ᠥᠪᠥᠷ ᠮᠣᠩᠭᠣᠯ ᠠᠶᠤᠯ ᠲᠠᠶ ᠬᠢᠮᠢ ᠵᠢᠨ ᠪᠣᠳᠠᠰ ᠤ᠋ᠨ ᠠᠶᠤᠯᠭᠦᠶ ᠦᠶ᠋ᠯᠡᠳᠪᠦᠷᠢᠯᠡᠯ ᠤ᠋ᠨ ᠬᠤᠷᠢᠭ᠎ᠠ ᠱᠤᠭᠤᠮ ᠢ᠋ ᠪᠠᠳᠦ ᠰᠠᠬᠢᠵᠤ ᠪᠤᠢ
2025-10-20 10:42:17
ᠵᠣᠬᠢᠶᠠᠭ᠍ᠴᠢ᠄
​ᠤᠷᠭᠤᠮᠠᠯ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ ᠥᠪᠡᠷᠲᠡᠭᠡᠨ ᠵᠠᠰᠠᠬᠤ ᠣᠷᠣᠨ ᠤ᠋ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠵᠢᠨ ᠲᠢᠩᠬᠢᠮ 《ᠴᠡᠭ᠂ ᠱᠤᠭᠤᠮ᠂ ᠲᠠᠯ᠎ᠠ》 ᠭᠤᠷᠪᠠᠨ ᠬᠡᠮᠵᠢᠯ ᠳ᠋ᠦ  ᠠᠩᠬᠠᠷᠤᠯ ᠵᠢᠡᠨ ᠲᠥᠪᠯᠡᠷᠡᠭᠦᠯᠬᠦ᠌᠎ᠪᠡᠷ ᠳᠠᠮᠵᠢᠭᠤᠯᠤᠨ᠂ ᠠᠶᠤᠯ ᠲᠠᠶ ᠬᠢᠮᠢ ᠵᠢᠨ ᠪᠣᠳᠠᠰ ᠤ᠋ᠨ ᠠᠶᠤᠯᠬᠦᠢ ᠦᠶ᠋ᠯᠡᠳᠪᠦᠷᠢᠯᠡᠯ ᠤ᠋ᠨ ᠲᠤᠰᠭᠠᠶ ᠴᠡᠭ᠌ᠴᠡᠯᠡᠨ ᠵᠠᠰᠠᠯᠲᠠ ᠵᠢ ᠦᠷᠭᠦᠯᠵᠢᠯᠡᠨ ᠠᠬᠢᠭᠤᠯᠵᠤ᠂ ᠠᠶᠤᠯᠬᠦᠢ ᠦᠶ᠋ᠯᠡᠳᠪᠦᠷᠢᠯᠡᠯ ᠤ᠋ᠨ ᠬᠤᠷᠢᠭ᠎ᠠ ᠱᠤᠭᠤᠮ᠎ᠢ ᠪᠠᠳᠦ ᠰᠠᠬᠢᠵᠤ᠂ ᠦᠪᠡᠷᠳᠡᠭᠡᠨ ᠵᠠᠰᠠᠬᠤ ᠣᠷᠣᠨ ᠤ᠋ ᠠᠶᠤᠯᠬᠦᠢ ᠦᠶ᠋ᠯᠡᠳᠪᠦᠷᠢᠯᠡᠯ ᠤ᠋ᠨ ᠪᠠᠢᠳᠠᠯ ᠤ᠋ᠨ ᠦᠷᠭᠦᠯᠵᠢᠯᠡᠨ ᠲᠣᠭ᠍ᠲᠠᠭᠤᠨ ᠵᠢᠡᠷ ᠰᠠᠢᠵᠢᠷᠠᠬᠤ ᠵᠢ ᠦᠨᠡᠨ ᠬᠦ᠌ ᠪᠠᠲᠤᠯᠠᠵᠤ ᠪᠠᠢᠨ᠎ᠠ᠃

