— 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠦᠶ᠋ᠯᠡᠳᠦᠯᠭᠡ ᠬᠢᠭᠡᠳ ᠰᠡᠩᠬᠡᠷᠡᠭᠦᠯᠦᠯ ᠤ᠋ᠨ ᠬᠦᠤᠷᠨᠢᠯ ᠱᠢᠭᠦᠮᠵᠢ (ᠭᠤᠷᠪᠡ)
ᠬᠥᠭ᠌ᠵᠢᠯᠲᠡ ᠪᠣᠯ ᠮᠠᠨ᠎ᠤ ᠤᠯᠤᠰ᠎ᠤᠨ ᠠᠯᠢᠪᠠ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠰᠠᠭᠤᠷᠢ ᠪᠠ ᠵᠠᠩᠭᠢᠯᠠᠭ᠎ᠠ ᠮᠥᠨ᠂ ᠴᠢᠨᠠᠷ ᠰᠠᠢᠲᠠᠢ ᠬᠥᠭ᠌ᠵᠢᠯᠲᠡ ᠪᠣᠯ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠢᠯᠡᠷᠡᠭᠦᠯᠬᠦ᠌ ᠬᠥᠭ᠌ᠵᠢᠯᠲᠡ ᠮᠥᠨ᠃
ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠤᠯᠤᠰ᠎ᠤᠨ ᠬᠥᠭ᠌ᠵᠢᠯᠲᠡ ᠨᠢᠭᠡᠨᠲᠡ ᠱᠢᠨ᠎ᠡ ᠲᠡᠦᠬᠡ᠎ᠶ᠋ᠢᠨ ᠭᠠᠷᠤᠭ᠎ᠠ᠎ᠳᠤ ᠵᠣᠭ᠍ᠰᠣᠪᠠ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠤ ᠱᠢᠨ᠎ᠡ ᠱᠠᠭᠠᠷᠳᠠᠯᠭ᠎ᠠ᠎ᠶ᠋ᠢ ᠦᠨᠳᠦᠰᠦᠯᠡᠨ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠨᠡᠩ ᠣᠨᠣᠴᠠᠲᠠᠢ ᠲᠤᠭᠤᠱᠢᠯᠠᠭᠤᠯᠤᠨ᠂ ᠠᠷᠭ᠎ᠠ ᠬᠡᠮᠵᠢᠶ᠎ᠡ᠎ᠪᠡᠨ ᠨᠡᠩ ᠣᠨᠣᠴᠠᠲᠠᠢ ᠪᠣᠳᠠᠲᠠᠢᠪᠠᠢᠯᠭᠠᠬᠤ ᠵᠢ ᠡᠷᠬᠢᠮᠯᠡᠵᠦ᠍᠂ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ᠎ᠢ ᠦᠨᠡᠨ ᠬᠦ᠌ ᠰᠠᠢᠲᠤᠷ ᠱᠢᠢᠳᠪᠦᠷᠢᠯᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠢ》 ᠭᠡᠵᠤ ᠬᠦᠨᠵᠡᠭᠡᠢ ᠵᠢᠭᠠᠵᠤ ᠭᠠᠷᠭᠠᠪᠠ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠰᠢ ᠵᠢᠨ ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭᠠᠨ᠎ᠤ ᠵᠢᠯᠣᠭᠣᠳᠣᠯᠭ᠎ᠠ ᠳᠤᠤᠷ᠎ᠠ᠂ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ ᠲᠠᠰᠤᠷᠠᠯᠲᠠ ᠥᠬᠡᠶ ᠱᠢᠨ᠎ᠡ ᠦᠷ᠎ᠡ ᠪᠦᠲᠦᠮᠵᠢ ᠣᠯᠵᠤ᠂ ᠱᠢᠨ᠎ᠡ ᠠᠯᠬᠤᠮ᠎ᠢ ᠠᠯᠬᠤᠵᠤ᠂ ᠱᠢᠨ᠎ᠡ ᠳᠡᠭ᠌ᠲᠡᠷ᠎ᠲᠦ ᠭᠠᠷᠪᠠ᠃
ᠨᠢᠭᠡᠨ ᠰᠡᠩᠬᠡᠷᠡᠭᠦᠯᠦᠯ ᠬᠥᠮᠦᠰ᠎ᠦᠨ ᠰᠡᠳᠭᠢᠯ᠎ᠳᠦ ᠭᠦᠨ ᠬᠠᠳᠠᠩᠱᠢᠪᠠ᠄ ᠭᠠᠭ᠍ᠴᠠ ᠬᠦ᠌ ᠢᠮᠠᠬᠳᠠ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠵᠢᠯᠣᠭᠣᠳᠤᠮᠵᠢ ᠪᠣᠯᠭᠠᠪᠠᠯ ᠰᠠᠶᠢ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠬᠥᠭ᠌ᠵᠢᠯᠲᠡ᠎ᠶ᠋ᠢᠨ ᠳᠠᠪᠠᠭᠤᠯᠢᠭ᠎ᠢ ᠨᠡᠮᠡᠭᠳᠡᠬᠦᠯᠵᠤ᠂ ᠳᠤᠮᠳᠠᠳᠤ ᠤᠯᠤᠰ ᠨᠡᠷᠡᠮᠵᠢᠲᠦ ᠲᠤᠮᠤ ᠬᠥᠯᠭᠡ ᠣᠩᠭᠣᠴᠠ᠎ᠶ᠋ᠢᠨ ᠴᠢᠨᠠᠷ ᠰᠠᠢᠲᠠᠢ ᠬᠥᠭ᠌ᠵᠢᠯᠲᠡ ᠶ᠋ᠢᠨ ᠵᠠᠮ᠎ᠢᠶᠠᠷ ᠰᠠᠯᠬᠢ ᠪᠣᠷᠣᠭᠠᠨ᠎ᠢ ᠲᠤᠭᠤᠯᠵᠤ᠂ ᠳᠠᠪᠠᠯᠭᠠᠨ᠎ᠢ ᠵᠦᠰᠦᠨ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠵᠤ ᠴᠢᠳᠠᠨ᠎ᠠ᠃
ᠱᠢᠨᠵᠢᠯᠡᠬᠦ᠌ ᠤᠬᠠᠭᠠᠨᠴᠢ᠎ᠪᠠᠷ ᠵᠢᠯᠣᠭᠣᠳᠴᠤ᠌ ᠱᠢᠨ᠎ᠡ ᠬᠥᠭ᠌ᠵᠢᠯᠲᠡ᠎ᠶ᠋ᠢᠨ ᠤᠢᠯᠠᠭᠠᠬᠳᠠᠬᠤᠨ ᠢ᠋ ᠪᠦᠷᠢᠨ ᠪᠦᠲᠦᠨ ᠵᠥᠪ ᠣᠨᠣᠪᠴᠢᠲᠠᠶᠪᠥᠬᠥ᠌ ᠲᠠᠯ᠎ᠠ᠎ᠪᠠᠷ ᠲᠤᠭᠤᠰᠢᠯᠠᠭᠤᠯᠪᠠ
10 ᠰᠠᠷ᠎ᠠ᠎ᠶ᠋ᠢᠨ ᠤᠯᠠᠭᠠᠨᠰᠤᠬᠠᠢ ᠨᠠᠭᠤᠷ ᠲᠤ᠌᠂ ᠨᠣᠮᠢᠨ ᠳᠣᠯᠭᠢᠶᠠᠨ ᠲᠠᠪᠠᠯᠭᠠᠯᠠᠵᠤ᠂ ᠴᠠᠬᠤᠯᠠᠶ ᠰᠢᠪᠠᠭᠤ ᠬᠠᠯᠢᠨ ᠨᠢᠰᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠪᠠᠢᠷᠢᠯᠠᠭ᠎ᠠ ᠡᠨᠡ ᠬᠦ᠌ 《ᠪᠣᠭᠣᠮᠲᠠ᠎ᠶ᠋ᠢᠨ ᠭᠠᠳᠠᠨᠠᠬᠢ ᠭᠡᠷᠡᠯᠲᠦ ᠰᠤᠪᠤᠳ》 ᠨᠢ ᠨᠢᠭᠡᠨ ᠦᠶ᠎ᠡ ᠣᠷᠴᠢᠨ ᠲᠣᠭᠣᠷᠢᠨ᠎ᠤ ᠪᠣᠬᠢᠷᠲᠤᠯ᠎ᠡᠴᠡ ᠪᠣᠯᠵᠣ 《ᠵᠢᠶᠠᠩᠶᠢᠦ᠍ᠶ᠋ᠢᠨ ᠨᠠᠭᠤᠷ》 ᠬᠡᠮᠡᠭ᠌ᠳᠡᠵᠦ᠍᠂ ᠱᠢᠰᠲ᠋ᠧᠮ᠎ᠲᠡᠶ ᠠᠮᠢ ᠠᠬᠤᠶ᠎ᠶ᠋ᠢ ᠵᠠᠰᠠᠨ ᠰᠡᠷᠭᠦᠭᠡᠬᠦ᠌᠎ᠪᠡᠷ ᠳᠡᠮᠵᠢᠨ᠂ ᠡᠳᠤᠭᠡ 《ᠨᠡᠭᠦᠳᠡᠯ᠎ᠦᠨ ᠱᠢᠪᠠᠭᠤᠳ᠎ᠤᠨ ᠬᠡᠷ ᠣᠷᠣᠨ》 ᠪᠣᠯᠤᠭ᠍ᠰᠠᠨ ᠪᠠᠢᠨ᠎ᠠ᠃
