ᠣᠷᠳᠣᠰ ᠬᠣᠲᠠ᠎ᠶ᠋ᠢᠨ ᠳᠠᠯᠠᠳ ᠬᠣᠱᠢᠭᠤᠨ᠎ᠤ ᠥᠪᠥᠷ ᠮᠣᠩᠭᠣᠯ᠎ᠤᠨ ᠷᠦᠩ ᠱᠢᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ ᠶᠡᠭᠡᠪᠡᠷ ᠨᠡᠮᠡᠭᠳᠡᠪᠡ
2025-10-20 10:02:44
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠷᠳᠣᠰ ᠬᠣᠲᠠ᠎ᠶ᠋ᠢᠨ ᠳᠠᠯᠠᠳ ᠬᠣᠱᠢᠭᠤᠨ᠎ᠤ ᠥᠪᠥᠷ ᠮᠣᠩᠭᠣᠯ᠎ᠤᠨ ᠷᠦᠩ ᠱᠢᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠵᠢᠯ᠎ᠳᠦ 80 ᠲᠦᠮᠡᠨ ᠲᠣᠨ ᠠᠯᠺᠧᠨ ᠦᠶ᠋ᠯᠡᠳᠪᠦᠷᠢᠯᠡᠬᠦ᠌ ᠲᠥᠷᠥᠯ ᠵᠦᠶ᠋ᠯ ᠤ᠋ᠨ ᠶᠡᠷᠦᠩᠬᠡᠶ ᠪᠠᠯᠠ ᠣᠷᠣᠭᠤᠯᠤᠯᠲᠠ᠎ᠨᠢ 98.3 ᠳ᠋ᠦᠩᠱᠢᠭᠤᠷ ᠲᠥᠭᠥᠷᠢᠭ᠎ᠲᠦ ᠬᠦᠷᠴᠦ᠍᠂ ᠬᠠᠮᠤᠭ᠎ᠤᠨ ᠱᠢᠨ᠎ᠡ ᠲᠤᠰᠭᠠᠶ ᠠᠱᠢᠭ᠎ᠤᠨ ᠤᠷ᠎ᠠ ᠮᠡᠷᠭᠡᠱᠢᠯ᠎ᠦᠨ ᠮᠡᠷᠭᠡᠵᠢᠯ ᠪᠠ ᠡᠨᠧᠷᠭᠢ  ᠠᠷᠪᠢᠯᠠᠬᠤ ᠲᠡᠷᠢᠭᠦᠨ᠎ᠦ ᠮᠡᠷᠭᠡᠵᠢᠯ᠎ᠢ ᠬᠡᠷᠡᠭ᠌ᠯᠡᠵᠦ᠍᠂  ᠠᠱᠢᠭ᠍ᠯᠠᠯᠲᠠ᠎ᠳᠤ ᠣᠷᠣᠭ᠍ᠰᠠᠨ ᠎ᠤ ᠳᠠᠷᠠᠭ᠎ᠠ ᠵᠢᠱ᠌ᠢᠯᠲᠡ᠎ᠪᠡᠷ ᠵᠢᠯ᠎ᠦᠨ ᠠᠵᠤ ᠦᠶ᠋ᠯᠡᠳᠪᠦᠷᠢ᠎ᠶ᠋ᠢᠨ  ᠶᠡᠷᠦᠩᠬᠡᠶ ᠦᠶ᠋ᠯᠡᠳᠬᠦᠨ ᠎ᠦ ᠥᠷᠲᠡᠭ᠎ᠨᠢ  66.70 ᠳ᠋ᠦᠩᠱᠢᠭᠤᠷ ᠲᠥᠭᠥᠷᠢᠭ᠂ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ᠎ᠨᠢ 20.79 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠤᠬᠠᠶ᠎ᠶ᠋ᠢᠨ ᠭᠠᠵᠠᠷ᠎ᠤᠨ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ᠎ᠪᠡᠷ ᠠᠱᠢᠭ᠍ᠯᠠᠬᠤ ᠪᠠ ᠨᠡᠭᠦᠷᠡᠰᠦ ᠬᠢᠮᠢ ᠎ᠶ᠋ᠢᠨ ᠠᠵᠤ ᠦᠶ᠋ᠯᠡᠳᠪᠦᠷᠢ ᠎ᠶ᠋ᠢᠨ ᠪᠥᠬᠥ᠌ ᠬᠡᠯᠬᠢᠶᠡᠨ᠎ᠦ ᠬᠥᠭ᠌ᠵᠢᠯᠲᠡ᠎ᠶ᠋ᠢ ᠠᠬᠢᠭᠤᠯᠬᠤ ᠪᠣᠯᠤᠨ᠎ᠠ᠃ ᠵᠢᠷᠤᠭ ᠪᠤᠯ 10 ᠰᠠᠷ᠎ᠠ᠎ᠶ᠋ᠢᠨ 19 ᠎ᠤ᠋ ᠡᠳᠦᠷ᠂ ᠪᠠᠷᠢᠯᠭ᠎ᠠ᠎ᠶ᠋ᠢᠨ ᠠᠵᠢᠯᠲᠠᠳ ᠲᠦᠷᠦᠯ ᠵᠦᠢᠯ ᠤ᠋ᠨ ᠪᠠᠷᠢᠯᠭ᠎ᠠ᠎ᠶ᠋ᠢᠨ ᠭᠠᠵᠠᠷ᠎ᠲᠤ ᠦᠶ᠋ᠯᠡᠳᠪᠦᠷᠢ᠎ᠶ᠋ᠢᠨ ᠬᠡᠷ ᠪᠠᠢᠱᠢᠩ ᠪᠠᠢᠭᠤᠯᠵᠤ᠂ ᠲᠥᠬᠥᠭᠡᠷᠦᠮᠵᠢ ᠤᠭ᠍ᠰᠠᠷᠠᠵᠤ ᠪᠠᠢᠭ᠎ᠠ ᠨᠢ᠃


QQ20251020-100001.png


ᠲᠤᠰ ᠰᠣᠨᠢᠨ᠎ᠤ ᠰᠤᠷᠪᠤᠯᠵᠢᠯᠠᠭ᠍ᠴᠢ ᠸᠠᠩ ᠱᠢᠶᠣᠤ ᠪᠦᠸᠸ ᠰᠡᠭᠦᠳᠡᠷᠯᠡᠪᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号