ᠣᠢᠯᠠᠭᠠᠭ᠍ᠰᠠᠨ ᠵᠢᠡᠷ᠂ ᠥᠪᠡᠷᠲᠡᠭᠡᠨ ᠵᠠᠰᠠᠬᠤ ᠣᠷᠣᠨ ᠤ᠋ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠵᠢᠨ ᠲᠢᠩᠬᠢᠮ᠎ᠤᠨ ᠬᠢᠨ ᠬᠢᠮᠢ ᠵᠢᠨ ᠠᠵᠤ ᠦᠶ᠋ᠯᠡᠳᠪᠦᠷᠢ ᠵᠢᠨ ᠬᠦᠷᠢᠶᠡᠯᠡᠩ ᠲᠣᠭᠣᠷᠢᠭ ᠢ᠋ ᠴᠡᠭ᠌ᠴᠡᠯᠡᠨ ᠳᠡᠭᠡᠭ᠌ᠰᠢᠯᠡᠭᠦᠯᠬᠦ᠌ 《ᠵᠠᠩᠭᠢᠯᠠᠭ᠎ᠠ ᠵᠢᠨ ᠴᠡᠭ》ᠲᠣ᠌ ᠠᠩᠬᠠᠷᠤᠯ ᠵᠢᠡᠨ ᠲᠥᠪᠯᠡᠷᠡᠭᠦᠯᠵᠦ᠍᠂ ᠬᠢᠮᠢ ᠵᠢᠨ ᠠᠵᠤ ᠦᠶ᠋ᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠠᠮᠤᠷ ᠲᠦᠪᠱᠢᠨ᠎ᠦ ᠲᠦᠭ᠌ᠰᠢᠭᠦᠷᠢ ᠵᠢᠨ ᠳᠡᠰ ᠢ᠋ ᠦᠨᠡᠯᠡᠨ ᠵᠢᠱ᠌ᠢᠬᠦ᠌᠎ᠪᠡᠷ ᠭᠠᠷᠳᠠᠴᠠ ᠪᠣᠯᠭᠠᠨ᠂ 《ᠠᠷᠪᠠ ᠵᠢ ᠵᠣᠭ᠍ᠰᠣᠭᠠᠵᠤ ᠬᠣᠶᠠᠷ ᠢ᠋ ᠴᠠᠭᠠᠵᠠᠯᠠᠬᠤ》 ᠠᠮᠤᠷ ᠲᠦᠪᠱᠢᠨ᠎ᠦ ᠴᠡᠭ᠌ᠴᠡᠯᠡᠨ ᠳᠡᠭᠡᠭ᠌ᠰᠢᠯᠡᠭᠦᠯᠬᠦ᠌ ᠠᠵᠢᠯ ᠢ᠋ ᠪᠥᠬᠥ᠌ ᠲᠠᠯ᠎ᠠ ᠪᠡᠷ ᠥᠷᠨᠢᠭᠦᠯᠪᠡ᠃ ᠣᠳᠣᠬᠠᠨ ᠪᠣᠯᠲᠠᠯ᠎ᠠ᠂ ᠦᠪᠡᠷᠳᠡᠭᠡᠨ ᠵᠠᠰᠠᠬᠤ ᠣᠷᠣᠨ ᠳ᠋ᠦ ᠨᠡᠢᠲᠡ 24 ᠬᠢᠮᠢ ᠵᠢᠨ ᠠᠵᠤ ᠦᠶ᠋ᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠲᠤᠰᠭᠠᠶ ᠮᠡᠷᠭᠡᠵᠢᠯᠲᠡᠨ᠎ᠦ ᠵᠢᠭᠠᠨ ᠵᠢᠯᠤᠭᠤᠳᠬᠤ ᠦᠶ᠋ᠯᠡᠴᠢᠯᠡᠭᠡ ᠵᠢ ᠬᠣᠶᠠᠷ ᠡᠭᠡᠯᠵᠢ ᠥᠷᠨᠢᠭᠦᠯᠵᠦ᠍᠂ ᠨᠢᠭᠡᠨᠲᠡ ᠮᠠᠭᠠᠳᠯᠠᠨ ᠲᠣᠭ᠍ᠲᠠᠭᠠᠭ᠍ᠰᠠᠨ 40 ᠬᠢᠮᠢ ᠵᠢᠨ ᠠᠵᠤ ᠦᠶ᠋ᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠳᠣᠲᠣᠷ᠎ᠠ᠂ ᠨᠢᠭᠡᠨᠲᠡ 26 ᠨᠢ ᠨᠡᠯᠢᠶᠡᠳ ᠳᠤᠤᠷ᠎ᠠ ᠠᠮᠤᠷ ᠲᠦᠪᠱᠢᠨ᠎ᠦ ᠲᠦᠭ᠌ᠰᠢᠭᠦᠷᠢ ᠵᠢᠨ ᠲᠠᠰ᠎ᠲᠤ ᠬᠦᠷᠴᠡᠶ᠃ ᠠᠶᠤᠯ ᠶᠡᠬᠡᠲᠡᠶ ᠨᠠᠷᠢᠨ ᠬᠤᠪᠢᠶᠠᠭ᠍ᠰᠠᠨ ᠬᠦᠷᠢᠶᠡᠨ᠎ᠦ ᠠᠮᠤᠷ ᠲᠦᠪᠱᠢᠨ᠎ᠦ 《ᠭᠤᠤᠯ ᠱᠤᠭᠤᠮ》 ᠢ᠋ ᠪᠠᠲᠤ ᠡᠵᠡᠮᠳᠡᠵᠦ᠍᠂ ᠠᠵᠤ ᠠᠬᠤᠢᠯᠠᠯ ᠤ᠋ᠨ ᠠᠶᠤᠯ ᠲᠦᠭ᠌ᠰᠢᠭᠦᠷᠢ ᠵᠢᠨ ᠬᠡᠮ ᠰᠤᠭᠤᠭ ᠢ᠋ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠪᠠ᠃ ᠨᠢᠲ᠋ᠷᠤᠵᠢᠭᠤᠯᠬᠤ ᠤᠷᠠᠯᠠᠯ ᠤ᠋ᠨ ᠮᠡᠷᠭᠡᠵᠢᠯ ᠤ᠋ᠨ ᠢᠷᠡᠯᠲᠡ᠂ ᠲᠦᠭᠦᠬᠡᠶ ᠮᠠᠲ᠋ᠧᠷᠢᠶᠠᠯ ᠵᠢᠴᠢ ᠵᠠᠪᠰᠠᠷ ᠤ᠋ᠨ ᠪᠦᠲᠦᠭᠡᠭ᠌ᠳᠡᠬᠦᠨ᠎ᠦ ᠳᠡᠯᠪᠡᠷᠡᠯᠲᠡ ᠵᠢᠨ ᠠᠶᠤᠯᠲᠤ ᠴᠢᠨᠠᠷ ᠤ᠋ᠨ ᠬᠢᠨᠠᠨ ᠲᠣᠭ᠍ᠲᠠᠭᠠᠯᠲᠠ᠂ ᠠᠦ᠋ᠲ᠋ᠣᠴᠢᠯᠠᠭ᠍ᠰᠠᠨ ᠥᠭᠡᠷᠡᠴᠢᠯᠡᠨ ᠳᠡᠭᠡᠭ᠌ᠰᠢᠯᠡᠭᠦᠯᠬᠦ᠌ ᠵᠡᠷᠭᠡ ᠵᠠᠩᠭᠢᠯᠠᠭ᠎ᠠ ᠵᠢᠨ ᠭᠣᠭ᠍ᠴᠣᠭ᠎ᠠ ᠵᠢᠨ ᠲᠣᠭᠣᠷᠢᠨ ᠳ᠋ᠦ᠂ ᠠᠵᠤ ᠠᠬᠤᠢᠯᠠᠯ ᠤ᠋ᠨ ᠥᠪᠡᠷ ᠤ᠋ᠨ ᠪᠠᠢᠴᠠᠭᠠᠯᠳᠠ ᠦᠷᠨᠢᠬᠦᠯᠬᠦ ᠵᠢ ᠠᠬᠢᠭᠤᠯᠬᠤ ᠵᠢᠨ ᠬᠠᠮᠲᠤ᠂ ᠬᠠᠮᠢᠶ᠎ᠠ ᠪᠥᠬᠥᠶ ᠠᠢᠮᠠᠭ ᠬᠣᠲᠠ᠎ᠪᠡᠷ ᠳᠠᠬᠢᠨ ᠬᠢᠨᠠᠭᠤᠯᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠵᠢ ᠱᠢᠮᠳᠠᠭᠤᠯᠤᠨ ᠨᠠᠢᠳᠠᠪᠤᠷᠢᠵᠢᠭᠤᠯᠵᠤ᠂ ᠬᠡᠮ ᠰᠣᠭᠣᠭ ᠤ᠋ᠨ ᠠᠰᠠᠭᠤᠳᠠᠯ ᠢ᠋ 《ᠬᠥᠳᠡᠯᠦᠩᠭᠦᠶ᠎ᠪᠡᠷ ᠦᠭᠡᠢᠰᠭᠡᠬᠦ᠌》 ᠵᠢ ᠪᠡᠶᠡᠯᠡᠭᠦᠯᠵᠠᠢ᠃ ᠡᠭᠦᠨ᠎ᠡᠴᠡ ᠭᠠᠳᠠᠨ᠎ᠠ᠂ ᠠᠶᠤᠯ ᠲᠦᠭ᠌ᠰᠢᠭᠦᠷᠢ ᠵᠢ ᠬᠠᠮᠢᠶᠠᠷᠤᠨ ᠡᠵᠡᠮᠳᠡᠬᠦ᠌ ᠪᠠᠢᠩᠭᠤ ᠵᠢᠨ ᠲᠣᠭ᠍ᠲᠠᠴᠠ ᠵᠢᠨ 《ᠰᠡᠷᠭᠡᠢᠯᠡᠨ ᠬᠠᠮᠠᠭᠠᠯᠠᠬᠤ ᠬᠡᠪᠴᠢᠶ᠎ᠡ》 ᠵᠢ ᠪᠠᠢᠭᠤᠯᠬᠤ ᠪᠡᠷ ᠳᠠᠮᠵᠢᠭᠤᠯᠤᠨ᠂ ᠠᠮᠤᠷ ᠲᠦᠪᠱᠢᠨ᠎ᠢ᠋ ᠦᠨᠡᠨ ᠬᠦ᠌ ᠪᠠᠳᠤᠯᠠᠵᠤ ᠪᠤᠢ᠃ ᠥᠪᠡᠷᠲᠡᠭᠡᠨ ᠵᠠᠰᠠᠬᠤ ᠣᠷᠣᠨ ᠤ᠋ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠵᠢᠨ ᠲᠢᠩᠬᠢᠮ᠎ᠤᠨ ᠬᠢᠨ ᠨᠢᠭᠡᠨᠲᠡ ᠡᠯ᠎ᠡ ᠠᠢᠮᠠᠭ ᠬᠣᠲᠠ ᠵᠢᠨ 《ᠬᠣᠶᠠᠷ ᠭᠤᠤᠯᠳᠠᠯᠭ᠎ᠠ ᠨᠢᠭᠡ ᠴᠢᠬᠤᠯᠠ ᠶᠡᠬᠡ》 ᠲᠥᠷᠥᠯ ᠵᠦᠶ᠋ᠯ᠎ᠳᠦ ᠬᠣᠯᠪᠣᠭ᠍ᠳᠠᠬᠤ ᠠᠮᠤᠷ ᠲᠦᠪᠱᠢᠨ᠎ᠦ ᠲᠦᠭ᠌ᠰᠢᠭᠦᠷᠢ ᠵᠢ ᠰᠡᠷᠭᠡᠢᠯᠡᠨ ᠡᠵᠡᠮᠳᠡᠬᠦ᠌ ᠲᠣᠭ᠍ᠲᠠᠴᠠ ᠵᠢ ᠠᠩᠬ᠎ᠠ ᠠᠯᠬᠤᠮ ᠪᠠᠢᠭᠤᠯᠬᠤ ᠵᠢ ᠠᠬᠢᠭᠤᠯᠵᠤ᠂ ᠠᠮᠤᠷ ᠲᠦᠪᠱᠢᠨ᠎ᠦ ᠲᠦᠭ᠌ᠰᠢᠭᠦᠷᠢ ᠵᠢᠨ ᠬᠡᠮ ᠰᠣᠭᠣᠭ ᠢ᠋ ᠤᠷᠢᠳᠴᠢᠯᠠᠨ ᠰᠡᠷᠭᠡᠢᠯᠡᠬᠦ᠌ ᠵᠢ ᠪᠦᠲᠦᠮᠵᠢᠲᠡᠶ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号