2021 ᠣᠨ᠎ᠤ 3 ᠰᠠᠷ᠎ᠠ᠎ᠶ᠋ᠢᠨ 5 ᠤ᠋ ᠡᠳᠦᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠤᠯᠠᠭᠠᠨᠰᠤᠬᠠᠢ ᠨᠠᠭᠤᠷ᠎ᠤᠨ ᠵᠠᠰᠠᠯᠲᠠ《ᠪᠠᠰᠠ ᠤᠳᠠᠭᠠᠨ ᠲᠠᠭᠠᠭᠠᠮᠠᠭᠠᠢ ᠵᠢᠳᠬᠦᠯ ᠴᠢᠷᠮᠠᠢᠯᠭ᠎ᠠ ᠭᠠᠷᠭᠠᠬᠤ ᠭᠡᠷᠡᠭᠳᠠᠢ》 ᠭᠡᠵᠤ ᠶᠠᠷᠢᠬᠰᠡᠨ ᠪᠥᠭᠡᠳ ᠬᠤᠷᠠᠯ ᠳᠡᠭᠡᠷ᠎ᠡ᠄ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯ ᠨᠢᠭᠡᠨ ᠪᠦᠬᠦᠯᠢ ᠴᠣᠭ᠍ᠴᠠ ᠮᠥᠨ᠂ ᠡᠷᠬᠡᠪᠰᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠬᠦᠴᠦᠯᠡᠨ ᠦᠢᠯᠡᠴᠢᠯᠡᠬᠦ᠌ ᠪᠠ ᠠᠭᠤᠰᠤᠯᠴᠠᠬᠤ ᠬᠡᠷᠡᠭ᠌ᠲᠡᠢ ᠭᠡᠵᠦ᠍ ᠳᠤᠷᠠᠳᠴᠠᠢ᠃
《ᠪᠦᠷᠢᠨ ᠪᠦᠲᠦᠨ᠂ ᠵᠦᠪ ᠣᠨᠣᠪᠴᠢᠲᠠᠶ᠂ ᠪᠥᠬᠥ᠌ ᠲᠠᠯ᠎ᠠ ᠪᠡᠷ》 — ᠡᠨᠡ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠶᠡᠷᠦᠩᠬᠡᠶ ᠱᠦᠵᠢ ᠰᠢ ᠵᠢᠨ ᠫᠢᠩ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ ᠲᠤᠬᠠᠶ ᠳᠠᠬᠢᠨ ᠳᠠᠪᠲᠠᠨ ᠴᠢᠬᠤᠯᠠᠴᠢᠯᠠᠭ᠍ᠰᠠᠨ ᠵᠠᠩᠭᠢᠯᠠᠭ᠎ᠠ᠎ᠶ᠋ᠢᠨ ᠦᠭᠡ ᠪᠣᠯᠤᠨ᠎ᠠ᠃ 《ᠨᠠᠭᠤᠷ ᠴᠥᠭᠥᠷᠥᠮ᠎ᠢ ᠵᠠᠰᠠᠬᠤ》 ᠡᠴᠡ 《ᠰᠠᠪᠠ ᠭᠠᠵᠠᠷ᠎ᠢ ᠵᠠᠰᠠᠬᠤ》 ᠬᠦᠷᠲᠡᠯᠡᠬᠢ ᠤᠯᠠᠭᠠᠨᠰᠤᠬᠠᠢ ᠨᠠᠭᠤᠷ᠎ᠤᠨ 《ᠬᠡᠭᠡᠨᠴᠢᠷ ᠰᠠᠢᠬᠠᠨ ᠲᠦᠷᠢ ᠵᠢᠨ ᠬᠤᠪᠢᠷᠠᠯᠳᠠ》 ᠨᠢ ᠶᠠᠭ ᠡᠨᠡ ᠬᠦ᠌ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ᠎ᠤ ᠠᠮᠢᠳᠤᠯᠢᠭ ᠵᠢᠷᠤᠭ᠍ᠯᠠᠯ ᠪᠣᠯᠤᠨ᠎ᠠ᠃
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠤᠷᠤᠭ᠍ᠰᠠᠨ᠎ᠤ ᠳᠠᠷᠠᠭ᠎ᠠ᠂ ᠮᠠᠨ᠎ᠤ ᠨᠠᠮ᠎ᠤᠨ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠤ ᠲᠤᠬᠠᠶ ᠲᠠᠨᠢᠯᠲᠠ ᠤᠯᠠᠮ ᠨᠢᠭᠡ ᠠᠯᠬᠤᠮ ᠭᠦᠨᠵᠡᠭᠡᠢᠷᠡᠪᠡ᠄ 《ᠱᠢᠨ᠎ᠡ ᠴᠠᠭ ᠦᠶ᠎ᠡ ᠱᠢᠨ᠎ᠡ ᠱᠠᠲᠤ ᠦᠶ᠎ᠡ᠎ᠶ᠋ᠢᠨ ᠬᠥᠭ᠌ᠵᠢᠯᠲᠡ ᠡᠷᠬᠡᠪᠰᠢ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠡᠷᠬᠡᠪᠰᠢ ᠴᠢᠨᠠᠷ ᠰᠠᠢᠲᠠᠶ ᠬᠥᠭ᠌ᠵᠢᠯᠲᠡ ᠪᠠᠢᠬᠤ ᠬᠡᠷᠡᠭ᠌ᠲᠡᠶ》;《ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯᠤᠨ ᠴᠢᠨᠠᠷ ᠰᠠᠢᠲᠠᠢ ᠬᠥᠭ᠌ᠵᠢᠯᠲᠡ ᠪᠣᠯ ᠳᠣᠲᠣᠭᠠᠳᠤ ᠨᠢᠭᠡᠳᠦᠯᠲᠡᠶ ᠶᠤᠮ᠂ ᠴᠢᠨᠠᠷ ᠰᠠᠢᠲᠠᠢ ᠬᠥᠭ᠌ᠵᠢᠯᠲᠡ ᠪᠣᠯ ᠳᠠᠷᠤᠢ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠢᠯᠡᠷᠡᠭᠦᠯᠦᠭ᠌ᠰᠡᠨ ᠬᠥᠭ᠌ᠵᠢᠯᠲᠡ ᠪᠣᠯᠤᠨ᠎ᠠ》 ᠁
ᠴᠠᠭ ᠦᠶ᠎ᠡ᠎ᠶ᠋ᠢᠨ ᠤᠷᠤᠰᠭᠠᠯ ᠣᠢᠯᠤᠨ ᠳᠠᠪᠠᠯᠭᠠᠯᠠᠵᠤ᠂ ᠦᠵᠡᠯ ᠰᠠᠨᠠᠭ᠎ᠠ ᠤᠨᠤᠯ᠎ᠤᠨ ᠱᠢᠨ᠎ᠡ ᠡᠭᠦᠳᠦᠯᠲᠡ ᠵᠤᠬ᠍ᠰᠤᠰᠢ ᠦᠭᠡᠢ ᠦᠷᠬᠦᠯᠵᠢᠯᠡᠨᠠ᠃
ᠡᠨᠡ ᠲᠠᠪᠤᠨ ᠵᠢᠯ᠎ᠳᠦ᠂ ᠬᠥᠭ᠌ᠵᠢᠯᠲᠡ᠎ᠶ᠋ᠢᠨ ᠡᠪᠡᠷᠰᠢᠶᠠᠯ ᠬᠦᠴᠢᠷᠳᠠᠯ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠤ ᠠᠭᠤᠯᠤᠭ᠍ᠳᠠᠬᠤᠨ ᠲᠠᠰᠤᠷᠠᠯᠲᠠ ᠦᠭᠡᠢ ᠪᠠᠶᠠᠯᠢᠭ᠍ᠵᠢᠪᠠ᠃
《ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ》 — 2023 ᠣᠨ᠎ᠤ 9 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠠᠩᠬ᠎ᠠ ᠤᠳᠠᠭ᠎ᠠ ᠡᠨᠡ ᠬᠦ᠌ ᠴᠣ ᠱᠢᠨ᠎ᠡ ᠤᠬᠠᠭ᠍ᠳᠠᠬᠤᠨ᠎ᠢ ᠳᠤᠷᠠᠳᠴᠤ᠌᠂ ᠳᠠᠷᠠᠭ᠎ᠠ ᠨᠢ 《ᠣᠨᠴᠠᠯᠢᠭ ᠨᠢ ᠱᠢᠨ᠎ᠡ᠎ᠶ᠋ᠢ ᠡᠭᠦᠳᠬᠦ᠌᠎ᠳᠦ ᠪᠤᠢ᠂ ᠵᠠᠩᠭᠢᠯᠠᠭ᠎ᠠ ᠨᠢ ᠴᠢᠨᠠᠷ ᠰᠠᠢᠲᠠᠢ᠎ᠳᠤ ᠪᠤᠢ᠂ ᠮᠥᠨ ᠴᠢᠨᠠᠷ ᠨᠢ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ ᠮᠥᠨ》 ᠭᠡᠬᠦ᠌ ᠲᠠᠢᠯᠪᠤᠷᠢᠯᠠᠯᠲᠠ ᠬᠢᠵᠡᠢ᠃ ᠡᠨᠡ ᠬᠦ᠌ ᠦᠢᠯᠡᠳᠪᠦᠷᠢᠯᠡᠯ᠎ᠦᠨ ᠬᠦᠴᠦᠨ᠎ᠦ ᠤᠨᠤᠯ᠎ᠤᠨ ᠴᠢᠬᠤᠯᠠ ᠶᠡᠬᠡ ᠱᠢᠨ᠎ᠡ ᠡᠭᠦᠳᠦᠯᠲᠡ᠎ᠶ᠋ᠢᠨ ᠠᠷᠤ᠎ᠳᠤ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠤ ᠭᠦᠨᠵᠡᠭᠡᠢ ᠬᠤᠪᠢᠰᠤᠯᠲᠠ ᠪᠤᠢ᠃
