​ᠥᠪᠥᠷ ᠮᠣᠩᠭᠣᠯ ᠤ᠋ᠨ 3 ᠤᠯᠤᠰ ᠤ᠋ᠨ ᠳᠡᠰ ᠤ᠋ᠨ ᠠᠵᠤ ᠦᠢᠯᠡᠰ ᠤ᠋ᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠡᠵᠡᠩᠨᠡᠯᠲᠡ ᠶ᠋ᠢᠨ ᠲᠥᠪ ᠬᠢᠨᠠᠨ ᠲᠤᠬᠲᠠᠭᠠᠯᠲᠠ ᠵᠢ ᠦᠨᠭᠭᠡᠷᠡᠭᠡᠪᠡ
2025-10-20 10:38:12
ᠵᠣᠬᠢᠶᠠᠭ᠍ᠴᠢ᠄
​ ᠤᠷᠠᠨ᠎ᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ ᠳ᠋ᠤ᠂ ᠤᠯᠤᠰ ᠤ᠋ᠨ ᠮᠡᠳᠡᠯᠭᠡ ᠶ᠋ᠢᠨ ᠥᠮᠴᠢᠯᠡᠯ ᠤ᠋ᠨ ᠡᠷᠬᠡ ᠶ᠋ᠢᠨ ᠲᠣᠪᠴᠢᠶ᠎ᠠ ᠠᠩᠬᠠᠳᠠᠬᠴᠢ ᠤᠯᠤᠰ ᠤ᠋ᠨ ᠲᠡᠰ ᠤ᠋ᠨ ᠠᠵᠤ ᠦᠢᠯᠡᠰ ᠤ᠋ᠨ ᠮᠡᠳᠡᠯᠭᠡ ᠶ᠋ᠢᠨ ᠥᠮᠴᠢᠯᠡᠯ ᠤ᠋ᠨ ᠡᠷᠬᠡ ᠶ᠋ᠢᠨ ᠡᠵᠡᠩᠨᠡᠯᠲᠡ ᠶ᠋ᠢᠨ ᠲᠥᠪ ᠤ᠋ᠨ ᠬᠢᠨᠠᠨ ᠲᠣᠭ᠍ᠲᠠᠭᠠᠬᠤ ᠠᠵᠢᠯ ᠢ᠋ ᠪᠡᠶᠡᠯᠡᠭᠦᠯᠵᠦ᠍᠂ ᠪᠦᠬᠦ᠌ ᠤᠯᠤᠰ ᠤ᠋ᠨ ᠲᠠᠭᠠᠭᠤᠯᠤᠬ᠍ᠴᠢ ᠠᠵᠤ ᠠᠬᠤᠢᠯᠠᠯ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ᠂ ᠠᠵᠤ ᠦᠢᠯᠡᠰ ᠤ᠋ᠨ ᠬᠦᠷᠢᠶᠡᠯᠡᠩ ᠲᠣᠭᠣᠷᠢᠭ ᠲᠦ᠍ ᠬᠠᠨᠳᠤᠭᠤᠯᠤᠨ 65 ᠤᠯᠤᠰ ᠤ᠋ᠨ ᠲᠡᠰ ᠤ᠋ᠨ ᠠᠵᠤ ᠦᠢᠯᠡᠰ ᠤ᠋ᠨ ᠮᠡᠳᠡᠯᠭᠡ ᠶ᠋ᠢᠨ ᠥᠮᠴᠢᠯᠡᠯ ᠤ᠋ᠨ ᠡᠷᠬᠡ ᠶ᠋ᠢᠨ ᠡᠵᠡᠩᠨᠡᠯᠲᠡ ᠶ᠋ᠢᠨ ᠲᠥᠪ ᠢ᠋ ᠬᠢᠨᠠᠨ ᠲᠣᠭ᠍ᠲᠠᠭᠠᠵᠤ᠂ ᠠᠵᠤ ᠦᠢᠯᠡᠰ ᠤ᠋ᠨ ᠬᠡᠯᠬᠢᠶ᠎ᠡ ᠱᠢᠨ᠎ᠡ ᠵᠢ ᠡᠭᠦᠳᠬᠦ᠌ ᠬᠡᠯᠬᠢᠶ᠎ᠡ ᠶ᠋ᠢᠨ ᠬᠠᠮᠵᠢᠯᠴᠠᠨ ᠬᠥᠭ᠌ᠵᠢᠬᠦ᠌ ᠪᠠᠢᠯᠳᠤᠬᠤ ᠪᠤᠳᠤᠯᠭ᠎ᠠ ᠶ᠋ᠢᠨ ᠲᠤᠯᠭᠠᠭᠤᠷᠢᠯᠠᠬᠤ ᠴᠡᠭ ᠢ᠋ ᠪᠠᠢᠭᠤᠯᠪᠠ᠃ ᠡᠭᠦᠨ ᠳ᠋ᠤ ᠥᠪᠥᠷ ᠮᠣᠩᠭᠣᠯ ᠤ᠋ᠨ ᠬᠣᠪᠣᠷ ᠱᠢᠷᠣᠶ᠂ ᠰᠦ ᠶ᠋ᠢᠨ ᠦᠶ᠋ᠯᠡᠰ᠂ ᠡᠪᠡᠰᠦᠨ ᠤ᠋ ᠦᠶ᠋ᠯᠡᠰ ᠵᠡᠷᠭᠡ 3 ᠦᠪᠡᠷᠮᠢᠴᠡ ᠣᠨᠴᠠᠯᠢᠭ᠍ᠲᠤ ᠳᠠᠪᠠᠭᠤᠯᠢᠬ ᠠᠵᠤ ᠦᠶ᠋ᠯᠡᠰ ᠤ᠋ᠨ ᠬᠦᠷᠢᠶᠡᠨ ᠳ᠋ᠡᠬᠢ ᠤᠯᠤᠰ ᠤ᠋ᠨ ᠲᠠᠰ ᠤ᠋ᠨ ᠠᠵᠤ ᠦᠶ᠋ᠯᠡᠰ ᠤ᠋ᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠡᠵᠡᠩᠨᠡᠯᠲᠡ ᠶ᠋ᠢᠨ ᠲᠥᠪ ᠬᠢᠨᠠᠨ ᠲᠤᠬᠲᠠᠭᠠᠯᠲᠠ ᠵᠢ ᠦᠨᠭᠭᠡᠷᠡᠭᠡᠪᠡ᠃

ᠣᠢᠯᠠᠭᠠᠭ᠍ᠰᠠᠨ ᠢ᠋ᠶ᠋ᠡᠷ᠂ ᠬᠣᠪᠣᠷ ᠱᠢᠷᠣᠶ᠂ ᠰᠦ ᠶ᠋ᠢᠨ ᠦᠶ᠋ᠯᠡᠰ᠂ ᠡᠪᠡᠰᠦᠨ ᠤ᠋ ᠦᠶ᠋ᠯᠡᠰ ᠲᠠᠢ  ᠬᠤᠯᠪᠤᠬᠳᠠᠬᠰᠠᠨ 3 ᠤᠯᠤᠰ ᠤ᠋ᠨ ᠲᠠᠰ ᠤ᠋ᠨ ᠠᠵᠤ ᠦᠶ᠋ᠯᠡᠰ ᠤ᠋ᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠡᠵᠡᠩᠨᠡᠯᠲᠡ ᠶ᠋ᠢᠨ ᠲᠥᠪ᠎ᠤᠨ ᠬᠢᠨ ᠬᠢᠨᠠᠨ ᠲᠤᠬᠲᠠᠭᠠᠬᠳᠠᠬᠰᠠᠨ ᠤ᠋ ᠳᠠᠷᠠᠭ᠎ᠠ᠂ ᠠᠵᠤ ᠦᠶ᠋ᠯᠡᠰ ᠤ᠋ᠨ ᠬᠡᠯᠬᠢᠶ᠎ᠡ ᠶ᠋ᠢᠨ ᠬᠥᠭ᠌ᠵᠢᠯᠲᠡ ᠶ᠋ᠢᠨ ᠬᠡᠷᠡᠭ᠌ᠴᠡᠭᠡ ᠶ᠋ᠢᠨ ᠲᠣᠭᠣᠷᠢᠨ ᠳ᠋ᠤ ᠲᠤᠰᠭᠠᠶ ᠠᠱᠢᠭ ᠤ᠋ᠨ ᠪᠠᠢᠷᠢᠱᠢᠭᠤᠯᠤᠯᠲᠠ ᠵᠢ ᠥᠷᠨᠢᠭᠦᠯᠵᠦ᠍᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠥᠨᠳᠥᠷ ᠥᠷᠲᠡᠭ᠌ᠲᠦ ᠲᠤᠰᠭᠠᠶ ᠠᠱᠢᠭ ᠢ᠋ ᠪᠣᠢᠵᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠠ ᠠᠵᠤ ᠦᠶ᠋ᠯᠡᠰ ᠤ᠋ᠨ ᠱᠢᠨ᠎ᠡ ᠵᠢ ᠡᠭᠦᠳᠬᠦ᠌ ᠵᠢ ᠠᠭᠤᠰᠤᠯᠴᠠᠭᠤᠯᠤᠨ ᠬᠥᠭ᠌ᠵᠢᠭᠦᠯᠬᠦ᠌ ᠵᠢ ᠠᠬᠢᠭᠤᠯᠵᠤ᠂ ᠠᠵᠤ ᠦᠶ᠋ᠯᠡᠰ ᠤ᠋ᠨ ᠠᠵᠢᠯ ᠲᠥᠷᠥᠯ ᠤ᠋ᠨ ᠦᠭᠡ ᠬᠡᠯᠡᠬᠦ᠌ ᠡᠷᠬᠡ ᠵᠢ ᠳᠡᠭᠡᠭ᠌ᠰᠢᠯᠡᠭᠦᠯᠵᠦ᠍᠂ ᠠᠵᠤ ᠦᠶ᠋ᠯᠡᠰ ᠤ᠋ᠨ ᠬᠡᠯᠬᠢᠶ᠎ᠡ ᠶ᠋ᠢᠨ ᠳᠡᠭᠡᠳᠦ  ᠳᠤᠤᠷᠠᠳᠤ ᠤᠷᠤᠰᠭᠠᠯ ᠤ᠋ᠨ ᠠᠵᠤ ᠠᠬᠤᠢᠯᠠᠯ ᠲᠠᠢ  ᠬᠠᠮᠲᠤᠷᠠᠯᠴᠠᠨ ᠵᠠᠬ᠎ᠠ  ᠳᠡᠯᠭᠡᠭᠦᠷ ᠢ᠋ ᠥᠷᠭᠡᠳᠭᠡᠵᠦ᠍᠂ ᠣᠯᠠᠨ ᠤᠯᠤᠰ ᠤ᠋ᠨ ᠲᠥᠷᠥᠯ ᠲᠡᠮᠳᠡᠭ ᠢ᠋ ᠡᠭᠦᠳᠬᠦ ᠪᠤᠯᠤᠨ᠎ᠠ᠃

ᠬᠣᠪᠣᠷ ᠱᠢᠷᠣᠶ ᠶ᠋ᠢᠨ ᠴᠢᠳᠠᠮᠵᠢᠲᠤ ᠮᠠᠲ᠋ᠧᠷᠢᠶᠠᠯ ᠤ᠋ᠨ ᠤᠯᠤᠰ ᠤ᠋ᠨ ᠲᠠᠰ ᠤ᠋ᠨ ᠠᠵᠤ ᠦᠶ᠋ᠯᠡᠰ ᠤ᠋ᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠡᠵᠡᠩᠨᠡᠯᠲᠡ ᠶ᠋ᠢᠨ ᠲᠥᠪ ᠢ᠋ ᠪᠤᠭᠤᠲᠤ ᠶ᠋ᠢᠨ ᠬᠣᠪᠣᠷ ᠱᠢᠷᠣᠶ ᠶ᠋ᠢᠨ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠤ᠋ᠨ ᠬᠠᠮᠢᠶᠠᠷᠤᠯᠲᠠ ᠶ᠋ᠢᠨ ᠵᠥᠪᠯᠡᠯ ᠳ᠋ᠤ ᠲᠦᠱᠢᠭ᠌ᠯᠡᠨ ᠪᠠᠢᠭᠤᠯᠵᠤ᠂ ᠤᠯᠤᠰ ᠤ᠋ᠨ ᠳᠣᠲᠣᠭᠠᠳᠤ ᠶ᠋ᠢᠨ ᠳᠡᠭᠡᠳᠦ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ ᠪᠠ ᠳᠠᠭᠠᠭᠤᠯᠤᠬᠴᠢ ᠠᠵᠤ ᠠᠬᠤᠢᠯᠠᠯ ᠢ᠋ ᠵᠣᠬᠢᠶᠠᠨ ᠪᠠᠢᠭᠤᠯᠤᠨ ᠬᠣᠪᠣᠷ ᠱᠢᠷᠣᠶ ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠂ ᠬᠣᠪᠣᠷ ᠱᠢᠷᠣᠶ ᠶ᠋ᠢᠨ ᠬᠠᠢᠯᠤᠰᠢ᠂ ᠬᠣᠪᠣᠷ ᠱᠢᠷᠣᠶ ᠶ᠋ᠢᠨ ᠲᠦᠷᠭᠡᠳᠭᠡᠭᠦᠷ ᠤ᠋ᠨ ᠬᠦᠷᠢᠶ᠎ᠡ ᠵᠡᠷᠭᠡ ᠶ᠋ᠢᠨ 《ᠪᠣᠭᠣᠮᠢ》 ᠮᠡᠷᠭᠡᠵᠢᠯ ᠢ᠋ ᠱᠢᠪᠲᠤᠯᠵᠤ᠂ ᠪᠡᠶ᠎ᠡ ᠪᠠᠨ ᠳᠠᠭᠠᠭᠠᠭ᠍ᠰᠠᠨ ᠮᠡᠳᠡᠯᠭᠡ ᠶ᠋ᠢᠨ ᠦᠮᠴᠢᠯᠡᠯ ᠤ᠋ᠨ ᠡᠷᠬᠡ᠎ᠲᠡᠶ ᠭᠤᠤᠯᠯᠠᠬᠤ ᠮᠡᠷᠭᠡᠵᠢᠯ  ᠪᠠ  ᠦᠶ᠋ᠯᠡᠳᠬᠦᠨ ᠢ᠋ ᠪᠣᠶ ᠪᠣᠯᠭᠠᠵᠤ᠂ ᠱᠢᠨ᠎ᠡ ᠴᠢᠨᠠᠷ ᠎ᠦᠨ ᠦᠶ᠋ᠯᠡᠳᠪᠦᠷᠢᠯᠡᠯ ᠤ᠋ᠨ ᠬᠦᠴᠦᠨ ᠢ᠋ ᠨᠡᠪᠴᠢᠭᠦᠯᠬᠦ᠌᠎ᠳᠦ ᠬᠦᠴᠦᠨ ᠵᠦᠶ᠋ᠯ ᠤ᠋ᠨ ᠪᠠᠲᠤᠯᠠᠭ᠎ᠠ ᠬᠠᠩᠭᠠᠨ᠎ᠠ᠃ ᠰᠦ ᠶ᠋ᠢᠨ ᠦᠶ᠋ᠯᠡᠰ ᠤ᠋ᠨ ᠤᠯᠤᠰ ᠤ᠋ᠨ ᠲᠠᠰ ᠤ᠋ᠨ ᠠᠵᠤ ᠦᠶ᠋ᠯᠡᠰ ᠤ᠋ᠨ ᠮᠡᠳᠡᠯᠭᠡ ᠶ᠋ᠢᠨ ᠥᠮᠴᠢᠯᠡᠯ ᠤ᠋ᠨ ᠡᠷᠬᠡ ᠶ᠋ᠢᠨ ᠡᠵᠡᠩᠨᠡᠯᠲᠡ ᠶ᠋ᠢᠨ ᠲᠥᠪ ᠎ᠤ᠋ᠨ ᠬᠢᠨ ᠢᠯᠢ ᠪᠦᠯᠦᠭ᠌ᠯᠡᠯ ᠺᠤᠮᠫᠠᠨᠢ ᠪᠠᠷ ᠪᠥᠲᠥᠭᠡᠨ ᠪᠠᠢᠭᠤᠯᠤᠯᠲᠠ ᠶ᠋ᠢᠨ ᠭᠤᠤᠯ ᠴᠣᠭ᠍ᠴᠠ ᠪᠣᠯᠭᠠᠵᠤ᠂ 80 ᠭᠠᠷᠤᠶ ᠠᠵᠤ ᠦᠶ᠋ᠯᠡᠰ ᠤ᠋ᠨ ᠬᠡᠯᠬᠢᠶ᠎ᠡ ᠶ᠋ᠢᠨ ᠡᠬᠢᠨ᠎ᠤ ᠪᠠ ᠡᠴᠤᠰ᠎ᠤᠨ ᠦᠢᠯᠡᠳᠬᠦᠨ᠎ᠤ ᠠᠵᠤ ᠠᠬᠤᠢᠯᠠᠯ ᠵᠢᠴᠢ 70 ᠭᠠᠷᠤᠶ ᠳᠡᠭᠡᠳᠦ ᠰᠤᠳᠤᠯᠭᠠᠨ ᠤ᠋ ᠬᠦᠷᠢᠶᠡᠯᠡᠩ ᠭᠠᠵᠠᠷ ᠲᠠᠢ ᠬᠣᠯᠪᠣᠭᠠᠯᠠᠨ ᠱᠢᠨ᠎ᠡ ᠵᠢ ᠡᠭᠦᠳᠬᠦ᠌ ᠬᠣᠯᠪᠣᠭᠠᠲᠤ ᠴᠣᠭ᠍ᠴᠠ ᠵᠢ ᠪᠦᠷᠢᠯᠳᠦᠭᠦᠯᠵᠦ᠂ ᠴᠠᠭᠠᠨ ᠢᠳᠡᠭᠡᠨ ᠤ᠋ ᠤᠷ᠎ᠠ ᠮᠡᠷᠭᠡᠵᠢᠯ ᠲᠣᠨᠣᠭ ᠲᠥᠬᠥᠭᠡᠷᠦᠮᠵᠢ᠂ ᠠᠶᠤᠯᠭᠦᠶ ᠴᠢᠨᠠᠷ᠂ ᠱᠢᠮ᠎ᠡ ᠲᠡᠵᠢᠭᠡᠯ ᠡᠷᠡᠭᠦᠯ ᠴᠢᠭᠢᠷᠠᠭ᠂ ᠰᠠᠭᠠᠯᠢ ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠵᠡᠷᠭᠡ ᠬᠦᠷᠢᠶᠡᠨ ᠳ᠋ᠡᠬᠢ  ᠵᠠᠩᠭᠢᠯᠠᠭ᠎ᠠ ᠶ᠋ᠢᠨ ᠮᠡᠷᠭᠡᠵᠢᠯ ᠤ᠋ᠨ ᠲᠠᠯ᠎ᠠ ᠪᠠᠷ ᠭᠤᠤᠯᠳᠠᠯᠭ᠎ᠠ ᠲᠠᠢ ᠰᠢᠪᠲᠤᠯᠤᠯᠲᠠ ᠭᠠᠷᠭᠠᠨ᠎ᠠ᠃ ᠡᠪᠡᠰᠦᠨ ᠤ᠋ ᠦᠢᠯᠡᠰ ᠤ᠋ᠨ ᠤᠯᠤᠰ ᠤ᠋ᠨ ᠲᠡᠰ ᠤ᠋ᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠡᠵᠡᠩᠨᠡᠯᠲᠡ ᠶ᠋ᠢᠨ ᠲᠥᠪ ᠢ᠋ ᠮᠧᠩ ᠼᠤᠤ ᠪᠦᠯᠦᠭ᠌ᠯᠡᠯ ᠳ᠋ᠤ ᠲᠦᠱᠢᠭ᠌ᠯᠡᠨ ᠪᠦᠲᠦᠭᠡᠨ ᠪᠠᠢᠭᠤᠯᠵᠤ᠂ ᠦᠷ᠎ᠡ ᠪᠣᠢᠵᠢᠭᠤᠯᠬᠤ᠂ ᠡᠯᠡᠰᠦᠷᠬᠡᠭᠵᠢᠯ ᠢ᠋ ᠰᠡᠷᠭᠡᠢᠯᠡᠨ ᠡᠯᠡᠰᠤ᠎ᠵᠢ ᠵᠠᠰᠠᠬᠤ ᠵᠡᠷᠭᠡ ᠵᠠᠩᠭᠢᠯᠠᠭ᠎ᠠ ᠶ᠋ᠢᠨ ᠮᠡᠷᠭᠡᠵᠢᠯ ᠢ᠋ ᠭᠣᠣᠯᠳᠠᠯᠭ᠎ᠠ ᠲᠠᠢ ᠱᠢᠪᠲᠤᠯᠵᠤ᠂ ᠤᠯᠤᠰ ᠤ᠋ᠨ ᠳᠣᠲᠣᠭᠠᠳᠤ ᠶ᠋ᠢᠨ ᠲᠤᠰᠭᠠᠢ ᠠᠱᠢᠭ ᠪᠠ  PCT ᠣᠯᠠᠨ ᠤᠯᠤᠰ ᠤ᠋ᠨ ᠲᠤᠰᠭᠠᠢ ᠠᠱᠢᠭ ᠢ᠋ ᠪᠠᠢᠷᠢᠱᠢᠭᠤᠯᠤᠨ᠂ ᠮᠧᠩ ᠼᠤᠤ ᠪᠦᠯᠦᠭᠯᠡᠯ ᠤ᠋ᠨ ᠲᠥᠷᠥᠯ ᠲᠡᠮᠳᠡᠭ᠌ ᠤ᠋ᠨ ᠣᠯᠠᠨ ᠤᠯᠤᠰᠴᠢᠯᠠᠯᠲᠠ ᠵᠢ ᠠᠬᠢᠭᠤᠯᠤᠨ᠂ ᠵᠠᠭᠤᠨ ᠲᠦᠮᠡᠨ ᠮᠦ᠍ ᠶ᠋ᠢᠨ ᠠᠮᠢ ᠠᠬᠤᠢ ᠶ᠋ᠢᠨ ᠵᠠᠰᠠᠯᠲᠠ ᠵᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号