ᠵᠧᠩ ᠯᠢ ᠸᠸᠨ ᠰᠢ ᠵᠢᠨ ᠫᠢᠩ᠎ᠳᠦ ᠬᠠᠷᠢᠭᠤ ᠴᠠᠬᠢᠯᠭᠠᠨ ᠴᠢᠮᠡᠭᠡ ᠶᠠᠪᠤᠭᠤᠯᠵᠤ ᠲᠠᠯᠠᠷᠬᠠᠵᠤ ᠪᠠᠢᠬᠤ᠎ᠪᠠᠨ ᠢᠯᠡᠳᠭᠡᠵᠠᠢ
ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ ᠰᠢ ᠵᠢᠨ ᠫᠢᠩ 19 ᠤ᠋ ᠡᠳᠦᠷ ᠵᠧᠩ ᠯᠢ ᠸᠧᠨ ᠳ᠋ᠤ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠦ ᠳᠤᠮᠳᠠᠳᠤ ᠤᠯᠤᠰ ᠤᠨ ᠭᠣᠮᠢᠨᠳᠠᠩ᠎ᠤᠨ ᠲᠡᠷᠢᠭᠦᠯᠡᠭ᠌ᠴᠢ᠎ᠪᠡᠷ ᠰᠣᠩᠭᠣᠭ᠍ᠳᠠᠭ᠍ᠰᠠᠨ᠎ᠳᠤ ᠪᠠᠶᠠᠷ ᠬᠦᠷᠭᠡᠵᠦ᠍᠂ ᠣᠯᠠᠨ ᠵᠢᠯ᠎ᠦᠨ ᠲᠤᠷᠰᠢ ᠬᠣᠶᠠᠷ ᠨᠠᠮ 《ᠶᠡᠷᠡᠨ ᠬᠣᠶᠠᠷ ᠣᠨ᠎ᠤ ᠬᠠᠮᠲᠤ᠎ᠶ᠋ᠢᠨ ᠲᠠᠨᠢᠯᠲᠠ》 ᠶ᠋ᠢ ᠪᠠᠷᠢᠮᠲᠠᠯᠠᠵᠤ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ 》 ᠶ᠋ᠢ ᠡᠰᠡᠷᠭᠦᠴᠡᠭ᠌ᠰᠡᠨ ᠬᠠᠮᠲᠤ᠎ᠶ᠋ᠢᠨ ᠤᠯᠤᠰ ᠲᠥᠷᠥ᠎ᠶ᠋ᠢᠨ ᠰᠠᠭᠤᠷᠢᠨ ᠳᠡᠭᠡᠷ᠎ᠡ ᠲᠠᠢᠸᠠᠨ ᠬᠣᠭᠣᠯᠠᠶ᠎ᠶ᠋ᠢᠨ ᠬᠣᠶᠠᠷ ᠬᠥᠪᠡᠭᠡᠨ᠎ᠦ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠵᠤ᠂ ᠲᠠᠢᠸᠠᠨ ᠬᠣᠭᠣᠯᠠᠶ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠠᠭᠠᠯᠠᠬᠤ᠂ ᠲᠠᠢᠸᠠᠨ ᠬᠣᠭᠣᠯᠠᠶ᠎ᠶ᠋ᠢᠨ ᠬᠣᠶᠠᠷ ᠬᠥᠪᠡᠭᠡᠨ᠎ᠦ ᠠᠬ᠎ᠠ ᠳᠡᠭᠦᠦ᠍᠎ᠨᠡᠷ᠎ᠦᠨ ᠲᠥᠷᠥᠯ ᠰᠠᠳᠤᠨ᠎ᠤ ᠬᠠᠢᠷ᠎ᠠ ᠰᠡᠳᠭᠢᠯᠭᠡ ᠠᠵᠠ ᠵᠢᠷᠭᠠᠯ᠎ᠢ ᠨᠡᠮᠡᠭ᠌ᠳᠡᠭᠦᠯᠬᠦ᠌᠎ᠪᠡᠷ ᠴᠢᠷᠮᠠᠢᠵᠤ ᠂ ᠢᠳᠡᠪᠬᠢᠳᠠᠢ ᠦᠷ᠎ᠡ ᠪᠦᠲᠦᠮᠵᠢ ᠤᠯᠪᠠ᠃ ᠣᠳᠣᠬᠠᠨ᠎ᠳᠤ ᠳᠡᠯᠡᠬᠡᠢ ᠳ᠋ᠠᠬᠢᠨ᠎ᠤ ᠵᠠᠭᠤᠨ ᠵᠢᠯ᠎ᠳ᠋ᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠤᠯᠠᠷᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠵᠢᠨ ᠰᠦᠷ ᠬᠦᠴᠦᠨ ᠬᠤᠷᠢᠬ᠍ᠯᠠᠭ᠍ᠳᠠᠰᠢ ᠦᠭᠡᠢ ᠪᠤᠯᠵᠠᠢ᠃ ᠬᠣᠶᠠᠷ ᠨᠠᠮ ᠬᠠᠮᠲᠤ᠎ᠶ᠋ᠢᠨ ᠤᠯᠤᠰ ᠲᠦᠷᠦ᠍᠎ᠶ᠋ᠢᠨ ᠰᠠᠭᠤᠷᠢ᠎ᠶ᠋ᠢ ᠪᠠᠷᠢᠮᠲᠠᠯᠠᠨ᠂ ᠥᠷᠭᠡᠨ ᠤᠯᠠᠨ ᠲᠠᠢᠸᠠᠨ᠎ᠤ ᠠᠬ᠎ᠠ ᠳᠡᠭᠦᠦ᠍ ᠨᠡᠷ᠎ᠲᠡᠶ ᠪᠦᠯᠬᠦᠮᠳᠡᠵᠦ᠍᠂ ᠳᠤᠮᠳᠠᠳᠤ ᠤᠯᠤᠰ᠎ᠤᠨ ᠬᠥᠮᠦᠨ ᠪᠣᠯᠤᠬᠰᠠᠨ ᠡᠷᠴᠢ ᠵᠣᠷᠢᠭ᠂ ᠰᠥᠰᠥ᠍ ᠵᠣᠷᠢᠭ᠂ ᠢᠲᠡᠭᠡᠯ ᠵᠣᠷᠢᠭ᠎ᠢᠶᠠᠨ ᠨᠡᠮᠡᠭ᠌ᠳᠡᠭᠦᠯᠦᠨ᠂ ᠰᠣᠯᠢᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠠᠮᠲᠤ᠎ᠶ᠋ᠢᠨ ᠬᠥᠭ᠌ᠵᠢᠯᠲᠡ᠎ᠶ᠋ᠢ ᠠᠬᠢᠭᠤᠯᠤᠨ᠂ ᠤᠯᠤᠰ ᠣᠷᠣᠨ᠎ᠤ ᠨᠢᠭᠡᠳᠦᠯ᠎ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠭᠡᠷ ᠣᠷᠣᠨ᠎ᠢᠶᠠᠨ ᠡᠷᠡᠰ ᠰᠠᠬᠢᠨ ᠬᠠᠮᠠᠭᠠᠯᠠᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡᠨ ᠤ᠋ ᠠᠬ᠎ᠠ ᠳᠡᠭᠦᠦ᠍᠎ᠨᠡᠷ᠎ᠦᠨ ᠦᠨᠳᠦᠰᠦᠨ ᠠᠱᠢᠭ ᠲᠤᠰᠠ᠎ᠶ᠋ᠢ ᠰᠠᠬᠢᠨ ᠬᠠᠮᠠᠭᠠᠯᠠᠵᠤ᠂ ᠭᠠᠷ ᠬᠣᠯᠪᠣᠨ ᠳᠤᠮᠳᠠᠳᠤ᠎ᠶ᠋ᠢᠨ ᠦᠨᠳᠦᠰᠦᠲᠡᠨ᠎ᠦ ᠨᠡᠩ ᠰᠠᠢ᠌ᠨ ᠰᠠᠢᠬᠠᠨ ᠢᠷᠡᠭᠡᠳᠦᠢ᠎ᠶ᠋ᠢ ᠡᠬᠦᠳᠦᠨ ᠨᠡᠭᠡᠭᠡᠬᠦ᠌᠎ᠶ᠋ᠢ ᠬᠦᠰᠡᠵᠦ᠍ ᠪᠠᠢᠨ᠎ᠠ ᠭᠡᠵᠤ ᠵᠢᠭᠠᠵᠤ ᠭᠠᠷᠭᠠᠪᠠ᠃
ᠲᠤᠰ ᠡᠳᠦᠷ᠂ ᠱᠢᠨ᠎ᠡ᠎ᠪᠡᠷ ᠰᠣᠩᠭᠣᠭ᠍ᠳᠠᠭ᠍ᠰᠠᠨ ᠳᠤᠮᠳᠠᠳᠤ ᠤᠯᠤᠰ᠎ᠤᠨ ᠭᠣᠮᠢᠨᠳᠠᠩ᠎ᠤᠨ ᠲᠡᠷᠢᠭᠦᠯᠡᠭ᠌ᠴᠢ ᠵᠧᠩ ᠯᠢ ᠸᠸᠨ ᠬᠠᠷᠢᠭᠤ ᠴᠠᠬᠢᠯᠭᠠᠨ ᠴᠢᠮᠡᠭᠡ ᠶᠠᠪᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠳᠦ ᠲᠠᠯᠠᠷᠬᠠᠵᠤ ᠪᠠᠢᠬᠤ᠎ᠪᠠᠨ ᠢᠯᠡᠳᠭᠡᠪᠡ᠃ ᠲᠡᠷᠡ᠂ ᠲᠠᠢᠸᠠᠨ ᠬᠣᠭᠣᠯᠠᠶ᠎ᠶ᠋ᠢᠨ ᠬᠣᠶᠠᠷ ᠬᠦᠪᠡᠭᠡᠨ ᠤ᠋ ᠬᠢᠨ 1992 ᠣᠨ᠎ᠳᠤ ᠲᠤᠰ ᠲᠤᠰ ᠶᠠᠷᠢᠶᠠᠨ᠎ᠤ ᠬᠡᠯᠪᠡᠷᠢ᠎ᠪᠡᠷ ᠢᠯᠡᠳᠭᠡᠭᠰᠡᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠪᠠᠷᠢᠮᠲᠠᠯᠠᠨ᠎ᠠ ᠬᠡᠬᠦ ᠬᠠᠮᠲᠤ᠎ᠶ᠋ᠢᠨ ᠲᠠᠨᠢᠯᠲᠠ ᠲᠠᠢ ᠪᠤᠯᠪᠠ᠃ ᠬᠣᠶᠠᠷ ᠨᠠᠮ 《ᠶᠡᠷᠡᠨ ᠬᠣᠶᠠᠷ ᠣᠨ᠎ᠤ ᠬᠠᠮᠲᠤ᠎ᠶ᠋ᠢᠨ ᠲᠠᠨᠢᠯᠲᠠ》 ᠵᠢ ᠪᠠᠷᠢᠮᠲᠠᠯᠠᠵᠤ᠂ 《ᠲᠠᠢᠸᠠᠨ ᠢ ᠲᠤᠰᠠᠭᠠᠷ ᠲᠣᠭ᠍ᠲᠠᠨᠢᠭᠤᠯᠬᠤ 》 ᠵᠢ ᠡᠰᠡᠷᠭᠦᠴᠡᠬᠦ᠌ ᠬᠠᠮᠲᠤ᠎ᠶ᠋ᠢᠨ ᠤᠯᠤᠰ ᠲᠦᠷᠦ᠍᠎ᠶ᠋ᠢᠨ ᠰᠠᠭᠤᠷᠢᠨ ᠳᠡᠭᠡᠷ᠎ᠡ ᠬᠣᠶᠠᠷ ᠬᠥᠪᠡᠭᠡᠨ᠎ᠦ ᠬᠠᠷᠢᠯᠴᠠᠭ᠎ᠠ᠎ᠶ᠋ᠢᠨ ᠨᠠᠢᠷᠠᠮᠳᠠᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠠᠯᠢ ᠤᠯᠠᠨ ᠲᠡᠦᠬᠡᠲᠦ ᠴᠢᠨᠠᠷᠲᠠᠢ ᠠᠮᠵᠢᠯᠲᠠ ᠣᠯᠵᠠᠢ᠃ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ ᠪᠣᠯ ᠴᠥᠮ ᠶᠠᠨᠳᠢ ᠬᠤᠸᠠᠩᠳᠢ᠎ᠶ᠋ᠢᠨ ᠦᠷᠡᠰ᠂ ᠴᠥᠮ ᠳᠤᠮᠳᠠᠳᠤ᠎ᠶ᠋ᠢᠨ ᠦᠨᠳᠦᠰᠦᠲᠡᠨ ᠮᠥᠨ᠃ ᠬᠣᠶᠠᠷ ᠨᠠᠮ ᠨᠢᠭᠡᠨᠲᠡ ᠪᠠᠢᠭ᠎ᠠ ᠰᠠᠭᠤᠷᠢᠨ ᠳᠡᠭᠡᠷ᠎ᠡ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡᠨ ᠤ᠋ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠲᠠᠢᠸᠠᠨ ᠬᠣᠭᠣᠯᠠᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠠᠬᠢᠭᠤᠯᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡᠨ ᠤ᠋ ᠠᠷᠠᠳ ᠲᠦᠮᠡᠨ᠎ᠳᠦ ᠬᠠᠮᠤᠭ᠎ᠤᠨ ᠶᠡᠬᠡ ᠠᠵᠠ ᠵᠢᠷᠭᠠᠯ ᠣᠯᠭᠣᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠠᠤᠭ᠎ᠠ ᠶᠡᠬᠡ ᠢᠷᠡᠭᠡᠳᠦᠢ᠎ᠶ᠋ᠢ ᠨᠡᠭᠡᠭᠡᠵᠦ᠍ ᠥᠭ᠌ᠪᠡᠯ ᠵᠤᠬᠢᠨ᠎ᠠ ᠭᠡᠵᠤ ᠢᠯᠡᠳᠭᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 10 ᠰᠠᠷ᠎ᠠ᠎ᠶ᠋ᠢᠨ 19 ᠤ᠋ ᠴᠠᠬᠢᠯᠭᠠᠨ ᠮᠡᠳᠡᠭᠡ)