ᠭᠠᠬᠴᠠ ᠬᠦ᠌ ᠠᠰᠠᠭᠤᠳᠠᠯ᠎ᠢ ᠨᠠᠩ ᠭᠦᠨᠵᠡᠭᠡᠶ ᠲᠠᠨᠢᠪᠠᠯ ᠰᠠᠶᠢ ᠱᠢᠶ᠋ᠳᠪᠦᠷᠢᠯᠡᠬᠦ᠌ ᠠᠷᠭ᠎ᠠ ᠵᠠᠮ᠎ᠢ ᠨᠠᠩ ᠣᠨᠣᠴᠠᠳᠠᠶ ᠡᠷᠢᠵᠤ ᠣᠯᠵᠤ ᠴᠢᠳᠠᠨ᠎ᠠ᠃
《ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠬᠡᠨ ᠪᠠᠢᠭᠤᠯᠤᠯᠲᠠ᠎ᠪᠠᠷ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ》 ᠵᠢ ᠳᠤᠷᠠᠳᠴᠤ᠌᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ᠎ᠳᠤ ᠬᠦᠷᠬᠦ᠌᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠪᠦᠬᠦᠯᠢ ᠴᠣᠭ᠍ᠴᠠ᠎ᠶ᠋ᠢᠨ ᠪᠠᠢᠷᠢᠱᠢᠭᠤᠯᠤᠯᠲᠠ᠎ᠳᠤ ᠣᠷᠣᠭᠤᠯᠪᠠ; ᠲᠠᠸᠠᠷ ᠪᠣᠯᠤᠨ ᠡᠯᠧᠮᠧᠨ᠋ᠲ᠎ᠦᠨ ᠭᠦᠶ᠋ᠯᠭᠡᠭᠡᠨ᠎ᠦ ᠬᠡᠯᠪᠡᠷᠢ᠎ᠶ᠋ᠢᠨ ᠨᠡᠭᠡᠭᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢᠨ ᠵᠡᠷᠭᠡ ᠪᠡᠷ᠂ 《ᠲᠦᠷᠢᠮ᠎ᠦᠨ ᠬᠡᠯᠪᠡᠷᠢ᠎ᠶ᠋ᠢᠨ ᠨᠡᠭᠡᠭᠡᠯᠲᠡ᠎ᠶ᠋ᠢ ᠯᠠᠪᠳᠠᠭᠤᠨ᠎ᠢᠶᠠᠷ ᠠᠬᠢᠭᠤᠯᠬᠤ》 ᠶ᠋ᠢ ᠴᠢᠬᠤᠯᠠᠴᠢᠯᠠᠪᠠ; 《ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠮᠳᠠ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ》 ᠶ᠋ᠢ ᠳᠤᠷᠠᠳᠴᠤ᠌᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠣᠯᠲᠠ᠂ ᠨᠡᠢᠭᠡᠮ᠎ᠦᠨ ᠪᠠᠲᠤᠯᠠᠭ᠎ᠠ ᠵᠡᠷᠭᠡ ᠲᠠᠯ᠎ᠠ᠎ᠪᠠᠷ ᠠᠯᠢ ᠣᠯᠠᠨ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠠᠢᠷᠢᠯᠠᠭᠤᠯᠪᠠ ᠁
ᠡᠨᠡ ᠲᠠᠪᠤᠨ ᠵᠢᠯ᠎ᠳᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ᠎ᠪᠠᠷ ᠠᠷᠭ᠎ᠠ ᠵᠠᠮ ᠪᠣᠯᠭᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠨᠡᠩ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠪᠠ᠃
《ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠶ᠋ᠢᠨ ᠵᠠᠩᠭᠢᠯᠠᠭ᠎ᠠ ᠨᠢ ᠠᠵᠤ ᠠᠬᠤᠢ᠎ᠶ᠋ᠢᠨ ᠡᠷᠬᠢᠯᠳᠡ ᠵᠢᠨ ᠰᠠᠭᠠᠳ ᠦᠭᠡᠢ ᠨᠡᠪᠲᠡᠷᠡᠬᠦ᠌᠎ᠳᠦ ᠪᠤᠢ》᠂ 《ᠤᠯᠠᠨ ᠤᠯᠤᠰ᠎ᠤᠨ ᠣᠷᠴᠢᠯ᠎ᠢᠶᠠᠷ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠦᠷ᠎ᠡ ᠪᠦᠲᠦᠮᠵᠢ ᠪᠣᠯᠤᠨ ᠲᠦᠪᠱᠢᠨ᠎ᠢ ᠳᠡᠭᠡᠭ᠌ᠰᠢᠯᠡᠭᠦᠯᠵᠦ᠍᠂ ᠮᠠᠨ᠎ᠤ ᠤᠯᠤᠰ᠎ᠤᠨ ᠦᠢᠯᠡᠳᠪᠦᠷᠢᠯᠡᠯ᠎ᠦᠨ ᠴᠢᠬᠤᠯᠠ ᠡᠯᠧᠮᠧᠨ᠋ᠲ᠎ᠦᠨ ᠶᠠᠰᠤ ᠴᠢᠨᠠᠷ ᠪᠣᠯᠤᠨ ᠲᠤᠬᠢᠷᠠᠭᠤᠯᠤᠯᠳᠠ᠎ᠶ᠋ᠢᠨ ᠲᠦᠪᠱᠢᠨ᠎ᠢ ᠰᠠᠢᠵᠢᠷᠠᠭᠤᠯᠬᠤ ᠬᠡᠷᠡᠭ᠌ᠲᠡᠢ》 ᠁ ᠠᠯᠢ ᠤᠯᠠᠨ ᠪᠠᠷᠠᠯᠠᠯᠳᠤ ᠴᠢᠨᠠᠷᠲᠠᠢ ᠲᠥᠯᠥᠪᠵᠢᠭᠦᠯᠭᠡ ᠨᠢ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠵᠢ ᠢᠯᠡᠷᠡᠬᠦᠯᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠭᠠᠨᠵᠤᠭ᠎ᠠ ᠲᠦᠬᠦᠷᠡᠩ ᠬᠢᠷᠢ ᠪᠦᠲᠦᠮᠵᠢ᠎ᠶ᠋ᠢᠨ ᠬᠠᠭᠤᠳᠠᠰᠤ᠎ᠪᠠᠷ ᠳᠡᠮᠵᠢᠨ᠂ ᠴᠢᠨᠠᠷ ᠰᠠᠢᠲᠠᠶ ᠬᠢᠷᠢ ᠪᠦᠲᠦᠮᠵᠢ ᠲᠣᠪᠣᠢᠮ᠎ᠠ ᠪᠠᠢᠬᠤ᠎ᠶ᠋ᠢ ᠨᠠᠩ ᠢᠯᠡᠭᠦᠦ ᠣᠢᠯᠠᠭᠠᠵᠤ ᠪᠣᠯᠤᠨ᠎ᠠ —
ᠥᠩᠭᠡᠷᠡᠭ᠌ᠰᠡᠨ 4 ᠵᠢᠯ᠎ᠳᠦ᠂ ᠡᠴᠦᠰ᠎ᠦᠨ ᠬᠡᠷᠡᠭ᠌ᠯᠡᠭᠡ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠳᠦ ᠬᠤᠪᠢ ᠨᠡᠮᠡᠷᠢ ᠦᠵᠡᠭᠦᠯᠦᠭ᠌ᠰᠡᠨ ᠨᠤᠷᠮ᠎ᠠ 56.2% ᠲᠤ᠌ ᠬᠦᠷᠴᠦ᠍᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠬᠢ᠎ᠡᠴᠡ ᠵᠠᠭᠤᠨ᠎ᠤ ᠬᠠᠷᠢᠴᠠᠯ᠎ᠢᠶᠠᠷ 8.6 ᠬᠤᠪᠢ ᠳᠡᠭᠡᠭ᠌ᠰᠢᠯᠡᠪᠡ; 2025 ᠣᠨ᠎ᠳᠤ ᠠᠩᠬ᠎ᠠ ᠤᠳᠠᠭ᠎ᠠ ᠪᠦᠬᠦ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠵᠢᠭᠠᠯᠲᠠ ᠲᠣᠭ᠎ᠠ᠎ᠶ᠋ᠢᠨ ᠡᠮᠦᠨ᠎ᠡ ᠠᠷᠪᠠ᠎ᠳᠤ ᠣᠷᠣᠵᠤ᠂ 2024 ᠣᠨ᠎ᠳᠤ ᠪᠦᠬᠦ᠌ ᠨᠡᠢᠭᠡᠮ᠎ᠦᠨ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ ᠳᠡᠯᠡᠬᠡᠢ᠎ᠶ᠋ᠢᠨ ᠬᠣᠶᠠᠳᠤᠭᠠᠷ᠎ᠲᠤ ᠪᠠᠲᠤᠲᠠᠢ ᠣᠷᠣᠪᠠ; ᠨᠢᠭᠡᠴᠢ GDP ᠶ᠋ᠢᠨ ᠡᠨᠧᠷᠭᠢ᠎ᠶ᠋ᠢᠨ ᠬᠣᠷᠣᠭ᠍ᠳᠠᠭᠤᠯᠤᠯᠢ 4 ᠵᠢᠯ᠎ᠳᠦ ᠨᠡᠢᠲᠡ 11.6% ᠪᠠᠷ ᠪᠠᠭᠤᠷᠠᠭᠤᠯᠵᠤ᠂ 11 ᠳ᠋ᠦᠩᠱᠢᠭᠤᠷ ᠲᠣᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠵᠤ᠂ ᠪᠥᠬᠥ᠌ ᠪᠥᠮᠪᠥᠷᠴᠡᠭ᠎ᠦᠨ ᠠᠭᠤᠷ ᠠᠮᠢᠰᠭᠤᠯ᠎ᠤᠨ ᠬᠤᠪᠢᠷᠠᠯᠲᠠ ᠪᠠ ᠪᠣᠬᠢᠷᠲᠤᠯ ᠥᠬᠡᠶ ᠲᠡᠢᠰᠢ ᠬᠡᠯᠪᠡᠷᠢ ᠪᠠᠨ ᠬᠤᠪᠢᠷᠠᠭᠤᠯᠬᠤ᠎ᠳᠤ ᠯᠤᠲᠤ ᠶᠡᠬᠡ ᠬᠤᠪᠢ ᠨᠡᠮᠡᠷᠢ ᠦᠵᠡᠭᠦᠯᠦᠭ᠌ᠰᠡᠨ᠎ᠲᠡᠶ ᠲᠡᠩᠴᠡᠨ᠎ᠡ ᠁
ᠵᠤᠷᠢᠬᠳᠠᠢ ᠠᠵᠢᠯᠯᠠᠨ ᠪᠠᠳᠤ ᠦᠢᠯᠡᠳᠤᠯᠭᠡᠵᠢᠬᠦᠯᠵᠤ ᠱᠢᠨ᠎ᠡ ᠬᠥᠭ᠌ᠵᠢᠯᠲᠡ᠎ᠶ᠋ᠢᠨ ᠤᠢᠯᠠᠭᠠᠬᠳᠠᠬᠤᠨ ᠢ᠋ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠶᠠᠪᠤᠴᠠ ᠪᠠ ᠡᠯ᠎ᠡ ᠬᠦᠷᠢᠶ᠎ᠡ ᠳ᠋ᠤ ᠲᠤᠭᠤᠱᠢᠯᠠᠭᠤᠯᠪᠠ
ᠲᠠᠪᠤᠨ ᠵᠢᠯ᠎ᠦᠨ ᠲᠤᠷᠰᠢ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠤ ᠵᠢᠯᠤᠭᠤᠳᠤᠯᠭ᠎ᠠ ᠳᠣᠣᠷ᠎ᠠ᠂ ᠴᠢᠨᠠᠷ ᠰᠠᠢᠲᠠᠢ ᠬᠥᠭ᠌ᠵᠢᠯᠲᠡ ᠳᠠᠰᠤᠷᠠᠯᠳᠠ ᠦᠭᠡᠢ ᠱᠢᠨ᠎ᠡ ᠠᠯᠬᠤᠮ᠎ᠢ ᠠᠯᠬᠤᠵᠤ᠂ ᠱᠢᠨ᠎ᠡ ᠦᠷ᠎ᠡ ᠪᠦᠲᠦᠮᠵᠢ ᠤᠯᠪᠠ᠃
ᠲᠠᠪᠤᠨ ᠵᠢᠯ᠎ᠦᠨ ᠲᠤᠷᠰᠢ᠂ ᠳᠤᠮᠳᠠᠳᠤ ᠤᠯᠤᠰ ᠲᠤ᠌ ᠠᠯᠢ ᠤᠯᠠᠨ ᠱᠢᠨ᠎ᠡ᠎ᠶ᠋ᠢ ᠡᠭᠦᠳᠬᠦ᠌ ᠥᠨᠳᠥᠷᠯᠢᠭᠢᠯᠡᠷᠡᠵᠦ᠂ ᠤᠯᠤᠰ᠎ᠲᠠᠭᠠᠨ ᠦᠢᠯᠡᠳᠪᠦᠷᠢᠯᠡᠭ᠌ᠰᠡᠨ ᠲᠤᠮᠤ ᠨᠢᠰᠭᠡᠯ C919 ᠬᠦᠬᠡ ᠣᠭ᠍ᠲᠠᠷᠭᠤᠢ᠎ᠳᠤ ᠬᠠᠯᠢᠨ ᠳᠡᠭᠦᠯᠢᠵᠦ᠍᠂ 《ᠲᠢᠶᠠᠨ ᠭᠥᠩ》᠂ 《ᠴᠠᠩ ᠧ》 ᠵᠡᠷᠭᠡ ᠲᠤᠮᠤ ᠤᠯᠤᠰ᠎ᠤᠨ ᠰᠣᠳᠣᠨ ᠲᠣᠨᠣᠭ᠍ᠯᠠᠯ ᠳᠡᠯᠡᠬᠡᠢ ᠳ᠋ᠠᠬᠢᠨ᠎ᠢ ᠭᠠᠢᠬᠠᠱᠢᠷᠠᠭᠤᠯᠵᠤ᠂ ᠬᠠᠩᠵᠧᠦ᠍᠎ᠶ᠋ᠢᠨ 《ᠵᠢᠷᠭᠤᠭᠠᠨ ᠲᠠᠭᠠᠭᠤᠯᠤᠭᠴᠢ ᠠᠵᠤ ᠠᠬᠤᠢᠯᠠᠯ》 ᠵᠡᠷᠭᠡ ᠨᠢᠭᠡ ᠪᠦᠯᠦᠭ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠠᠵᠤ ᠠᠬᠤᠢᠯᠠᠯ ᠤᠯᠠᠨ᠎ᠤ ᠠᠨᠭᠬᠠᠷᠤᠯᠢ ᠲᠠᠳᠠᠪᠠ ᠁
ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠵᠤ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ ᠵᠣᠬᠢᠴᠠᠩᠭᠤᠶ ᠬᠥᠭ᠌ᠵᠢᠯᠲᠡ ᠨᠢ ᠬᠥᠭ᠌ᠵᠢᠯᠲᠡ᠎ᠶ᠋ᠢᠨ ᠳᠠᠯᠳᠠ ᠬᠦᠴᠦᠨ᠎ᠢ ᠳᠠᠢᠴᠢᠯᠠᠪᠠ᠃
ᠡᠨᠡ ᠵᠢᠯ᠎ᠦᠨ 10 ᠰᠠᠷ᠎ᠠ᠎ᠳᠤ᠂ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠬᠤᠳᠠ᠎ᠶ᠋ᠢᠨ ᠪᠦᠯᠦᠭ᠌ᠵᠢᠯ᠎ᠤᠨ ᠨᠢᠭᠡ ᠴᠤᠬ᠍ᠴᠠᠵᠢᠭᠤᠯᠤᠯᠲᠠ ᠵᠢᠨ ᠪᠠᠰᠠ ᠨᠢᠭᠡᠨ ᠱᠢᠨ᠎ᠡ 《ᠠᠵᠢᠯᠯᠠᠭ᠎ᠠ》᠄ 30 ᠵᠦᠢᠯ᠎ᠦᠨ ᠪᠣᠳᠠᠲᠠᠢ ᠡᠭᠦᠷᠭᠡ ᠠᠷᠭ᠎ᠠ ᠬᠡᠮᠵᠢᠢ᠎ᠡ᠎ᠶ᠋ᠢ ᠵᠢᠭ᠍ᠰᠠᠭᠠᠨ ᠭᠠᠷᠭᠠᠭ᠍ᠰᠠᠨ ᠠᠵᠢᠯᠯᠠᠭ᠎ᠠ᠎ᠶ᠋ᠢᠨ ᠲᠥᠰᠦᠯ᠎ᠢ ᠵᠢᠩᠬᠢᠨᠢ᠎ᠪᠡᠷ ᠳᠠᠷᠤᠮᠠᠯᠯᠠᠨ ᠲᠠᠷᠬᠠᠭᠠᠵᠤ᠂ ᠰᠠᠭᠤᠷᠢ ᠲᠥᠬᠥᠭᠡᠷᠦᠮᠵᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠂ ᠠᠮᠢ ᠠᠬᠤᠢ ᠣᠷᠴᠢᠨ ᠲᠣᠭᠣᠷᠢᠨ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠠᠩᠬᠠᠢ᠂ ᠨᠠᠨᠵᠢᠩ ᠬᠠᠩᠵᠧᠦ ᠵᠡᠷᠭᠡ 6 ᠶᠡᠬᠡ ᠬᠤᠳᠠ᠎ᠶ᠋ᠢᠨ ᠴᠠᠭᠠᠷᠢᠭ ᠤ᠋ᠨ ᠬᠠᠮᠵᠢᠯᠴᠠᠨ ᠬᠠᠮᠲᠤᠷᠠᠯᠴᠠᠬᠤ ᠦᠢᠯᠡᠳᠦᠯ᠎ᠢ ᠤᠯᠠᠮ ᠨᠢᠭᠡ ᠠᠯᠬᠤᠮ ᠥᠷᠭᠡᠳᠭᠡᠪᠡ᠃
ᠵᠡᠭᠦᠨ ᠬᠣᠢᠲᠤ ᠣᠷᠣᠨ᠂ ᠳᠤᠮᠳᠠ ᠣᠷᠣᠨ᠂ ᠪᠠᠷᠠᠭᠤᠨ ᠣᠷᠣᠨ ᠵᠡᠷᠭᠡ ᠠᠳᠠᠯᠢ ᠪᠤᠰᠤ ᠣᠷᠣᠨ ᠪᠦᠰᠡ᠎ᠶ᠋ᠢᠨ ᠬᠡᠰᠡᠭ᠎ᠦᠨ ᠲᠣᠭᠣᠷᠢᠨ᠎ᠳᠤ ᠱᠢᠰᠲ᠋ᠧᠮ᠎ᠲᠡᠶ ᠪᠠᠢᠷᠢᠯᠠᠭᠤᠯᠤᠯᠲᠠ ᠬᠢᠵᠦ᠍᠂ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ ᠵᠡᠷᠭᠡ ᠭᠠᠵᠠᠷ ᠣᠷᠣᠨ᠎ᠤ ᠨᠥᠯᠥᠭᠡᠯᠡᠨ ᠳᠠᠢᠴᠢᠯᠠᠬᠤ ᠦᠢᠯᠡᠳᠦᠯ᠎ᠢᠶᠡᠨ ᠨᠡᠩ ᠰᠠᠢᠲᠤᠷ ᠪᠠᠳᠠᠷᠠᠭᠤᠯᠬᠤ᠎ᠶ᠋ᠢ ᠠᠬᠢᠭᠤᠯᠵᠤ᠂ ᠬᠥᠬᠡᠮᠥ᠋ᠷᠡᠨ᠎ᠦ ᠠᠵᠤ ᠠᠬᠤᠢ᠎ᠶ᠋ᠢᠨ ᠪᠦᠰᠡ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠤᠯᠠᠮ ᠨᠢᠬᠡ ᠠᠯᠬᠤᠮ ᠠᠬᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠠᠬᠢᠭᠤᠯᠪᠠ ᠁ ᠲᠠᠪᠤᠨ ᠵᠢᠯ᠎ᠦᠨ ᠲᠤᠷᠰᠢ᠂ ᠠᠯᠢ ᠤᠯᠠᠨ ᠠᠷᠭ᠎ᠠ ᠬᠡᠮᠵᠢᠢ᠎ᠡ ᠨᠢ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠳᠦ ᠦᠷᠬᠡᠨ ᠶᠡᠬᠡ ᠣᠷᠣᠨ ᠵᠠᠢ᠎ᠶ᠋ᠢ ᠨᠡᠭᠡᠭᠡᠵᠦ᠍ ᠥᠭ᠌ᠪᠡ᠃
ᠥᠨᠥᠳᠦᠷ᠎ᠦᠨ ᠳᠤᠮᠳᠠᠳᠤ ᠤᠯᠤᠰ᠎ᠤᠨ ᠨᠤᠲᠤᠭ ᠳᠡᠪᠢᠰᠭᠡᠷ ᠳᠡᠭᠡᠷ᠎ᠡ᠂ ᠡᠮᠦᠨ᠎ᠡ ᠤᠮᠠᠷ᠎ᠠ ᠵᠡᠭᠦᠨ ᠪᠠᠷᠠᠭᠤᠨ᠎ᠢ ᠬᠣᠯᠪᠣᠭ᠍ᠰᠠᠨ ᠠᠵᠤ ᠠᠬᠤᠢ᠎ᠶ᠋ᠢᠨ ᠲᠡᠩᠭᠡᠯᠢᠭ ᠪᠦᠰᠡ ᠪᠠᠢᠬᠤ᠎ᠪᠠᠷ ᠪᠠᠷᠠᠬᠤ ᠦᠬᠡᠢ ᠪᠠᠰᠠ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠥᠨ ᠳᠠᠭᠠᠭᠤᠯᠬᠤ ᠴᠢᠬᠤᠯᠠ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠪᠠᠢᠵᠤ᠂ ᠬᠠᠮᠵᠢᠯᠴᠠᠨ ᠬᠥᠭ᠌ᠵᠢᠬᠦ᠌ ᠬᠠᠨᠳᠤᠰᠢ ᠨᠡᠩ ᠢᠯᠡ ᠲᠣᠳᠣ ᠪᠣᠯᠵᠠᠢ᠃ ᠭᠠᠳᠠᠭᠠᠳᠤ ᠨᠡᠬᠡᠬᠡᠯᠳᠡ᠎ᠶ᠋ᠢ ᠡᠷᠡᠰ ᠭᠤᠢᠪᠢᠰᠢ ᠦᠬᠡᠢ ᠥᠷᠭᠡᠳᠭᠡᠵᠦ᠍᠂ ᠳᠡᠯᠡᠬᠡᠢ ᠳ᠋ᠠᠬᠢᠨ᠎ᠯᠤᠭ᠎ᠠ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠬᠠᠮᠲᠤ ᠪᠠᠷ ᠡᠳ᠋ᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠳᠤᠮᠳᠠᠳᠤ ᠤᠯᠤᠰ ᠨᠠᠩ ᠥᠨᠳᠥᠷ ᠲᠦᠪᠱᠢᠨ ᠪᠥᠬᠥᠶ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠱᠢᠨ᠎ᠡ ᠪᠠᠢᠭᠤᠯᠤᠯ᠎ᠢ ᠲᠦᠷᠭᠡᠳᠭᠡᠨ ᠪᠠᠢᠭᠤᠯᠵᠤ᠂ ᠦᠨᠡᠨ ᠪᠣᠳᠠᠲᠠᠶ ᠠᠵᠢᠯᠯᠠᠭ᠎ᠠ᠎ᠪᠠᠷ᠎ᠢᠶᠠᠨ 《ᠨᠡᠭᠡᠭᠡᠯᠲᠡ ᠬᠢᠬᠦ᠌ ᠡᠭᠦᠳᠡ᠎ᠪᠡᠨ ᠤᠯᠠᠮ ᠶᠡᠬᠡ ᠨᠡᠭᠡᠭᠡᠬᠦ》 ᠡᠷᠡᠰ ᠪᠠᠲᠤ ᠠᠮᠠᠯᠠᠯᠲᠠ᠎ᠪᠠᠨ ᠦᠶ᠋ᠯᠡᠳᠦᠯᠭᠡᠵᠢᠭᠦᠯᠪᠡ᠃
ᠲᠠᠪᠤᠨ ᠵᠢᠯ᠎ᠦᠨ ᠲᠤᠷᠰᠢ᠂ ᠪᠣᠬᠢᠷᠲᠤᠯ ᠦᠭᠡᠢ ᠪᠠᠢᠬᠤ ᠨᠢ ᠬᠥᠭ᠌ᠵᠢᠯᠲᠡ᠎ᠶ᠋ᠢᠨ ᠨᠡᠩ ᠢᠯᠡ ᠲᠣᠳᠣ ᠳᠡᠪᠢᠰᠭᠡᠷ ᠦᠩᠭᠡ ᠪᠣᠯᠪᠠ᠃ ᠲᠡᠯᠡᠬᠡᠢ ᠵᠢᠨ ᠬᠠᠮᠤᠭ᠎ᠤᠨ ᠶᠡᠬᠡ᠂ ᠬᠠᠮᠤᠭ᠎ᠤᠨ ᠲᠦᠷᠭᠡᠨ ᠬᠥᠭ᠌ᠵᠢᠭ᠌ᠰᠡᠨ ᠳᠠᠬᠢᠠ ᠡᠭᠦᠰᠴᠦ᠍ ᠪᠣᠯᠬᠤ ᠡᠨᠧᠷᠭᠢ᠎ᠶ᠋ᠢᠨ ᠱᠢᠰᠲᠸᠮ᠎ᠢ ᠪᠠᠢᠭᠤᠯᠵᠤ᠂ ᠪᠦᠬᠦ᠌ ᠨᠡᠢᠭᠡᠮ᠎ᠦᠨ ᠬᠡᠷᠡᠭ᠌ᠯᠡᠭᠡ᠎ᠳᠡᠬᠢ 3 ᠭᠷᠠᠳᠦ᠋ᠰ᠎ᠦᠨ ᠴᠠᠬᠢᠯᠭᠠᠨ ᠤ᠋ 1 ᠭᠷᠠᠳᠦ᠋ᠰ ᠨᠢ ᠲᠠᠷᠤᠢ ᠪᠤᠬᠢᠷᠳᠤᠯ ᠦᠭᠡᠢ ᠴᠠᠬᠢᠯᠭᠠᠨ ᠪᠠᠢᠵᠤ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠦᠢᠯᠡᠳᠪᠦᠷᠢᠯᠡᠯ ᠪᠠ ᠪᠣᠷᠣᠯᠠᠭᠤᠯᠭ᠎ᠠ᠎ᠶ᠋ᠢᠨ ᠬᠡᠮᠵᠢᠢ᠎ᠡ 10 ᠵᠢᠯ ᠳᠠᠷᠠᠭᠠᠯᠠᠨ ᠲᠡᠯᠡᠬᠡᠢ᠎ᠳᠦ ᠲᠦᠷᠦᠬᠦᠯᠡᠪᠠ ᠁ ᠮᠠᠨ᠎ᠤ ᠤᠯᠤᠰ ᠨᠡᠩ ᠶᠡᠬᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠦᠷᠭᠦᠯᠵᠢᠯᠡᠨ ᠠᠬᠢᠭᠤᠯᠪᠠ᠃
