ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠵᠤ ᠬᠢᠨᠠᠨ ᠬᠡᠮᠵᠢᠬᠦ ᠰᠤᠳᠤᠯᠤᠯ ᠤ᠋ᠨ ᠬᠦᠷᠢᠶᠡᠯᠡᠩ ᠤᠢᠷ᠎ᠠ ᠳ᠋ᠤ ᠳᠤᠮᠳᠠᠳᠤ ᠤᠯᠤᠰ ᠤ᠋ᠨ ᠬᠢᠷᠢ ᠲᠡᠩᠴᠡᠭᠰᠡᠨ ᠢ᠋ ᠰᠢᠯᠭᠠᠨ ᠳᠤᠭᠳᠠᠭᠠᠬᠤ ᠤᠯᠤᠰ ᠤ᠋ᠨ ᠮᠡᠳᠡᠷᠡᠨ ᠵᠦᠪᠰᠢᠶᠡᠷᠡᠬᠦ ᠵᠦᠪᠯᠡᠯ (CNAS)ᠤ᠋ᠨ ᠠᠷᠢᠭᠤᠨ ᠴᠡᠪᠡᠷ ᠲᠤᠭᠤᠷᠢᠭ (ᠲᠠᠰᠤᠭ) ᠢ᠋ ᠰᠢᠯᠭᠠᠨ ᠪᠠᠢᠴᠠᠭᠠᠬᠤ ᠬᠦᠷᠢᠶᠡᠨ ᠤ᠋ ᠬᠢᠨᠠᠨ ᠰᠢᠯᠭᠠᠯᠳᠠ ᠢ᠋ᠢ ᠠᠮᠵᠢᠯᠳᠠ ᠲᠠᠢ ᠦᠩᠭᠡᠷᠡᠬᠦᠯᠵᠦ᠂ ᠲᠤᠷᠰᠢᠯᠳᠠ ᠶ᠋ᠢᠨ ᠲᠠᠰᠤᠭ ᠢ᠋ ᠮᠡᠳᠡᠷᠡᠨ ᠵᠦᠪᠰᠢᠶᠡᠷᠡᠭᠰᠡᠨ ᠦᠨᠠᠮᠯᠠᠯ ᠶ᠋ᠢᠡᠨ ᠭᠠᠷᠳᠠᠪᠠ᠃ ᠡᠨᠡ ᠨᠢ ᠲᠤᠰ ᠬᠦᠷᠢᠶᠡᠯᠡᠩ ᠤ᠋ᠨ ᠠᠷᠢᠭᠤᠨ ᠴᠡᠪᠡᠷ ᠲᠤᠭᠤᠷᠢᠭ (ᠲᠠᠰᠤᠭ) ᠢ᠋ ᠰᠢᠯᠭᠠᠨ ᠪᠠᠢᠴᠠᠭᠠᠬᠤ ᠮᠡᠷᠭᠡᠵᠢᠯ ᠪᠠ ᠴᠢᠳᠠᠪᠤᠷᠢ ᠨᠢ ᠤᠯᠠᠨ ᠤᠯᠤᠰ ᠲᠤ᠌ ᠮᠡᠳᠡᠷᠡᠭᠳᠡᠬᠦ ᠪᠤᠯᠤᠭᠰᠠᠨ ᠢ᠋ ᠬᠠᠷᠠᠭᠤᠯᠵᠤ ᠪᠠᠢᠨ᠎ᠠ᠃
ᠤᠢᠯᠠᠭᠠᠭᠰᠠᠨ ᠶ᠋ᠢᠡᠷ᠂ ᠳᠤᠮᠳᠠᠳᠤ ᠤᠯᠤᠰ ᠤ᠋ᠨ ᠬᠢᠷᠢ ᠲᠡᠩᠴᠡᠭᠰᠡᠨ ᠢ᠋ ᠰᠢᠯᠭᠠᠨ ᠳᠤᠭᠳᠠᠭᠠᠬᠤ ᠤᠯᠤᠰ ᠤ᠋ᠨ ᠮᠡᠳᠡᠷᠡᠨ ᠵᠦᠪᠰᠢᠶᠡᠷᠡᠬᠦ ᠵᠦᠪᠯᠡᠯ (CNAS) ᠤ᠋ᠨ ᠭᠡᠷᠡᠴᠢᠯᠡᠭᠡ ᠪᠤᠯ ᠤᠳᠤᠬᠠᠨ ᠤ᠋ ᠤᠯᠤᠰ ᠤ᠋ᠨ ᠲᠤᠳᠤᠭᠠᠳᠤ ᠶ᠋ᠢᠨ ᠬᠠᠮᠤᠭ ᠤ᠋ᠨ ᠡᠷᠬᠡ ᠰᠦᠷᠳᠦ ᠴᠢᠨᠠᠷᠳᠠᠢ ᠲᠤᠷᠰᠢᠯᠳᠠ ᠶ᠋ᠢᠨ ᠲᠠᠰᠤᠭ ᠤ᠋ᠨ ᠴᠢᠳᠠᠪᠤᠷᠢ ᠶ᠋ᠢᠨ ᠲᠤᠬᠠᠢ ᠦᠨᠡᠯᠡᠯᠳᠡ ᠮᠦᠨ᠃ CNAS ᠤ᠋ᠨ ᠮᠡᠳᠡᠷᠡᠨ ᠵᠦᠪᠰᠢᠶᠡᠷᠡᠭᠰᠡᠨ ᠦᠨᠡᠮᠯᠡᠯ ᠢ᠋ ᠤᠯᠤᠭᠰᠠᠨ ᠲᠤᠷᠰᠢᠯᠳᠠ ᠶ᠋ᠢᠨ ᠲᠠᠰᠤᠭ ᠨᠢ ᠬᠠᠮᠢᠶᠠᠷᠤᠯᠳᠠ ᠪᠠ ᠮᠡᠷᠭᠡᠵᠢᠯ ᠤ᠋ᠨ ᠲᠠᠯ᠎ᠠ ᠪᠡᠷ ᠳᠤᠮᠳᠠᠳᠤ ᠤᠯᠤᠰ ᠪᠠ ᠤᠯᠠᠨ ᠤᠯᠤᠰ ᠤ᠋ᠨ ᠪᠠᠷᠢᠮᠵᠢᠶ᠎ᠠ ᠳ᠋ᠤ ᠴᠦᠮ ᠨᠡᠢᠴᠡᠵᠦ᠂ ᠲᠤᠬᠠᠢ ᠶ᠋ᠢᠨ ᠬᠦᠷᠢᠶᠡᠨ ᠤ᠋ ᠰᠢᠯᠭᠠᠨ ᠪᠠᠢᠴᠠᠭᠠᠭᠰᠠᠨ ᠮᠡᠳᠡᠭᠦᠯᠦᠯᠳᠡ ᠪᠠ ᠦᠷ᠎ᠠ ᠳ᠋ᠦᠩ ᠨᠢ ᠪᠦᠬᠦ ᠳᠡᠯᠡᠬᠡᠢ ᠶ᠋ᠢᠨ 100 ᠭᠠᠷᠤᠢ ᠤᠯᠤᠰ ᠪᠠ ᠭᠠᠵᠠᠷ ᠤᠷᠤᠨ ᠳ᠋ᠤ ᠮᠡᠳᠡᠷᠡᠭᠳᠡᠨ᠂ ᠤᠯᠠᠨ ᠤᠯᠤᠰ ᠤ᠋ᠨ ᠠᠷᠠᠯᠵᠢᠶ᠎ᠠ ᠪᠠ ᠮᠡᠷᠭᠡᠵᠢᠯ ᠤ᠋ᠨ ᠬᠠᠮᠳᠤᠷᠠᠯᠴᠠᠭ᠎ᠠ ᠳ᠋ᠤ ᠭᠦᠢᠴᠡᠳ ᠢᠳᠡᠭᠡᠭᠦᠯᠬᠦ ᠬᠦᠴᠦᠨ ᠲᠠᠢ ᠶᠤᠮ᠃
ᠤᠯᠠᠨ ᠤᠯᠤᠰ ᠤ᠋ᠨ ᠲᠡᠷᠢᠭᠦᠨ ᠤ᠋ ᠰᠢᠯᠭᠠᠨ ᠪᠠᠢᠴᠠᠭᠠᠬᠤ ᠪᠠᠷᠢᠮᠵᠢᠶ᠎ᠠ ᠪᠡᠷ ᠪᠠᠷᠢᠮᠵᠢᠶᠠᠯᠠᠵᠤ᠂ ᠰᠢᠯᠭᠠᠨ ᠪᠠᠢᠴᠠᠭᠠᠭᠰᠠᠨ ᠦᠷ᠎ᠠ ᠳ᠋ᠦᠩ ᠶ᠋ᠢᠡᠨ ᠤᠯᠠᠨ ᠤᠯᠤᠰ ᠲᠤ᠌ ᠮᠡᠳᠡᠷᠡᠭᠦᠯᠦᠨ᠂ ᠦᠪᠦᠷ ᠮᠤᠩᠭᠤᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠶ᠋ᠢᠨ ᠳᠡᠭᠡᠳᠦ ᠳᠡᠰ ᠤ᠋ᠨ ᠰᠢᠯᠭᠠᠨ ᠪᠠᠢᠴᠠᠭᠠᠬᠤ ᠦᠢᠯᠡᠴᠢᠯᠡᠭᠡ ᠶ᠋ᠢᠨ ᠲᠠᠯ᠎ᠠ ᠪᠡᠷ ᠬᠢ ᠬᠡᠷᠡᠭᠴᠡᠭᠡ ᠱᠠᠭᠠᠷᠳᠠᠯᠭ᠎ᠠ ᠶ᠋ᠢ ᠨᠡᠩ ᠰᠠᠢᠳᠦᠷ ᠬᠠᠩᠭᠠᠬᠤ ᠶ᠋ᠢᠨ ᠲᠦᠯᠦᠭᠡ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠵᠤ ᠬᠢᠨᠠᠨ ᠬᠡᠮᠵᠢᠬᠦ ᠰᠤᠳᠤᠯᠤᠯ ᠤ᠋ᠨ ᠬᠦᠷᠢᠶᠡᠯᠡᠩ ᠡᠨᠡ ᠵᠢᠯ ᠤ᠋ᠨ 3 ᠰᠠᠷ᠎ᠠ ᠡᠴᠡ CNAS ᠤ᠋ᠨ ᠠᠷᠢᠭᠤᠨ ᠴᠡᠪᠡᠷ ᠲᠤᠭᠤᠷᠢᠭ (ᠲᠠᠰᠤᠭ) ᠤ᠋ᠨ ᠲᠤᠷᠰᠢᠯᠳᠠ ᠶ᠋ᠢᠨ ᠲᠠᠰᠤᠭ ᠤ᠋ᠨ ᠭᠡᠷᠡᠴᠢᠯᠡᠭᠡ ᠶ᠋ᠢ ᠡᠷᠡᠮᠡᠯᠵᠡᠬᠦ ᠠᠵᠢᠯ ᠢ᠋ ᠡᠬᠢᠯᠡᠭᠦᠯᠪᠡ᠃ 3 ᠰᠠᠷ᠎ᠠ ᠡᠴᠡ ᠨᠠᠭᠠᠰᠢ᠂ ᠲᠤᠰ ᠬᠦᠷᠢᠶᠡᠯᠡᠩ ᠤ᠋ᠨ ᠬᠢᠨ CNAS ᠤ᠋ᠨ ᠭᠡᠷᠡᠴᠢᠯᠡᠭᠡ ᠶ᠋ᠢᠨ ᠱᠠᠭᠠᠷᠳᠠᠯᠭ᠎ᠠ ᠶ᠋ᠢ ᠴᠢᠩᠭ᠎ᠠ ᠵᠢᠷᠦᠮᠯᠠᠵᠤ᠂ ᠲᠦᠷᠦᠯ ᠵᠦᠢᠯ ᠤ᠋ᠨ ᠪᠠᠢᠴᠠᠭᠠᠨ ᠰᠤᠳᠤᠯᠤᠯᠳᠠ ᠬᠢᠬᠦ᠂ ᠰᠢᠰᠲᠧᠮ ᠪᠠᠢᠭᠤᠯᠬᠤ᠂ ᠪᠢᠴᠢᠭ ᠮᠠᠲᠧᠷᠢᠶᠠᠯ ᠪᠡᠯᠡᠳᠭᠡᠬᠦ᠂ ᠲᠤᠬᠠᠢ ᠶ᠋ᠢᠨ ᠲᠠᠯᠠᠪᠤᠷ ᠤ᠋ᠨ ᠰᠢᠯᠭᠠᠨ ᠪᠠᠢᠴᠠᠭᠠᠯᠳᠠ ᠶ᠋ᠢ ᠬᠦᠯᠢᠶᠡᠨ ᠠᠪᠬᠤ ᠵᠡᠷᠭᠡ ᠡᠯ᠎ᠠ ᠵᠦᠢᠯ ᠤ᠋ᠨ ᠠᠵᠢᠯ ᠢ᠋ ᠨᠠᠷᠢᠨ ᠨᠢᠮᠪᠠᠢ ᠭᠦᠢᠴᠡᠳᠭᠡᠭᠰᠡᠨ ᠤ᠋ ᠳ᠋ᠦᠩ ᠳ᠋ᠤ ᠠᠷᠢᠭᠤᠨ ᠴᠡᠪᠡᠷ ᠠᠵᠢᠯ ᠤ᠋ᠨ ᠳᠠᠢᠵᠠ᠂ ᠠᠷᠢᠭᠤᠨ ᠴᠡᠪᠡᠷ ᠲᠠᠰᠤᠭ ᠵᠡᠷᠭᠡ 8 ᠶᠡᠬᠡ ᠲᠦᠷᠦᠯ ᠤ᠋ᠨ ᠦᠢᠯᠡᠳᠭᠦᠨ ᠤ᠋ ᠰᠠᠯᠬᠢᠨ ᠤ᠋ ᠬᠦᠴᠦ᠂ ᠠᠷᠢᠭᠤᠨ ᠴᠡᠪᠡᠷ ᠤ᠋ᠨ ᠬᠡᠮᠵᠢᠶ᠎ᠠ᠂ ᠲᠤᠨᠤᠷᠠᠬᠤ ᠪᠠᠺᠲᠧᠷᠢ ᠶ᠋ᠢᠨ ᠦᠳᠭᠡᠴᠡ ᠵᠡᠷᠭᠡ 66 ᠵᠦᠢᠯ ᠤ᠋ᠨ ᠰᠢᠯᠭᠠᠨ ᠪᠠᠢᠴᠠᠭᠠᠬᠤ ᠪᠤᠯᠵᠤᠯᠳᠤ ᠲᠤᠭ᠎ᠠ ᠵᠢᠴᠢ 10 ᠵᠦᠢᠯ ᠤ᠋ᠨ ᠰᠢᠯᠭᠠᠨ ᠪᠠᠢᠴᠠᠭᠠᠬᠤ ᠪᠠᠷᠢᠮᠵᠢᠶ᠎ᠠ ᠨᠢ ᠴᠦᠮ ᠰᠢᠯᠭᠠᠨ ᠪᠠᠢᠴᠠᠭᠠᠯᠳᠠ ᠶ᠋ᠢ ᠦᠩᠭᠡᠷᠡᠬᠦᠯᠪᠠ᠃ ᠡᠨᠡ ᠨᠢ ᠲᠤᠰ ᠬᠦᠷᠢᠶᠡᠯᠡᠩ ᠤ᠋ᠨ ᠰᠢᠯᠭᠠᠨ ᠪᠠᠢᠴᠠᠭᠠᠬᠤ ᠮᠡᠷᠭᠡᠵᠢᠯ ᠪᠠ ᠴᠢᠳᠠᠪᠤᠷᠢ ᠶ᠋ᠢᠨ ᠬᠤᠭᠤᠰᠤᠨ ᠢ᠋ ᠨᠦᠬᠦᠪᠤᠷᠢᠯᠡᠬᠦ ᠶ᠋ᠢᠨ ᠬᠠᠮᠳᠤ ᠦᠪᠦᠷ ᠮᠤᠩᠭᠤᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠦᠢᠯᠡᠳᠪᠤᠷᠢᠯᠡᠬᠦ ᠠᠵᠤ ᠠᠬᠤᠢᠯᠠᠯ ᠤ᠋ᠨ ᠦᠢᠯᠡᠳᠭᠦᠨ ᠤ᠋ ᠶᠠᠰᠤ ᠴᠢᠨᠠᠷ ᠢ᠋ ᠬᠠᠮᠢᠶᠠᠷᠤᠨ ᠡᠵᠡᠮᠳᠡᠬᠦ ᠰᠢᠰᠲᠧᠮ ᠢ᠋ ᠲᠡᠭᠦᠯᠳᠡᠷᠵᠢᠭᠦᠯᠵᠤ᠂ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠳ᠋ᠤ ᠰᠢᠨ᠎ᠠ ᠬᠦᠳᠡᠯᠭᠡᠬᠦ ᠡᠨᠧᠷᠬᠢ ᠨᠡᠮᠡᠷᠢᠯᠡᠭᠰᠡᠨ ᠪᠠᠢᠨ᠎ᠠ᠃