ᠪᠤᠭᠤᠲᠤ — ᠬᠣᠶ ᠨᠦᠩ ᠬᠥᠷᠬᠥ᠌ ᠬᠡᠰᠡᠭ ᠵᠢᠡᠷ ᠶᠡᠷᠤᠩᠬᠡᠢᠯᠡᠭᠰᠡᠨ ᠪᠠᠢᠴᠠᠭᠠᠨ ᠰᠢᠯᠭᠠᠬᠤ ᠪᠤᠬ᠎ᠠ ᠲᠡᠷᠬᠡ ᠲᠤᠷᠰᠢᠨ ᠲᠠᠪᠬᠢᠵᠦ ᠪᠠᠢᠨ᠎ᠡ
2025-10-20 11:04:01
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


QQ20251020-103712.png


ᠲᠡᠮᠤᠷ ᠵᠠᠮ ᠪᠤᠯ ᠠᠵᠤ ᠠᠬᠤᠢ ᠢ᠋ᠢ ᠠᠮᠢᠯᠠᠭᠤᠯᠬᠤ ᠬᠦᠭᠵᠢᠯᠲᠡ ᠢ᠋ᠢᠨ ᠵᠠᠮ᠂ ᠮᠦᠨ ᠴᠤ᠌ ᠠᠷᠠᠳ ᠤ᠋ᠨ ᠰᠡᠳᠬᠢᠯ ᠢ᠋ ᠬᠤᠯᠪᠤᠵᠤ᠂ ᠠᠬᠢᠯᠲᠠ ᠳᠠᠪᠰᠢᠯᠲᠠ ᠢ᠋ᠢ ᠠᠪᠴᠢᠷᠠᠬᠤ ᠬᠦᠰᠡᠯ ᠤ᠋ᠨ ᠵᠠᠮ ᠶᠤᠮ᠃ ᠡᠨᠡ ᠵᠢᠯ ᠡᠴᠡ ᠨᠠᠭᠠᠰᠢ᠂ ᠦᠪᠤᠷ ᠮᠤᠩᠭᠤᠯ ᠲᠡᠮᠦᠷ ᠵᠠᠮ ᠤ᠋ᠨ ᠲᠤᠤᠷ ᠤ᠋ᠨ ᠪᠠᠢᠷᠢᠱᠢᠭᠤᠯᠤᠯᠲᠠ ᠢ᠋ᠢ ᠦᠷᠭᠦᠯᠵᠢᠯᠡᠨ ᠱᠢᠯᠢᠳᠡᠭ᠌ᠵᠢᠭᠦᠯᠵᠤ᠂ ᠪᠤᠭᠤᠲᠤ — ᠢᠷᠭᠠᠶ ᠬᠦᠷᠬᠦ ᠲᠦᠷᠭᠡᠨ ᠤ᠋ ᠲᠡᠮᠦᠷ ᠵᠠᠮ᠂ ᠲᠠᠢ ᠽᠢ ᠴᠧᠩ — ᠱᠢᠯᠢᠩᠬᠣᠲᠠ ᠬᠦᠷᠬᠦ᠌ ᠲᠡᠮᠦᠷ ᠵᠠᠮ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠤ᠋ᠨ ᠪᠦᠲᠦᠭᠡᠨ ᠪᠠᠢᠭᠤᠯᠤᠯᠲᠠ ᠢ᠋ᠢ ᠡᠮᠬᠢ ᠴᠡᠭ᠌ᠴᠡ ᠲᠠᠢ ᠠᠬᠢᠭᠤᠯᠬᠤ ᠵᠢᠨ ᠬᠠᠮᠳᠤ ᠠᠶᠠᠨᠴᠢᠳ ᠤ᠋ᠨ ᠵᠦᠭᠡᠭᠡᠪᠦᠷᠢ ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠤᠰᠭᠠᠶ ᠠᠵᠢᠯᠯᠠᠭ᠎ᠠ ᠥᠷᠨᠢᠭᠦᠯᠵᠦ᠍᠂ ᠲᠡᠮᠦᠷ ᠵᠠᠮ ᠤ᠋ᠨ ᠡᠵᠡᠩᠨᠡᠯᠲᠡ ᠢ᠋ᠢᠨ ᠦᠶ᠋ᠯᠡᠴᠢᠯᠡᠭᠡ ᠢ᠋ᠢ ᠳᠡᠰ ᠳᠡᠪᠰᠢᠭᠦᠯᠵᠤ ᠪᠠᠢᠨ᠎ᠠ᠃ ᠡᠬᠦᠨ ᠳ᠋ᠤ ᠪᠤᠭᠤᠲᠤ — ᠢᠷᠭᠠᠶ ᠬᠦᠷᠬᠦ ᠲᠦᠷᠭᠡᠨ ᠤ᠋ ᠲᠡᠮᠦᠷ ᠵᠠᠮ ᠪᠤᠯ ᠤᠯᠤᠰ ᠤ᠋ᠨ 《ᠨᠠᠶ᠋ᠮᠠᠨ ᠭᠤᠯᠳᠤ ᠨᠠᠶ᠋ᠮᠠᠨ ᠬᠥᠨᠳᠡᠯᠡᠨ》 ᠲᠦᠷᠭᠡᠨ ᠤ᠋ ᠲᠡᠮᠦᠷ ᠵᠠᠮ ᠤ᠋ᠨ ᠲᠤᠤᠷ ᠤ᠋ᠨ ᠪᠡᠭᠡᠵᠢᠡᠭ ᠡᠴᠡ ᠯᠠᠨᠵᠸᠤ ᠬᠦᠷᠬᠦ ᠲᠡᠮᠤᠷ ᠵᠠᠮ ᠤ᠋ᠨ ᠴᠢᠬᠤᠯᠠ ᠪᠦᠷᠢᠯᠳᠦᠬᠦᠨ ᠬᠡᠰᠡᠭ ᠪᠠᠢᠵᠤ᠂ ᠡᠨᠡ ᠵᠢᠯ ᠠᠱᠢᠭ᠍ᠯᠠᠯᠲᠠ ᠳ᠋ᠤ ᠣᠷᠣᠭᠤᠯᠬᠤ ᠪᠠᠷ ᠲᠥᠯᠥᠪᠯᠡᠵᠦ᠍ ᠪᠣᠶ᠃ 8 ᠰᠠᠷ᠎ᠠ ᠢ᠋ᠢᠨ 31 ᠤ᠋ ᠡᠳᠦᠷ᠂  ᠪᠤᠭᠤᠲᠤ —  ᠢᠷᠭᠠᠶ ᠬᠦᠷᠬᠦ ᠲᠦᠷᠭᠡᠨ ᠤ᠋ ᠲᠡᠮᠦᠷ ᠵᠠᠮ ᠤ᠋ᠨ ᠪᠤᠭᠤᠲᠤ ᠡᠴᠡ ᠬᠣᠶ ᠨᠦᠩ ᠬᠥᠷᠬᠥ᠌ ᠬᠡᠰᠡᠭ ᠢ᠋ ᠨᠡᠪᠲᠡᠷᠡᠭᠦᠯᠬᠦ᠌ ᠲᠤᠷᠱᠢᠯᠲᠠ ᠢ᠋ᠢᠨ ᠠᠵᠢᠯ ᠢ᠋ ᠤᠷᠤᠭᠰᠢᠲᠠᠢ ᠲᠠᠭᠤᠰᠬᠠᠪᠠ᠃ ᠵᠢᠷᠤᠭ ᠪᠤᠯ ᠪᠤᠭᠤᠲᠤ — ᠬᠣᠶ ᠨᠦᠩ ᠬᠥᠷᠬᠥ᠌ ᠬᠡᠰᠡᠭ ᠵᠢᠡᠷ ᠲᠤᠷᠰᠢᠨ ᠲᠠᠪᠬᠢᠭ᠎ᠠ ᠶᠡᠷᠤᠩᠬᠡᠢᠯᠡᠭᠰᠡᠨ ᠪᠠᠢᠴᠠᠭᠠᠨ ᠰᠢᠯᠭᠠᠬᠤ  ᠪᠤᠬ᠎ᠠ ᠲᠡᠷᠬᠡ ᠪᠤᠯᠤᠨ᠎ᠠ᠃

                   ᠯᠢᠤ ᠵᠢᠶᠠ ᠴᠸᠩ  ᠰᠡᠬᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号