ᠲᠠᠪᠤᠨ ᠵᠢᠯ᠎ᠦᠨ ᠲᠤᠷᠰᠢ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠦ ᠨᠠᠩ ᠣᠯᠠᠨ ᠨᠠᠩ ᠭᠣᠣᠯᠴᠢ᠎ᠪᠠᠷ ᠬᠦᠷᠲᠡᠭᠡᠪᠡ᠃ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠠᠪᠤᠨ ᠵᠢᠯ᠎ᠦᠨ ᠠᠵᠢᠯᠯᠠᠭᠠᠨ᠎ᠤ ᠲᠥᠯᠥᠪᠯᠡᠭᠡ᠎ᠶ᠋ᠢ ᠨᠠᠢᠳᠠᠪᠤᠷᠢᠵᠢᠭᠤᠯᠤᠨ ᠬᠡᠷᠡᠭ᠌ᠵᠢᠭᠦᠯᠵᠦ᠍᠂ ᠱᠢᠶᠠᠨ᠎ᠤ ᠬᠡᠪᠴᠢᠶᠡᠨ᠎ᠦ ᠠᠵᠤ ᠠᠬᠤᠢ᠎ᠶ᠋ᠢ ᠪᠤᠵᠠᠭᠠᠢᠷᠠᠭᠤᠯᠪᠠ; 《ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ ᠵᠢᠨ ᠲᠥᠯᠥᠪᠵᠢᠭᠦᠯᠭᠡ᠎ᠶ᠋ᠢᠨ ᠬᠥᠲᠥᠯᠪᠦᠷᠢ (2024 ᠤᠨ — 2035 ᠣᠨ)》 ᠶ᠋ᠢ ᠨᠡᠢᠲᠡᠯᠡᠵᠦ᠍᠂ ᠬᠣᠲᠠ᠎ᠶ᠋ᠢᠨ ᠪᠦᠬᠦ ᠬᠡᠪᠴᠢᠶᠡᠨ᠎ᠦ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠶ ᠪᠥᠭᠡᠳ ᠲᠡᠩᠴᠡᠭᠦᠷᠢᠲᠡᠶ ᠬᠥᠭ᠌ᠵᠢᠯᠲᠡ᠎ᠶ᠋ᠢ ᠡᠮᠬᠢ ᠵᠢᠷᠤᠮ᠎ᠲᠠᠶ ᠠᠬᠢᠭᠤᠯᠪᠠ; ᠬᠡᠦᠬᠡᠳ ᠠᠰᠠᠷᠠᠨ ᠪᠣᠢᠵᠢᠭᠤᠯᠬᠤ ᠬᠡᠷ ᠪᠦᠯᠢ᠎ᠳᠦ ᠬᠠᠨᠳᠤᠭᠤᠯᠤᠨ ᠪᠥᠬᠥ᠌ ᠤᠯᠤᠰ᠎ᠤᠨ ᠬᠡᠪᠴᠢᠶᠡᠨ᠎ᠳᠦ ᠪᠡᠯᠡᠨ ᠵᠣᠭᠣᠰ᠎ᠤᠨ ᠨᠥᠬᠥᠪᠥᠷᠢ᠎ᠶ᠋ᠢ ᠪᠥᠬᠥ᠌ ᠲᠠᠯ᠎ᠠ᠎ᠪᠠᠷ ᠱᠢᠭᠤᠳ ᠲᠠᠷᠬᠠᠭᠠᠪᠠ ᠁ ᠠᠷᠠᠳ ᠤᠯᠠᠨ᠎ᠤ ᠬᠦᠷᠳᠡᠮᠵᠢ ᠵᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ ᠲᠠᠰᠤᠷᠠᠯᠲᠠ ᠦᠭᠡᠢ ᠴᠢᠨᠭᠭᠠᠷᠠᠪᠠ᠃
ᠱᠢᠨ᠎ᠡ᠎ᠶ᠋ᠢ ᠡᠭᠦᠳᠬᠦ᠌ ᠨᠢ ᠨᠢᠭᠡᠳᠦᠭᠡᠷ ᠬᠥᠳᠡᠯᠭᠡᠬᠦ᠌ ᠬᠦᠴᠦᠨ ᠪᠤᠯᠵᠦ᠍᠂ ᠵᠣᠬᠢᠴᠠᠩᠭᠤᠢ ᠨᠢ ᠳᠣᠲᠣᠭᠠᠳᠤ ᠣᠨᠴᠠᠯᠢᠭ ᠪᠤᠯᠵᠦ᠍᠂ ᠪᠣᠬᠢᠷᠲᠤᠯ ᠦᠭᠡᠢ ᠨᠢ ᠨᠡᠢᠳᠡᠮ᠎ᠦᠨ ᠬᠡᠯᠪᠡᠷᠢ ᠪᠤᠯᠵᠦ᠍᠂ ᠨᠡᠭᠡᠭᠡᠯᠳᠠ ᠨᠢ ᠵᠠᠢᠯᠠᠰᠢ ᠦᠭᠡᠢ ᠶᠠᠪᠤᠬᠤ ᠵᠠᠮ ᠪᠤᠯᠵᠦ᠍᠂ ᠬᠠᠮᠲᠤ᠎ᠪᠠᠷ ᠡᠳ᠋ᠯᠡᠬᠦ᠌ ᠨᠢ ᠦᠨᠳᠦᠰᠦᠨ ᠬᠠᠷᠠᠯᠲᠠ ᠪᠤᠯᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠨᠢ ᠳᠤᠮᠳᠠᠳᠤ ᠤᠯᠤᠰ᠎ᠤᠨ ᠠᠵᠤ ᠠᠬᠤᠢ᠎ᠶ᠋ᠢ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠬᠦᠳᠦᠯᠦᠨ ᠳᠠᠭᠠᠭᠤᠯᠪᠠ᠃
ᠦᠷᠭᠦᠯᠵᠢᠯᠡᠨ ᠲᠡᠮᠡᠴᠡᠵᠦ᠍ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠵᠤ ᠲᠠᠬᠢᠨ ᠱᠢᠨ᠎ᠡ ᠳᠡᠭ᠌ᠲᠡᠷ᠎ᠲᠦ ᠭᠠᠷᠭᠠᠪᠠ
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠠᠵᠢᠯ ᠤᠳᠠᠯ ᠦᠭᠡᠢ ᠳᠠᠭᠤᠰᠴᠤ᠌᠂ 《ᠠᠷᠪᠠᠨ ᠲᠠᠪᠤᠳᠤᠭᠠᠷ ᠲᠠᠪᠤᠨ ᠵᠢᠯ》 ᠤᠳᠠᠯ ᠦᠭᠡᠢ ᠡᠬᠢᠯᠡᠨ᠎ᠠ᠃ ᠱᠢᠨ᠎ᠡ ᠠᠶᠠᠯᠠᠯ᠎ᠳᠤ ᠤᠷᠤᠬ᠍ᠰᠠᠨ ᠳᠤᠮᠳᠠᠳᠤ ᠤᠯᠤᠰ᠎ᠤᠨ ᠠᠵᠤ ᠠᠬᠤᠢ ᠨᠡᠩ ᠤᠯᠠᠨ ᠬᠠᠳᠠᠭᠤ ᠪᠡᠷᠬᠡ ᠭᠠᠳᠠᠭᠠᠳᠤ ᠣᠷᠴᠢᠨ᠎ᠳᠤ ᠲᠤᠯᠭᠠᠷᠠᠵᠤ᠂ ᠤᠯᠤᠰ᠎ᠤᠨ ᠳᠣᠲᠣᠭᠠᠳᠤ᠎ᠶ᠋ᠢᠨ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠬᠦ᠌ ᠣᠷᠣᠱᠢᠵᠤ᠂ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠲᠠᠯ᠎ᠠ ᠡᠴᠡ ᠱᠢᠢᠳᠪᠦᠷᠢᠯᠡᠬᠦ᠌᠎ᠶ᠋ᠢ ᠠᠬᠢᠭᠤᠯᠬᠤ ᠴᠢᠬᠤᠯᠠᠲᠠᠢ᠃
ᠡᠨᠡ ᠵᠢᠯ᠎ᠦᠨ 9 ᠰᠠᠷ᠎ᠠ᠎ᠶ᠋ᠢᠨ 29 ᠤ᠋ ᠡᠳᠦᠷ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠢ᠎ᠠ ᠬᠤᠷᠠᠯ ᠬᠤᠷᠠᠯᠳᠤᠭᠤᠯᠵᠤ᠂ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠴᠢᠬᠤᠯᠠ ᠶᠡᠬᠡ ᠠᠰᠠᠭᠤᠳᠠᠯ᠎ᠢ ᠰᠤᠳᠤᠯᠤᠨ ᠲᠣᠭ᠍ᠲᠠᠭᠠᠵᠤ᠂ 《ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠬᠥᠭ᠌ᠵᠢᠯᠲᠡ᠎ᠶ᠋ᠢ ᠬᠦᠳᠦᠯᠦᠨ ᠲᠠᠭᠠᠭᠤᠯᠬᠤ ᠬᠡᠷᠡᠭ᠌ᠲᠡᠢ》 ᠭᠡᠵᠦ᠍ ᠲᠣᠳᠣᠷᠬᠠᠢ ᠳᠤᠷᠠᠳᠴᠠᠢ᠃
