ᠋ ᠵᠢᠭᠤᠯᠴᠢᠯᠠᠯ ᠤ᠋ᠨ ᠶᠡᠷᠦᠩᠬᠡᠶ ᠣᠷᠣᠯᠭ᠎ᠠ 940.6 ᠲᠦᠮᠡᠨ ᠲᠥᠭᠥᠷᠢᠭ ᠲᠦ᠍ ᠬᠦᠷᠴᠡᠶ᠃ ᠴᠡᠷᠢᠭ ᠤ᠋ᠨ ᠶᠠᠪᠤᠳᠠᠯ ᠤ᠋ᠨ ᠴᠠᠢᠵᠠ ᠡᠴᠡ ᠰᠣᠶᠣᠯ ᠵᠢᠭᠤᠯᠴᠢᠯᠠᠯ ᠤ᠋ᠨ ᠨᠡᠷ᠎ᠡ ᠶ᠋ᠢᠨ ᠬᠠᠭᠤᠳᠠᠰᠤ ᠬᠦᠷᠲᠡᠯ᠎ᠡ᠂ ᠥᠩᠭᠡᠷᠡᠭ᠌ᠰᠡᠨ ᠤ᠋ ᠬᠤᠷᠴᠠ ᠵᠡᠪᠰᠡᠭ ᠬᠤᠷᠳᠤᠨ ᠮᠣᠷᠢᠳ ᠨᠢ ᠥᠨᠥᠳᠦᠷ ᠤ᠋ᠨ ᠰᠣᠶᠣᠯ ᠵᠢᠭᠤᠯᠴᠢᠯᠠᠯ ᠤ᠋ᠨ ᠠᠭᠤᠰᠤᠯᠴᠠᠯ ᠤ᠋ᠨ ᠨᠠᠢᠷᠠᠯ ᠬᠥᠭ᠌ᠵᠢᠮ ᠪᠤᠯᠵᠤ᠂ ᠶᠦᠨ ᠵᠦᠩ ᠵᠢᠶᠦ᠋ᠨ ᠤ᠋ ᠬᠠᠭᠤᠴᠢᠨ ᠬᠤᠳᠠ ᠶ᠋ᠢᠨ ᠪᠠᠭᠤᠷᠢ ᠨᠢ ᠨᠢᠭᠡᠨᠲᠡ ᠥᠩᠭᠡᠷᠡᠭ᠌ᠰᠡᠨ ᠪᠠ ᠢᠷᠡᠭᠡᠳᠦᠢ ᠵᠢ ᠬᠣᠯᠪᠣᠭ᠍ᠰᠠᠨ ᠰᠣᠶᠣᠯ ᠤ᠋ᠨ ᠬᠥᠭᠥᠷᠭᠡ ᠪᠤᠯᠵᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠱᠢᠨ᠎ᠡ ᠬᠥᠭ᠌ᠵᠢᠯᠲᠡ ᠶ᠋ᠢᠨ ᠬᠠᠭᠤᠳᠠᠰᠤ ᠵᠢ ᠲᠠᠰᠤᠷᠠᠯᠳᠠ ᠦᠭᠡᠢ ᠪᠢᠴᠢᠭ᠌ᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号