ᠥᠪᠥᠷ ᠮᠣᠩᠭᠣᠯ ᠤ᠋ᠨ ᠪᠠᠷᠠᠭᠤᠨ ᠬᠡᠰᠡᠭ᠎ᠦᠨ ᠴᠠᠬᠢᠯᠭᠠᠨ ᠲᠤᠤᠷ ᠪᠡᠭᠡᠵᠢᠩ ᠲᠢᠶᠠᠨᠵᠢᠨ ᠲᠠᠢ ᠠᠩᠬ᠎ᠠ ᠤᠳᠠᠭ᠎ᠠ ᠬᠤᠤᠰ ᠰᠠᠷ᠎ᠠ ᠵᠢᠨ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶ᠎ᠠ ᠵᠢ ᠪᠡᠶᠡᠯᠡᠭᠦᠯᠪᠡ
2025-10-20 10:00:19
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

 ᠲᠦᠷᠦᠬᠦᠭᠡᠨ ᠥᠪᠥᠷ ᠮᠣᠩᠭᠣᠯ ᠤ᠋ᠨ ᠪᠠᠷᠠᠭᠤᠨ ᠬᠡᠰᠡᠭ᠎ᠦᠨ ᠴᠠᠬᠢᠯᠭᠠᠨ ᠲᠤᠤᠷ ᠤ᠋ᠨ ᠬᠢᠨ ᠪᠡᠭᠡᠵᠢᠩ ᠲᠢᠶᠠᠨᠵᠢᠨ᠎ᠲᠠᠶ ᠠᠩᠬ᠎ᠠ ᠤᠳᠠᠭ᠎ᠠ ᠮᠤᠵᠢ ᠣᠷᠣᠨ ᠠᠯᠤᠰᠯᠠᠭ᠍ᠰᠠᠨ ᠬᠤᠤᠰ ᠰᠠᠷ᠎ᠠ (9 —10 ᠰᠠᠷ᠎ᠠ )  ᠵᠢᠨ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶ᠎ᠠ ᠵᠢ ᠪᠡᠶᠡᠯᠡᠭᠦᠯᠪᠡ᠃

ᠣᠢᠯᠠᠭᠠᠭ᠍ᠰᠠᠨ ᠵᠢᠡᠷ ᠂ ᠲᠣᠰ ᠤᠳᠠᠭᠠᠨ ᠤ᠋ ᠠᠷᠠᠯᠵᠢᠶ᠎ᠠ ᠳ᠋ᠦ ᠥᠪᠥᠷ ᠮᠣᠩᠭᠣᠯ ᠤ᠋ᠨ ᠪᠠᠷᠠᠭᠤᠨ ᠬᠡᠰᠡᠭ᠎ᠦᠨ ᠴᠠᠬᠢᠯᠭᠠᠨ ᠲᠤᠤᠷ ᠤ᠋ᠨ ᠬᠢᠨ ᠪᠡᠭᠡᠵᠢᠩ᠂ ᠲᠢᠶᠠᠨᠵᠢᠨ ᠤ᠋ 53 ᠭᠡᠷ ᠪᠦᠯᠢ ᠵᠢᠨ ᠭᠡᠷᠡᠭᠯᠡᠭᠡᠨ ᠤ᠋ ᠴᠠᠬᠢᠯᠭᠠᠨ ᠬᠡᠷᠡᠭ᠌ᠯᠡᠭ᠌ᠴᠢ ᠵᠢᠴᠢ ᠴᠠᠬᠢᠯᠭᠠᠨ ᠪᠣᠷᠣᠯᠠᠭᠤᠯᠬᠤ ᠺᠣᠮᠫᠠᠨᠢ᠎ᠲᠠᠶ 2.7 ᠳ᠋ᠦᠩᠱᠢᠭᠤᠷ ᠺᠢᠯᠦᠸᠠᠲ ᠴᠠᠭ ᠤ᠋ᠨ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶ᠎ᠠ ᠲᠤᠭᠳᠠᠪᠠ᠃ ᠲᠣᠰ ᠤᠳᠠᠭᠠᠨ ᠤ᠋ ᠠᠷᠠᠯᠵᠢᠶ᠎ᠠ ᠨᠢ ᠠᠩᠬ᠎ᠠ ᠤᠳᠠᠭ᠎ᠠ ᠴᠠᠬᠢᠯᠭᠠᠨ ᠬᠦᠴᠦᠨ᠎ᠦ ᠠᠷᠠᠯᠵᠢᠶᠠᠨ ᠤ᠋ ᠦᠶᠡᠯᠡᠯ ᠤ᠋ᠨ ᠬᠤᠭᠤᠴᠠᠭ᠎ᠠ ᠵᠢ 2 ᠰᠠᠷ᠎ᠠ ᠪᠣᠯᠲᠠᠯ᠎ᠠ ᠤᠷᠲᠤᠳᠭᠠᠵᠤ᠂ ᠰᠠᠷ᠎ᠠ ᠪᠠ ᠰᠠᠷ᠎ᠠ ᠵᠢᠨ ᠳᠤᠳᠤᠷᠠᠬᠢ ᠤᠤᠯ ᠤ᠋ᠨ ᠴᠠᠬᠢᠯᠭᠠᠨ ᠬᠦᠴᠦᠨ᠎ᠦ ᠠᠷᠠᠯᠵᠢᠶᠠᠨ ᠤ᠋ ᠦᠶᠡᠯᠡᠯ᠎ᠦᠨ ᠬᠤᠭᠤᠴᠠᠭᠠᠨ ᠤ᠋ ᠬᠢᠵᠠᠭᠠᠷᠯᠠᠯ ᠢ᠋ ᠡᠪᠳᠡᠵᠦ᠍᠂ ᠥᠪᠥᠷ ᠮᠣᠩᠭᠣᠯ ᠤ᠋ᠨ ᠪᠠᠷᠠᠭᠤᠨ ᠬᠡᠰᠡᠭ᠎ᠦᠨ ᠴᠠᠬᠢᠯᠭᠠᠨ ᠲᠤᠤᠷ ᠤ᠋ᠨ ᠮᠤᠵᠢ ᠣᠷᠣᠨ ᠠᠯᠤᠰᠯᠠᠭ᠍ᠰᠠᠨ ᠪᠣᠬᠢᠷᠲᠤᠯ ᠥᠬᠡᠶ ᠴᠠᠬᠢᠯᠭᠠᠨ ᠤ᠋ ᠣᠷᠳᠣ ᠦᠶᠡᠯᠡᠯ᠎ᠦᠨ ᠬᠤᠭᠤᠴᠠᠭᠠᠨ ᠤ᠋ ᠠᠷᠠᠯᠵᠢᠶᠠᠨ ᠤ᠋ ᠬᠦᠷᠢᠶᠡᠨ᠎ᠳᠠᠬᠢ ᠬᠣᠭᠣᠰᠣᠨ ᠢ᠋ ᠨᠥᠬᠥᠪᠥᠷᠢᠯᠡᠵᠦ᠍᠂ ᠴᠠᠬᠢᠯᠭᠠᠨ ᠬᠡᠷᠡᠭ᠌ᠯᠡᠬᠦ᠌ ᠭᠠᠵᠠᠷ ᠣᠷᠣᠨ ᠤ᠋ ᠪᠣᠬᠢᠷᠲᠤᠯ ᠥᠬᠡᠶ ᠴᠠᠬᠢᠯᠭᠠᠨ ᠤ᠋ ᠬᠠᠩᠭᠠᠯᠭ᠎ᠠ ᠵᠢ ᠪᠠᠲᠤᠯᠠᠭ᠍ᠰᠠᠨ ᠮᠥᠷᠲᠡᠭᠡᠨ  ᠥᠪᠥᠷ ᠮᠣᠩᠭᠣᠯ ᠤ᠋ᠨ ᠪᠠᠷᠠᠭᠤᠨ ᠬᠡᠰᠡᠭ᠎ᠦᠨ ᠴᠠᠬᠢᠯᠭᠠᠨ ᠲᠤᠤᠷ ᠤ᠋ᠨ ᠴᠠᠬᠢᠯᠭᠠᠨ ᠬᠡᠷᠡᠭ᠌ᠯᠡᠬᠦ᠌ ᠭᠠᠵᠠᠷ ᠣᠷᠣᠨ ᠤ᠋ ᠬᠡᠷᠡᠭ᠌ᠯᠡᠭᠡᠨ᠎ᠦ ᠬᠡᠷᠡᠭ᠌ᠴᠡᠭᠡ ᠱᠠᠭᠠᠷᠳᠠᠯᠭ᠎ᠠ ᠵᠢ ᠦᠨᠳᠦᠰᠦᠯᠡᠨ ᠴᠠᠬᠢᠯᠭᠠᠨ ᠬᠦᠴᠦᠨ᠎ᠦ ᠠᠷᠠᠯᠵᠢᠶ᠎ᠠ ᠵᠢ ᠠᠮᠢᠳᠤᠯᠢᠭ ᠵᠢᠡᠷ ᠥᠷᠨᠢᠭᠦᠯᠬᠦ᠌᠎ᠳᠦ ᠲᠥᠬᠥᠮ ᠦᠵᠡᠭᠦᠯᠵᠦ᠍᠂ ᠪᠣᠬᠢᠷᠲᠤᠯ ᠥᠬᠡᠶ ᠴᠠᠬᠢᠯᠭᠠᠨ ᠤ᠋ ᠵᠠᠬ᠎ᠠ ᠳᠡᠯᠭᠡᠭᠦᠷ᠎ᠦᠨ ᠣᠷᠣᠨ ᠵᠠᠶ ᠵᠢ ᠪᠦᠲᠦᠮᠵᠢᠲᠡᠶ ᠥᠷᠭᠡᠳᠭᠡᠵᠠᠢ᠃ ᠬᠠᠩᠭᠠᠯᠭ᠎ᠠ ᠵᠢ ᠪᠠᠲᠤᠯᠠᠬᠤ ᠪᠠ ᠬᠡᠯᠪᠡᠷᠢ ᠪᠡᠨ ᠬᠤᠪᠢᠷᠠᠭᠤᠯᠬᠤ ᠳ᠋ᠦ ᠥᠪᠥᠷ ᠮᠣᠩᠭᠣᠯ ᠤ᠋ᠨ ᠪᠠᠷᠠᠭᠤᠨ ᠬᠡᠰᠡᠭ ᠤ᠋ᠨ ᠴᠠᠬᠢᠯᠭᠠᠨ ᠲᠤᠤᠷ ᠤ᠋ᠨ ᠬᠢᠨ ᠪᠣᠬᠢᠷᠲᠤᠯ ᠥᠬᠡᠶ ᠴᠠᠬᠢᠯᠭᠠᠨ ᠢ᠋ ᠭᠠᠳᠠᠭ᠍ᠰᠢ ᠬᠦᠷᠭᠡᠬᠦ᠌ ᠬᠡᠪᠴᠢᠶ᠎ᠡ ᠵᠢ ᠦᠷᠭᠦᠯᠵᠢᠯᠡᠨ ᠥᠷᠭᠡᠳᠭᠡᠵᠤ᠂ ᠪᠣᠬᠢᠷᠲᠤᠯ ᠥᠬᠡᠶ ᠴᠠᠬᠢᠯᠭᠠᠨ ᠢ᠋ ᠭᠠᠳᠠᠭ᠍ᠰᠢ ᠬᠦᠷᠭᠡᠬᠦ᠌ ᠲᠣᠭ᠍ᠲᠠᠴᠠ ᠪᠠᠨ ᠰᠢᠨᠠᠴᠢᠯᠠᠵᠤ᠂ ᠪᠥᠬᠥ᠌ ᠤᠯᠤᠰ ᠤ᠋ᠨ ᠪᠣᠬᠢᠷᠲᠤᠯ ᠥᠬᠡᠶ ᠴᠠᠬᠢᠯᠭᠠᠨ ᠤ᠋ ᠠᠷᠠᠯᠵᠢᠶ᠎ᠠ ᠳ᠋ᠦ 《ᠥᠪᠥᠷ ᠮᠣᠩᠭᠣᠯ ᠤ᠋ᠨ ᠴᠠᠬᠢᠯᠭᠠᠨ ᠬᠦᠴᠦᠨ᠎ᠦ ᠲᠥᠰᠦᠯ》 ᠢ᠋ ᠨᠡᠮᠡᠷᠢᠯᠡᠵᠦ᠍ ᠂ ᠪᠣᠬᠢᠷᠲᠤᠯ ᠥᠬᠡᠶ ᠴᠠᠬᠢᠯᠭᠠᠨ ᠬᠦᠴᠦᠨ ᠵᠢᠡᠷ ᠨᠠᠩ ᠣᠯᠠᠨ ᠭᠠᠵᠠᠷ ᠣᠷᠣᠨ ᠤ᠋ ᠬᠡᠷᠡᠭ᠌ᠯᠡᠭᠡᠨ᠎ᠦ ᠬᠡᠷᠡᠭ᠌ᠴᠡᠭᠡ ᠵᠢ ᠪᠦᠲᠦᠮᠵᠢᠲᠡᠶ ᠬᠠᠩᠭᠠᠵᠤ᠂ ᠪᠣᠳᠠᠲᠤ ᠠᠵᠢᠯᠯᠠᠭ᠎ᠠ᠎ᠪᠠᠷ ᠵᠢᠡᠨ ᠦᠪᠦᠷ ᠮᠤᠩᠭᠤᠯ ᠤ᠋ᠨ ᠡᠨᠧᠷᠭᠢ ᠵᠢᠨ  ᠲᠤᠤᠷ᠎ᠠ ᠨᠡᠭᠦᠷᠡᠰᠦᠲᠥ᠋ᠷᠥᠭ᠌ᠴᠢᠳᠤ ᠲᠡᠢᠰᠢ ᠬᠡᠯᠪᠡᠷᠢ ᠪᠡᠨ ᠬᠤᠪᠢᠷᠠᠭᠤᠯᠬᠤ ᠪᠠ ᠣᠳᠣᠬᠢᠴᠢᠯᠠᠭ᠍ᠰᠠᠨ ᠴᠠᠬᠢᠯᠭᠠᠨ ᠬᠦᠴᠦᠨ᠎ᠦ ᠬᠠᠩᠭᠠᠯᠭ᠎ᠠ ᠵᠢᠨ ᠱᠢᠰᠲ᠋ᠧᠮ ᠤ᠋ᠨ ᠪᠠᠢᠭᠤᠯᠤᠯᠲᠠ ᠳ᠋ᠦ ᠦᠶ᠋ᠯᠡᠴᠢᠯᠡᠵᠦ᠍᠂ ᠪᠥᠬᠥ᠌ ᠤᠯᠤᠰ ᠤ᠋ᠨ ᠨᠢᠭᠡᠳᠦᠯᠲᠡᠶ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号