ᠭᠠᠭᠴᠠ ᠬᠦ᠌ ᠵᠦᠪ ᠵᠠᠮ᠎ᠢ ᠵᠢᠷᠤᠮᠯᠠᠪᠠᠯ ᠰᠠᠶᠢ ᠠᠯᠤᠰ ᠬᠡᠳᠦ ᠵᠢᠨ ᠬᠠᠷᠠᠯᠲᠠ ᠪᠠᠨ ᠪᠡᠶᠡᠯᠡᠭᠦᠯᠵᠦ ᠴᠢᠳᠠᠨ᠎ᠠ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯ ᠱᠢᠨᠵᠢᠯᠡᠬᠦ᠌ ᠤᠬᠠᠭᠠᠨᠴᠢ᠂ ᠵᠥᠪ ᠣᠨᠣᠪᠴᠢᠲᠠᠢ᠂ ᠢᠷᠡᠭᠡᠳᠦᠢ᠎ᠳᠦ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠮᠥᠨ ᠬᠦ᠌ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠦᠨᠳᠦᠰᠦᠨ ᠵᠢᠷᠤᠮᠯᠠᠯ ᠪᠣᠯᠭᠠᠬᠤ ᠬᠡᠷᠡᠭ᠌ᠲᠡᠢ ᠭᠡᠳᠡᠭ᠎ᠢ ᠦᠢᠯᠡᠳᠦᠯᠭᠡ ᠭᠡᠷᠡᠴᠢᠯᠡᠪᠡ᠃
ᠢᠷᠡᠭᠡᠳᠦᠢ᠎ᠳᠦ ᠬᠠᠨᠳᠤᠵᠤ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠵᠤ ᠬᠥᠭ᠌ᠵᠢᠯᠲᠡ᠎ᠶ᠋ᠢᠨ ᠣᠷᠣᠨ ᠵᠠᠢ᠎ᠶ᠋ᠢ ᠥᠷᠭᠡᠳᠭᠡᠬᠦ᠌ ᠬᠡᠷᠡᠭ᠌ᠲᠡᠢ᠃
ᠶᠡᠷᠦᠩᠬᠡᠢ ᠱᠦᠵᠢ ᠰᠢ ᠵᠢᠨ ᠫᠢᠩ᠄ 《ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠵᠢᠯᠤᠭᠤᠳᠤᠭᠤᠯᠬᠤ ᠪᠥᠭᠡᠳ ᠪᠠᠰᠠ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠳᠠᠮᠵᠢᠨ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠬᠤ᠎ᠳᠤ ᠪᠠᠢᠭᠤᠯᠤᠯ ᠲᠣᠭ᠍ᠲᠠᠴᠠ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠢ》 ᠭᠡᠵᠦ ᠴᠢᠬᠤᠯᠠᠴᠢᠯᠠᠪᠠ᠃
ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠪᠠ; ᠣᠷᠣᠨ ᠨᠤᠲᠤᠭ᠎ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ᠎ᠦᠨ ᠬᠡᠰᠡᠭ᠌ᠯᠡᠯ᠎ᠢ ᠠᠷᠢᠯᠭᠠᠬᠤ᠎ᠳᠤ ᠴᠢᠭ᠌ᠯᠡᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠪᠠ; ᠴᠢᠳᠠᠪᠤᠷᠢᠲᠠᠨ᠎ᠤ ᠬᠠᠩᠭᠠᠯᠭ᠎ᠠ᠎ᠶ᠋ᠢᠨ ᠶᠠᠰᠤ ᠴᠢᠨᠠᠷ ᠬᠦᠷᠦᠯᠴᠡᠬᠦ᠌ ᠥᠬᠡᠶ ᠪᠠᠢᠬᠤ ᠠᠰᠠᠭᠤᠳᠠᠯ᠎ᠳᠤ ᠴᠢᠭ᠌ᠯᠡᠭᠦᠯᠦᠨ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠪᠠᠢᠭᠤᠯᠤᠯ ᠲᠣᠭ᠍ᠲᠠᠴᠠ᠎ᠶ᠋ᠢ ᠨᠢᠭᠡ ᠴᠣᠭ᠍ᠴᠠᠵᠢᠭᠤᠯᠬᠤ ᠥᠭᠡᠷᠡᠴᠢᠯᠡᠯᠲᠡ᠎ᠶ᠋ᠢ ᠲᠦᠷᠭᠡᠳᠭᠡᠨ ᠠᠬᠢᠭᠤᠯᠪᠠ ᠁
《ᠵᠠᠩᠭᠢᠯᠠᠭ᠎ᠠ》 ᠵᠢ ᠠᠳᠭᠤᠵᠤ᠂ 《ᠵᠠᠩᠭᠢᠯᠠᠭ᠎ᠠ᠎ᠶ᠋ᠢᠨ ᠭᠠᠵᠠᠷ》 ᠢ᠋ ᠡᠵᠡᠮᠳᠡᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠳᠤᠮᠳᠠ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠦᠢᠯᠡᠳᠦᠯᠭᠡᠵᠢᠭᠦᠯᠪᠡᠯ᠂ ᠯᠠᠪᠲᠠᠢ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠤᠢ ᠪᠣᠯᠭᠠᠬᠤ ᠳᠠᠪᠠᠭᠤᠯᠢᠭ᠎ᠢ ᠴᠢᠨᠭᠭᠠᠳᠬᠠᠵᠤ ᠪᠣᠯᠤᠨ᠎ᠠ᠃
ᠢᠷᠡᠭᠡᠳᠦᠢ᠎ᠳᠦ ᠬᠠᠨᠳᠤᠵᠤ᠂ ᠱᠢᠰᠲ᠋ᠧᠮ᠎ᠲᠡᠶ ᠲᠥᠪᠯᠡᠷᠡᠭᠦᠯᠦᠨ ᠠᠷᠭ᠎ᠠ ᠪᠤᠳᠤᠯᠭ᠎ᠠ ᠬᠡᠷᠡᠭ᠌ᠵᠢᠭᠦᠯᠬᠦ᠌᠎ᠪᠡᠷ ᠨᠡᠩ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ᠃
ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠤ ᠱᠠᠭᠠᠷᠳᠠᠯᠭ᠎ᠠ ᠪᠣᠯ ᠪᠦᠬᠦ᠌ ᠲᠠᠯ᠎ᠠ᠎ᠶ᠋ᠢᠨ᠂ ᠤᠯᠠᠨ ᠳᠠᠪᠬᠤᠷᠭ᠎ᠠ᠎ᠶ᠋ᠢᠨ ᠶᠤᠮ᠂ ᠡᠷᠬᠡᠪᠰᠢ ᠱᠢᠰᠲ᠋ᠧᠮ᠎ᠦᠨ ᠦᠵᠡᠯᠲᠡ᠎ᠶ᠋ᠢ ᠪᠠᠷᠢᠮᠲᠠᠯᠠᠵᠤ᠂ ᠤᠢ᠍ᠢᠷ᠎ᠠ᠎ᠶ᠋ᠢᠨ ᠬᠤᠭᠤᠴᠠᠭ᠎ᠠ᠂ ᠳᠤᠮᠳᠠ ᠬᠤᠭᠤᠴᠠᠭ᠎ᠠ᠂ ᠤᠷᠳᠤ ᠬᠤᠭᠤᠴᠠᠭ᠎ᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠱᠢᠰᠲ᠋ᠧᠮᠲᠦ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠠᠮᠵᠢᠯᠴᠠᠬᠤ ᠴᠢᠨᠠᠷ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃
《ᠨᠢᠭᠡ ᠬᠥᠯᠭᠡ ᠱᠢᠲᠠᠷ᠎ᠠ》᠎ᠶ᠋ᠢᠨ ᠦᠵᠡᠯ ᠰᠠᠨᠠᠭ᠎ᠠ᠎ᠶ᠋ᠢ ᠪᠣᠶ ᠪᠣᠯᠭᠠᠵᠤ᠂ ᠪᠥᠬᠥ᠌ ᠲᠠᠯ᠎ᠠ᠎ᠶ᠋ᠢᠨ ᠦᠵᠡᠯᠲᠡ ᠪᠠ ᠱᠢᠰᠲ᠋ᠧᠮ᠎ᠤᠨ ᠰᠡᠳᠭᠢᠬᠦᠶ᠎ᠪᠡᠷ ᠲᠥᠯᠥᠪᠵᠢᠭᠦᠯᠦᠨ ᠠᠬᠢᠭᠤᠯᠵᠤ᠂ ᠠᠵᠤ ᠠᠬᠤᠶ ᠪᠠ ᠨᠡᠢᠭᠡᠮ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠂ ᠦᠷ᠎ᠡ ᠪᠦᠲᠦᠮᠵᠢ ᠪᠠ ᠲᠥᠪ ᠭᠤᠤᠯᠴᠢ᠂ ᠠᠮᠢᠵᠢᠷᠠᠯ᠎ᠤᠨ ᠬᠦᠴᠦᠨ ᠪᠠ ᠡᠮᠬᠢ ᠳᠢᠭ᠌ᠯᠢᠮ᠂ ᠬᠥᠭ᠌ᠵᠢᠯᠲᠡ ᠪᠠ ᠠᠮᠤᠷ ᠲᠦᠪᠱᠢᠨ ᠵᠡᠷᠭᠡ ᠴᠢᠬᠤᠯᠠ ᠶᠡᠬᠡ ᠬᠠᠷᠢᠴᠠᠭ᠎ᠠ᠎ᠶ᠋ᠢ ᠰᠠᠢᠲᠤᠷ ᠱᠢᠶ᠋ᠳᠪᠦᠷᠢᠯᠡᠪᠡᠯ ᠰᠠᠶᠢ ᠲᠥᠷᠥ᠎ᠶ᠋ᠢᠨ ᠪᠣᠳᠣᠯᠭ᠎ᠠ᠎ᠶ᠋ᠢᠨ ᠪᠦᠬᠦᠯᠢ ᠴᠣᠭ᠍ᠴᠠ᠎ᠶ᠋ᠢᠨ ᠦᠷ᠎ᠡ ᠪᠦᠲᠦᠮᠵᠢ᠎ᠶ᠋ᠢ ᠨᠡᠮᠡᠭ᠌ᠳᠡᠭᠦᠯᠵᠦ᠍᠂ 《1 + 1〉2》 ᠤ᠋ᠨ ᠦᠷ᠎ᠡ ᠪᠦᠲᠦᠮᠵᠢ᠎ᠶ᠋ᠢ ᠪᠣᠶ ᠪᠣᠯᠭᠠᠵᠤ ᠴᠢᠳᠠᠨ᠎ᠠ᠃
ᠢᠷᠡᠭᠡᠳᠦᠢ᠎ᠳᠦ ᠬᠠᠨᠳᠤᠵᠤ᠂ ᠠᠯᠬᠤᠮ ᠠᠯᠬᠤᠮ ᠵᠢᠡᠷ ᠠᠬᠢᠭᠤᠯᠬᠤ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ᠃
ᠴᠢᠨᠠᠷ ᠰᠠᠢᠲᠠᠢ ᠬᠥᠭ᠌ᠵᠢᠯᠲᠡ ᠨᠢ ᠤᠬᠤᠷᠬᠠᠨ ᠴᠠᠭ᠎ᠤᠨ ᠨᠢᠭᠡ ᠤᠴᠢᠷ ᠶᠠᠪᠤᠳᠠᠯ᠎ᠤᠨ ᠱᠠᠭᠠᠷᠳᠠᠯᠭ᠎ᠠ ᠪᠢᠰᠢ᠂ ᠬᠠᠷᠢᠨ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠱᠠᠭᠠᠷᠳᠠᠯᠭ᠎ᠠ ᠪᠣᠯᠤᠨ᠎ᠠ᠃
20 ᠵᠢᠯ᠎ᠦᠨ ᠲᠤᠷᠰᠢ᠂ 《ᠨᠤᠮᠢᠨ ᠤᠰᠤ ᠬᠦᠭᠡᠮᠳᠦᠭ ᠠᠭᠤᠯᠠ ᠪᠤᠯ ᠠᠯᠲᠠᠨ ᠠᠭᠤᠯᠠ ᠮᠦᠨᠭᠭᠦᠨ ᠬᠠᠢᠷᠬᠠᠨ ᠮᠥᠨ》 ᠭᠡᠬᠦ᠌ ᠣᠢᠯᠠᠭᠠᠭ᠍ᠳᠠᠬᠤᠨ᠎ᠤ ᠵᠢᠯᠤᠭᠤᠳᠤᠯᠭ᠎ᠠ ᠳᠣᠣᠷ᠎ᠠ᠂ ᠵᠧᠵᠢᠶᠠᠩ᠎ᠤᠨ ᠠᠨ ᠵᠶ᠋ᠢ ᠵᠢᠨ ᠢᠦᠢ ᠼᠦᠨ ᠲᠣᠰᠭᠣᠨ 《ᠬᠠᠳᠠᠭᠠᠰᠤ ᠬᠠᠳᠠᠬᠤ》 ᠵᠣᠷᠢᠭ ᠰᠠᠨᠠᠭ᠎ᠠ᠎ᠪᠠᠷ ᠵᠢᠷᠤᠭ ᠲᠥᠰᠦᠪ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠭ᠍ᠰᠠᠨ ᠠᠮᠢᠳᠤᠯᠢᠭ ᠬᠡᠷᠡᠭ᠎ᠦᠨ ᠵᠢᠱ᠌ᠢᠢ᠎ᠡ ᠪᠣᠯᠤᠨ᠎ᠠ᠃
ᠱᠢᠨ᠎ᠡ ᠠᠶᠠᠨ ᠳ᠋ᠤ᠂ ᠨᠡᠩ ᠤᠯᠠᠨ ᠲᠣᠰᠭᠣᠨ ᠢᠦᠢ ᠼᠦᠨ ᠲᠣᠰᠭᠣᠨ ᠱᠢᠭ᠋ ᠦᠷᠭᠦᠯᠵᠢᠯᠡᠨ ᠲᠡᠮᠡᠴᠡᠵᠦ᠍᠂ ᠠᠮᠢ ᠠᠬᠤᠢ ᠭᠤᠶᠤ ᠰᠠᠢᠬᠠᠨ᠂ ᠠᠵᠤ ᠦᠢᠯᠡᠰ ᠬᠥᠭ᠌ᠵᠢᠭ᠌ᠰᠡᠨ᠂ ᠠᠷᠠᠳ ᠢᠷᠭᠡᠳ ᠪᠠᠶᠠᠵᠢᠭᠰᠠᠨ ᠢᠷᠠᠭᠤ ᠭᠠᠢᠬᠠᠮᠱᠢᠭ᠍ᠲᠤ ᠬᠠᠭᠤᠳᠠᠰᠤ᠎ᠶ᠋ᠢ ᠪᠢᠴᠢᠭ᠌ᠯᠡᠬᠦ ᠪᠤᠯᠤᠨ᠎ᠠ᠃
ᠨᠢᠭᠡ ᠨᠢᠭᠡ ᠠᠯᠬᠤᠮ᠎ᠢᠶᠠᠷ ᠬᠢᠵᠦ᠍᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂ ᠳᠤᠮᠳᠠᠳᠤ ᠤᠯᠤᠰ᠎ᠤᠨ ᠴᠢᠨᠠᠷ ᠰᠠᠢᠲᠠᠢ ᠬᠥᠭ᠌ᠵᠢᠯᠲᠡ ᠲᠡᠢᠰᠢ ᠤᠷᠤᠭ᠍ᠰᠢᠯᠠᠬᠤ ᠠᠯᠬᠤᠭ᠎ᠠ ᠨᠡᠩ ᠢᠳᠡ ᠬᠦᠴᠦᠲᠡᠢ ᠪᠣᠯᠪᠠ᠃
ᠡᠷᠴᠢ ᠬᠦᠴᠦᠨ᠎ᠢᠶᠠᠨ ᠭᠦᠶ᠋ᠴᠡᠳ ᠪᠠᠳᠠᠷᠠᠭᠤᠯᠵᠤ᠂ ᠰᠦᠰᠦ ᠵᠤᠷᠢᠭ᠎ᠢᠶᠡᠨ ᠬᠦᠪᠴᠢᠯᠡᠨ ᠤᠷᠤᠭ᠍ᠰᠢᠯᠠᠵᠤ᠂ ᠤᠷᠳᠤ ᠬᠤᠭᠤᠴᠠᠭ᠎ᠠ ᠪᠡᠷ ᠵᠢᠳᠭᠦᠨ ᠴᠢᠷᠮᠠᠢᠵᠤ᠂ ᠴᠢᠳᠠᠮᠠᠭᠠᠶ ᠠᠵᠢᠯᠯᠠᠵᠤ ᠴᠢᠳᠠᠮᠠᠭᠠᠶ ᠪᠦᠲᠦᠭᠡᠬᠦ᠌ ᠬᠡᠷᠡᠭ᠌ᠲᠡᠶ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠴᠢᠨᠠᠭ᠍ᠰᠢᠯᠠᠪᠠᠯ ᠨᠠᠩ ᠣᠷᠳᠣ ᠬᠤᠭᠤᠴᠠᠭᠠᠨ᠎ᠳᠤ ᠬᠠᠨᠳᠤᠭᠤᠯᠤᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠤᠳᠤᠷᠢᠳᠤᠮᠵᠢ ᠪᠣᠯᠭᠠᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠪᠠᠯ᠂ ᠳᠤᠮᠳᠠᠳᠤ ᠤᠯᠤᠰ᠎ᠤᠨ ᠠᠵᠤ ᠠᠬᠤᠶ ᠯᠠᠪᠲᠠᠶ ᠲᠠᠰᠤᠷᠠᠯᠲᠠ ᠥᠬᠡᠶ ᠬᠥᠭ᠌ᠵᠢᠨ ᠮᠠᠨᠳᠤᠬᠤ ᠱᠢᠨ᠎ᠡ ᠠᠶᠠᠨ᠎ᠳᠤ ᠰᠠᠨᠠᠭᠠᠴᠢᠯᠠᠭᠠᠲᠤ ᠪᠠᠢᠷᠢ᠎ᠶ᠋ᠢ ᠣᠯᠵᠤ᠂ ᠢᠷᠡᠭᠡᠳᠦᠶ᠎ᠶ᠋ᠢ ᠲᠡᠮᠡᠴᠡᠨ ᠣᠯᠵᠤ ᠴᠢᠳᠠᠨ᠎ᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 10 ᠰᠠᠷ᠎ᠠ᠎ᠶ᠋ᠢᠨ 16 ᠤ᠋ ᠴᠠᠬᠢᠯᠭᠠᠨ ᠮᠡᠳᠡᠭᠡ ᠡᠴᠡ)