— ᠲᠦᠩᠯᠢᠶᠣᠣ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠵᠢᠨ 《ᠴᠠᠭᠳᠠᠭᠠᠨ᠎ᠤ ᠶᠠᠪᠤᠳᠠᠯ +》 ᠥᠨᠳᠥᠷ ᠪᠦᠲᠦᠮᠵᠢᠲᠡᠶ ᠵᠠᠰᠠᠯᠲᠠ᠎ᠶᠢᠨ ᠵᠠᠬᠪᠤᠷ᠎ᠢ ᠳᠡᠮᠳᠡᠭᠯᠡᠪᠡ
ᠠᠯᠳᠠᠨ ᠨᠠᠮᠤᠷ᠎ᠤᠨ ᠡᠯᠪᠡᠭ ᠬᠤᠷᠢᠶᠠᠯᠳᠠ ᠵᠢᠨ ᠦᠩᠭᠡ ᠪᠡᠷ ᠥᠳᠬᠡᠷᠡᠭᠰᠡᠨ ᠬᠣᠷᠴᠢᠨ᠎ᠤ ᠲᠠᠯ᠎ᠠ ᠨᠤᠲᠤᠭ᠎ᠲᠤ᠂ ᠦᠬᠡᠷ ᠬᠤᠨᠢ ᠲᠠᠷᠭᠤ ᠰᠠᠢᠲᠠᠢ᠂ ᠡᠷᠳᠡᠨᠢ ᠰᠢᠰᠢ᠎ᠶᠢᠨ ᠲᠠᠷᠢᠶ᠎ᠠ ᠬᠥᠪᠡᠭᠡ ᠬᠢᠵᠠᠭᠠᠷ ᠨᠢ ᠬᠠᠷᠠᠭᠳᠠᠬᠤ ᠦᠭᠡᠢ ᠦᠷᠬᠦᠯᠵᠢᠯᠡᠵᠦ᠂ ᠪᠠᠷᠠᠭᠤᠨ ᠯᠢᠶᠣᠤᠾᠧ ᠭᠣᠣᠯ ᠳᠠᠬᠢᠨᠲᠠ ᠠᠮᠢᠯᠠᠨ ᠤᠷᠤᠰᠤᠨ᠎ᠠ᠃ ᠡᠨᠡ ᠬᠦ᠌ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠰᠢᠮᠡᠯᠢᠭ ᠬᠦᠷᠦᠰᠦᠨ᠎ᠳᠦ᠂ 《ᠠᠷᠠᠳ ᠲᠦᠮᠡᠨ ᠤ᠋ ᠬᠠᠮᠠᠭᠠᠯᠠᠬᠴᠢ》 ᠪᠤᠯᠤᠬᠰᠠᠨ ᠴᠠᠬᠳᠠᠭ᠎ᠠ ᠨᠠᠷ 《ᠴᠠᠬᠳᠠᠭᠠᠨ ᠤ᠋ ᠶᠠᠪᠤᠳᠠᠯ +》᠎ᠤ᠋ᠨ ᠰᠢᠨ᠎ᠡ ᠵᠠᠬᠪᠤᠷ᠎ᠢ ᠡᠬᠦᠳᠦᠨ ᠬᠡᠷᠡᠭᠵᠢᠬᠦᠯᠦᠨ᠎ᠡ᠃
ᠣᠢᠷ᠎ᠠ᠎ᠶᠢᠨ ᠵᠢᠯ᠎ᠦᠨ ᠲᠤᠷᠰᠢ᠂ ᠲᠦᠩᠯᠢᠶᠣᠣ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠣᠷᠣᠨ ᠪᠦᠰᠡ᠎ᠶᠢᠨ ᠳᠠᠪᠠᠭᠤᠯᠢᠭ᠎ᠲᠤ ᠰᠠᠭᠤᠷᠢᠯᠠᠨ᠂ ᠠᠵᠤ ᠦᠢᠯᠡᠰ᠎ᠦᠨ ᠴᠠᠭᠳᠠᠭᠠᠨ᠎ᠤ ᠶᠠᠪᠤᠳᠠᠯ᠂ ᠠᠮᠢ ᠠᠬᠤᠢ᠎ᠶᠢᠨ ᠴᠠᠭᠳᠠᠭᠠᠨ᠎ᠤ ᠶᠠᠪᠤᠳᠠᠯ᠂ ᠣᠶᠤᠨᠲᠤ ᠴᠠᠭᠳᠠᠭᠠᠨ᠎ᠤ ᠶᠠᠪᠤᠳᠠᠯ ᠵᠡᠷᠭᠡ ᠣᠨᠴᠠᠯᠢᠭ᠍ᠲᠤ ᠴᠠᠭᠳᠠᠭᠠᠨ᠎ᠤ ᠶᠠᠪᠤᠳᠠᠯ᠎ᠤᠨ ᠵᠠᠭᠪᠤᠷ᠎ᠢ ᠪᠣᠶ ᠪᠣᠯᠭᠠᠵᠤ᠂ ᠣᠷᠣᠨ ᠪᠦᠰᠡ᠎ᠶᠢᠨ ᠥᠨᠳᠥᠷ ᠪᠦᠲᠦᠮᠵᠢᠲᠡᠶ ᠵᠠᠰᠠᠯᠲᠠ᠎ᠶᠢ ᠪᠡᠶᠡᠯᠡᠭᠦᠯᠪᠡ᠃

《ᠴᠠᠭᠳᠠᠭᠠᠨ᠎ᠤ ᠶᠠᠪᠤᠳᠠᠯ + ᠠᠵᠤ ᠦᠢᠯᠡᠰ》 ᠵᠢᠡᠷ ᠬᠥᠭᠵᠢᠯᠲᠡ᠎ᠶᠢ ᠬᠠᠮᠠᠭᠠᠯᠠᠨ᠎ᠠ
ᠣᠳᠣᠬᠠᠨ᠎ᠳᠤ᠂ ᠴᠠᠭᠳᠠᠭᠠᠨ᠎ᠤ ᠬᠦᠴᠦᠨ᠎ᠢ ᠳᠣᠷᠣᠭ᠍ᠰᠢ ᠪᠠᠭᠤᠯᠭᠠᠵᠤ᠂ ᠠᠵᠤ ᠦᠢᠯᠡᠰ ᠲᠦ᠍ ᠦᠢᠯᠡᠴᠢᠯᠡᠬᠦ ᠨᠢ ᠨᠢᠭᠡᠨᠲᠡ ᠲᠦᠩᠯᠢᠶᠣᠣ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠠᠵᠢᠯ᠎ᠤᠨ ᠬᠠᠮᠲᠤ᠎ᠶᠢᠨ ᠲᠠᠨᠢᠯᠲᠠ ᠪᠣᠯᠵᠠᠢ᠃ ᠬᠣᠣᠯᠢᠨ ᠭᠣᠣᠯ ᠬᠣᠲᠠ᠎ᠳᠤ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠨᠢ 《ᠨᠢᠭᠡ ᠠᠵᠤ ᠠᠬᠤᠢᠯᠠᠯ ᠨᠢᠭᠡ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ》 ᠵᠢᠨ ᠬᠠᠷᠢᠯᠴᠠᠬᠤ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠠᠵᠤ ᠠᠬᠤᠢᠯᠠᠯ᠎ᠤᠨ ᠠᠮᠤᠷ᠎ᠢ ᠬᠠᠮᠠᠭᠠᠯᠠᠬᠤ ᠬᠦᠴᠦᠨ᠎ᠲᠠᠢ ᠬᠠᠮᠲᠤᠷᠠᠨ ᠳᠠᠯᠳᠠ ᠭᠡᠮ᠎ᠢ ᠠᠷᠢᠯᠭᠠᠨ᠂ ᠲᠦᠭᠰᠢᠭᠦᠷᠢ᠎ᠶᠢ ᠰᠡᠷᠭᠡᠢᠯᠡᠵᠦ᠂ ᠠᠮᠤᠷ ᠲᠦᠪᠰᠢᠨ᠎ᠢ ᠪᠠᠲᠤᠯᠠᠨ᠎ᠠ᠃ ᠡᠭᠦᠨ᠎ᠡᠴᠡ ᠭᠠᠳᠠᠨ᠎ᠠ᠂ ᠬᠤᠤᠯᠢᠨ ᠭᠣᠣᠯ ᠤ᠋ᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠨᠤᠭᠤᠳ ᠠᠵᠤ ᠠᠬᠤᠢᠯᠠᠯ᠎ᠳᠤ ᠬᠣᠯᠪᠣᠭᠳᠠᠬᠤ ᠲᠥᠷᠥᠯ᠎ᠦᠨ ᠬᠡᠷᠡᠭ ᠤ᠋ᠨ ᠪᠠᠢᠳᠠᠯ᠎ᠳᠤ ᠤᠷᠢᠳ ᠵᠢᠡᠷ ᠴᠠᠭᠳᠠᠭ᠎ᠠ ᠲᠣᠮᠢᠯᠠᠬᠤ᠂ ᠤᠷᠢᠳ ᠵᠢᠡᠷ ᠭᠥᠯᠢᠶᠡᠨ ᠠᠪᠴᠤ ᠰᠢᠢᠳᠪᠦᠷᠢᠯᠡᠬᠦ᠂ ᠤᠷᠢᠳ ᠵᠢᠡᠷ ᠰᠢᠢᠳᠪᠦᠷᠢᠯᠡᠬᠦ᠎ᠶᠢ ᠪᠠᠷᠢᠮᠲᠠᠯᠠᠵᠤ᠂ ᠬᠡᠷᠡᠭ᠎ᠢ ᠢᠯᠡᠷᠡᠭᠦᠯᠬᠦ᠂ ᠪᠤᠵᠠᠷ ᠡᠳ᠋᠎ᠢ ᠨᠡᠬᠡᠮᠵᠢᠯᠡᠬᠦ᠂ ᠤᠷᠭᠤᠳᠠᠭᠤᠯ ᠬᠡᠷᠡᠭᠲᠡᠨ᠎ᠢ ᠨᠡᠬᠡᠮᠵᠢᠯᠡᠬᠦ᠂ ᠬᠣᠬᠢᠷᠠᠯ᠎ᠢ ᠡᠬᠡᠬᠦᠯᠦᠨ ᠠᠪᠴᠢᠷᠠᠬᠤ 《ᠳᠥᠷᠪᠡᠨ ᠢᠵᠢᠯᠢ ᠠᠯᠬᠤᠮ》᠎ᠢ᠋ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠠᠮᠤᠷ ᠲᠦᠪᠰᠢᠨ᠎ᠢ ᠪᠠᠳᠤᠯᠠᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠪᠠ᠃
ᠺᠠᠢᠯᠤ ᠰᠢᠶᠠᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠨᠢ ᠡᠷᠳᠡᠨᠢ ᠰᠢᠰᠢ ᠵᠡᠷᠭᠡ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭᠳᠡᠬᠦᠨ᠎ᠦ ᠲᠣᠭᠣᠷᠢᠨ᠎ᠳᠤ᠂ 194 ᠵᠠᠰᠠᠭ ᠵᠠᠬᠢᠷᠭᠠᠨ᠎ᠤ ᠲᠣᠰᠬᠣᠨ᠎ᠳᠤ ᠴᠠᠭᠳᠠᠭᠠᠨ᠎ᠤ ᠶᠠᠪᠤᠳᠠᠯ᠎ᠤᠨ ᠲᠠᠰᠤᠭ ᠪᠠᠢᠭᠤᠯᠵᠤ᠂ ᠲᠣᠰᠬᠣᠨ᠎ᠤ ᠬᠣᠶᠠᠷ ᠵᠥᠪᠯᠡᠯ᠎ᠦᠨ ᠪᠦᠷᠢᠯᠳᠦᠭᠦᠨ᠎ᠢ ᠤᠷᠢᠵᠤ ᠲᠣᠰᠬᠣᠨ᠎ᠳᠤ ᠰᠠᠭᠤᠭ᠎ᠠ ᠴᠠᠬᠳᠠᠭ᠎ᠠ ᠵᠢᠨ ᠬᠠᠮᠵᠢᠬᠴᠢ ᠪᠤᠯᠭᠠᠵᠤ᠂ ᠮᠠᠯ ᠠᠵᠤ ᠠᠬᠤᠢ ᠲᠠᠷᠢᠶᠠᠯᠠᠩ᠎ᠤᠨ ᠪᠦᠲᠦᠭᠡᠭᠳᠡᠬᠦᠨ᠎ᠦ ᠬᠠᠮᠠᠭᠠᠯᠠᠯᠲᠠ᠎ᠶᠢ ᠴᠢᠩᠭᠠᠳᠬᠠᠵᠤ᠂ ᠲᠠᠷᠢᠶᠠᠯᠠᠩ᠎ᠳᠤ ᠬᠣᠯᠪᠣᠭᠳᠠᠭᠰᠠᠨ ᠵᠥᠷᠢᠴᠡᠯ ᠵᠠᠭᠤᠷᠠᠯᠳᠤᠭᠠᠨ᠎ᠢ ᠪᠦᠳᠦᠮᠵᠢᠳᠡᠢ ᠰᠢᠢᠳᠪᠦᠷᠢᠯᠡᠪᠡ᠃ ᠬᠦᠷᠢᠶ᠎ᠡ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢ ᠬᠠᠮᠵᠢᠯᠴᠠᠨ ᠬᠠᠮᠠᠭᠠᠯᠠᠬᠤ ᠴᠠᠭᠳᠠᠭᠠᠨ᠎ᠤ ᠶᠠᠪᠤᠳᠠᠯ᠎ᠤᠨ ᠠᠵᠢᠯ᠎ᠤᠨ ᠥᠷᠲᠡᠭᠡ ᠪᠠᠢᠭᠤᠯᠵᠤ᠂ 《ᠳᠤᠮᠳᠠᠳᠤ ᠤᠯᠤᠰ᠎ᠤᠨ ᠰᠠᠭᠠᠭ᠎ᠤᠨ ᠨᠤᠲᠤᠭ》᠎ᠤ᠋ᠨ ᠬᠠᠮᠢᠶ᠎ᠠ ᠪᠦᠬᠦᠢ ᠲᠥᠷᠥᠯ ᠲᠡᠮᠳᠡᠭ᠎ᠦᠨ ᠬᠠᠮᠠᠭᠠᠯᠠᠯᠲᠠ᠎ᠶᠢ ᠴᠢᠩᠭᠠᠳᠬᠠᠪᠠ᠃ ᠲᠦᠩᠯᠢᠶᠣᠣ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠤᠨ ᠬᠤᠪᠢᠶᠠᠷᠢ ᠲᠣᠪᠴᠢᠶ᠎ᠠ ᠨᠢ ᠬᠠᠷᠢᠶ᠎ᠠ ᠣᠷᠣᠨ᠎ᠤ ᠳᠣᠲᠣᠷᠠᠬᠢ ᠨᠠᠷᠠᠲᠤ ᠠᠵᠤ ᠠᠬᠤᠢᠯᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠬᠡᠯᠬᠢᠶᠡᠵᠢᠭᠰᠡᠨ ᠴᠠᠭᠳᠠᠭᠠᠨ᠎ᠤ ᠶᠠᠪᠤᠳᠠᠯ》᠎ᠢ᠋ ᠬᠦᠴᠦᠯᠡᠨ ᠪᠠᠢᠭᠤᠯᠵᠤ᠂ 32 ᠠᠵᠤ ᠦᠢᠯᠡᠰ᠎ᠦᠨ ᠬᠡᠯᠬᠢᠶᠡᠵᠢᠭᠰᠡᠨ ᠬᠥᠲᠥᠴᠢ ᠠᠵᠤ ᠠᠬᠤᠢᠯᠠᠯ᠎ᠳᠤ 《ᠠᠵᠤ ᠦᠢᠯᠡᠰ᠎ᠦᠨ ᠴᠠᠭᠳᠠᠭᠠᠨ ᠤ᠋ ᠳᠠᠷᠤᠭ᠎ᠠ》 ᠲᠣᠬᠢᠷᠠᠭᠤᠯᠤᠨ ᠥᠭᠴᠦ᠂ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠬᠦ᠂ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠬᠦ᠂ ᠨᠠᠷᠠᠲᠤ ᠲᠥᠷᠥᠯ ᠲᠡᠮᠳᠡᠭ᠎ᠢ ᠬᠠᠮᠠᠭᠠᠯᠠᠬᠤ ᠵᠡᠷᠭᠡ ᠦᠢᠯᠡᠴᠢᠯᠡᠭᠡᠨ᠎ᠦ ᠲᠣᠭᠲᠠᠴᠠ᠎ᠶᠢ ᠪᠠᠢᠭᠤᠯᠵᠤ᠂ ᠪᠥᠬᠥ ᠦᠶᠡᠯᠡᠯ᠎ᠦᠨ ᠬᠤᠭᠤᠴᠠᠭᠠᠨ᠎ᠤ ᠠᠵᠤ ᠦᠢᠯᠡᠰ᠎ᠦᠨ ᠠᠮᠤᠷ ᠲᠦᠪᠰᠢᠨ᠎ᠦ ᠠᠮᠢ ᠠᠬᠤᠢ᠎ᠶᠢᠨ ᠤᠷᠴᠢᠨ᠎ᠢ ᠪᠠᠢᠭᠤᠯᠪᠠ᠃
《ᠴᠠᠭᠳᠠᠭᠠᠨ᠎ᠤ ᠶᠠᠪᠤᠳᠠᠯ + ᠠᠮᠢ ᠠᠬᠤᠢ》 ᠪᠡᠷ ᠡᠯᠡᠰᠦ᠎ᠶᠢ ᠵᠠᠰᠠᠵᠤ ᠣᠶ ᠰᠢᠭᠤᠢ᠎ᠶᠢ ᠬᠠᠮᠠᠭᠠᠯᠠᠨ᠎ᠠ
9 ᠰᠠᠷ᠎ᠠ᠎ᠶᠢᠨ 15 ᠤ᠋ ᠡᠳᠦᠷ᠂ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠨᠤᠭᠤᠰᠤᠲᠠᠢ ᠳ᠋ᠡᠬᠢ ᠲᠣᠮᠢᠯᠠᠭᠰᠠᠨ ᠰᠠᠯᠪᠤᠷᠢ᠎ᠶᠢᠨ ᠠᠮᠢ ᠠᠬᠤᠢ᠎ᠶᠢᠨ ᠴᠠᠭᠳᠠᠭᠠᠨ᠎ᠤ ᠶᠠᠪᠤᠳᠠᠯ᠎ᠤᠨ ᠲᠠᠰᠤᠭ᠎ᠤᠨ ᠴᠠᠭᠳᠠᠭ᠎ᠠ ᠦ᠋ ᠵᠧᠩ ᠴᠠᠭᠳᠠᠭᠠᠨ᠎ᠤ ᠬᠡᠷᠡᠭᠯᠡᠬᠦ ᠵᠢᠯᠣᠭᠣᠴᠢ ᠦᠭᠡᠢ ᠨᠢᠰᠬᠡᠯ᠎ᠢ ᠠᠵᠢᠯᠯᠠᠭᠤᠯᠵᠤ᠂ ᠬᠠᠷᠢᠶ᠎ᠠ ᠣᠷᠣᠨ᠎ᠢᠶᠠᠷ ᠴᠠᠭᠳᠠᠨ ᠪᠠᠢᠴᠠᠭᠠᠬᠤ᠎ᠳᠠᠭᠠᠨ ᠬᠡᠪ᠎ᠦᠨ ᠪᠤᠰᠤ ᠪᠠᠢᠳᠠᠯ᠎ᠢ ᠣᠯᠵᠤ ᠮᠠᠲᠠᠵᠠᠢ᠄ ᠭᠤᠷᠪᠠᠨ ᠬᠥᠮᠥᠨ ᠳᠤᠷ᠎ᠠ᠎ᠪᠠᠷ᠎ᠢᠶᠠᠨ ᠰᠢᠭᠤᠢᠲᠤ ᠣᠷᠣᠨ᠎ᠳᠤ ᠣᠷᠣᠵᠤ᠂ ᠬᠣᠶᠠᠷ ᠮᠧᠲᠷ ᠭᠠᠷᠤᠢ ᠥᠨᠳᠥᠷ ᠨᠠᠷᠠᠰᠤᠨ ᠳᠡᠭᠡᠷ᠎ᠡ ᠠᠪᠠᠷᠢᠨ ᠭᠠᠷᠴᠤ ᠰᠠᠮᠤᠷ ᠲᠡᠬᠦᠵᠦ ᠪᠠᠢᠯ᠎ᠠ᠃ ᠦ᠋ ᠵᠧᠩ ᠶᠠᠷᠢᠯᠴᠠᠭᠤᠷ᠎ᠢᠶᠠᠷ ᠲᠣᠭᠣᠷᠢᠨ ᠴᠠᠭᠳᠠᠬᠤ ᠠᠩᠭᠢ᠎ᠶᠢᠨ ᠭᠡᠰᠢᠭᠦᠨ᠎ᠳᠦ ᠳᠤᠰ ᠪᠠᠢᠳᠠᠯ᠎ᠢ ᠮᠡᠳᠡᠭᠳᠡᠪᠡ᠃ ᠠᠷᠪᠠᠨ ᠮᠢᠨᠦ᠋ᠲ ᠪᠣᠯᠤᠭᠰᠠᠨ ᠦᠭᠡᠢ᠎ᠪᠡᠷ ᠲᠣᠭᠣᠷᠢᠨ ᠴᠠᠭᠳᠠᠬᠤ ᠠᠩᠭᠢ᠎ᠶᠢᠨ ᠬᠢᠨ ᠲᠤᠬᠠᠢ᠎ᠶᠢᠨ ᠲᠠᠯᠠᠪᠠᠢ᠎ᠳᠤ ᠬᠦᠷᠴᠦ᠂ ᠰᠢᠭᠤᠢ᠎ᠳᠤ ᠣᠷᠣᠨ᠎ᠳᠤ ᠳᠤᠷ᠎ᠠ᠎ᠪᠠᠷ᠎ᠢᠶᠠᠨ ᠣᠷᠣᠵᠤ ᠰᠠᠮᠤᠷ ᠲᠡᠬᠦᠭᠰᠡᠳᠢ ᠢᠳᠬᠠᠨ ᠶᠠᠪᠤᠭᠤᠯᠪᠠ᠃
ᠲᠦᠩᠯᠢᠶᠣᠣ ᠬᠤᠳᠠ ᠨᠢ ᠬᠣᠷᠴᠢᠨ᠎ᠤ ᠡᠯᠡᠰᠦᠷᠬᠡᠭ ᠭᠠᠵᠠᠷ᠎ᠢ ᠵᠠᠰᠠᠬᠤ ᠭᠣᠣᠯ ᠣᠷᠣᠨ᠎ᠳᠤ ᠪᠠᠢᠷᠢᠯᠠᠵᠤ᠂ ᠠᠮᠢ ᠠᠬᠤᠢ᠎ᠶᠢᠨ ᠣᠷᠴᠢᠨ ᠲᠣᠭᠣᠷᠢᠨ ᠬᠡᠪᠡᠷᠡᠭ᠂ ᠡᠯᠡᠰᠦ ᠵᠢ ᠵᠠᠰᠠᠬᠤ ᠡᠭᠦᠷᠭᠡ ᠬᠠᠲᠠᠭᠤ ᠪᠡᠷᠬᠡ ᠪᠠᠢᠳᠠᠭ᠃ ᠲᠦᠩᠯᠢᠶᠣᠣ ᠬᠤᠳᠠ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠠᠮᠢ ᠠᠬᠤᠢ᠎ᠶᠢᠨ ᠴᠠᠭᠳᠠᠭᠠᠨ᠎ᠤ ᠶᠠᠪᠤᠳᠠᠯ᠎ᠢ ᠬᠡᠷᠡᠭᠵᠢᠬᠦᠯᠦᠨ᠂ ᠴᠠᠭᠳᠠᠭᠠᠨ᠎ᠤ ᠶᠠᠪᠤᠳᠠᠯ᠎ᠤᠨ ᠠᠵᠢᠯ᠎ᠢ ᠠᠮᠢ ᠠᠬᠤᠢ᠎ᠶᠢ ᠰᠡᠷᠭᠦᠭᠡᠬᠦ ᠡᠮᠦᠨ᠎ᠡ ᠹᠷᠣᠨᠲ᠎ᠲᠤ ᠰᠢᠯᠵᠢᠭᠦᠯᠪᠡ᠃
《ᠤᠮᠠᠷᠠᠳᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠴᠢᠬᠤᠯᠠ ᠲᠡᠶ᠋ᠢᠨ᠎ᠦ ᠲᠠᠯᠠᠪᠤᠷ᠎ᠲᠤ ᠪᠠᠢᠭ᠎ᠠ ᠨᠠᠢ᠍ᠮᠠᠨ ᠬᠣᠰᠢᠭᠤᠨ ᠳ᠋ᠸ᠋᠂ ᠬᠡᠳᠦᠨ ᠡᠳᠦᠷ᠎ᠦᠨ ᠲᠤᠷᠰᠢ᠂ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠨᠢ ᠣᠶ ᠰᠢᠭᠤᠢ ᠨᠤᠲᠤᠭ ᠪᠡᠯᠴᠢᠭᠡᠷ᠎ᠢ ᠰᠦᠢᠳᠬᠡᠭᠰᠡᠨ ᠠᠵᠢᠯᠯᠠᠭ᠎ᠠ᠎ᠳᠤ ᠴᠣᠬᠢᠯᠲᠠ ᠥᠭᠴᠦ ᠲᠥᠪᠯᠡᠷᠡᠭᠦᠯᠦᠨ ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢ ᠳᠠᠬᠢᠨᠲᠠ 《ᠡᠷᠭᠢᠨ ᠦᠵᠡᠪᠡ》᠃
《ᠪᠥᠬᠥ ᠬᠣᠰᠢᠭᠤᠨ᠎ᠤ ᠭᠠᠴᠠᠭ᠎ᠠ ᠲᠣᠰᠬᠣᠨ᠎ᠤ ᠭᠠᠵᠠᠷ ᠲᠠᠷᠢᠶ᠎ᠠ ᠲᠠᠷᠠᠬᠠᠢ ᠪᠤᠲᠠᠷᠬᠠᠢ᠂ ᠭᠠᠵᠠᠷ᠎ᠤᠨ ᠪᠠᠢᠴᠠ ᠪᠤᠳᠤᠯᠢᠶᠠᠨᠲᠠᠢ᠂ ᠵᠥᠪᠬᠡᠨ ᠶᠠᠪᠠᠭᠠᠨ ᠵᠢᠡᠷ ᠶᠠᠪᠤᠭᠠᠳ ᠪᠤᠯᠬᠤ ᠦᠬᠡᠢ》᠃ ᠲᠦᠷᠦᠭᠦᠬᠡᠨ᠂ ᠨᠠᠢ᠍ᠮᠠᠨ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠣᠷᠴᠢᠨ ᠲᠣᠭᠣᠷᠢᠨ ᠢᠳᠡᠭᠡᠨ ᠪᠠ ᠡᠮ᠎ᠦᠨ ᠵᠦᠢᠯᠡᠰ᠎ᠦᠨ ᠶᠠᠯᠠᠳᠤ ᠠᠵᠢᠯᠯᠠᠭ᠎ᠠ ᠵᠢ ᠳᠡᠩᠨᠡᠨ ᠪᠠᠢᠴᠠᠭᠠᠬᠤ ᠶᠡᠬᠡ ᠠᠩᠭᠢ᠎ᠶᠢᠨ ᠳᠠᠷᠤᠭ᠎ᠠ ᠮᠧᠩ ᠹᠠᠨ ᠵᠢᠶᠦ᠋ᠨ ᠺᠣᠮᠫᠢᠦ᠋ᠲᠧᠷ ᠳᠡᠭᠡᠷᠡᠬᠢ ᠠᠭᠠᠷᠡᠴᠨ ᠰᠡᠭᠦᠳᠡᠷᠯᠡᠭᠰᠡᠨ ᠵᠢᠷᠤᠭ᠎ᠢ ᠵᠢᠭᠠᠭᠠᠳ ᠡᠢᠨ ᠬᠦ᠌ ᠶᠠᠷᠢᠨ᠎ᠠ᠃ ᠨᠠᠢ᠍ᠮᠠᠨ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ 《ᠲᠤᠬᠠᠢ᠎ᠶᠢᠨ ᠭᠠᠵᠠᠷ ᠲᠤᠨᠢ ᠪᠠᠢᠴᠠᠭᠠᠬᠤ + ᠵᠢᠯᠣᠭᠣᠴᠢ ᠦᠭᠡᠢ ᠨᠢᠰᠬᠡᠯ᠎ᠢᠶᠡᠷ ᠠᠭᠠᠷᠡᠴᠨ ᠰᠡᠬᠦᠳᠡᠷᠯᠡᠬᠦ》ᠠᠷᠭ᠎ᠠ ᠵᠢ ᠬᠡᠷᠡᠭᠯᠡᠨ᠂ ᠨᠠᠷᠢᠯᠢᠭ᠋ ᠣᠨᠣᠪᠴᠢᠲᠠᠶ ᠬᠡᠮᠵᠢᠬᠦ᠂ ᠲᠠᠩᠰᠠ ᠪᠠᠶ᠋ᠢᠭᠤᠯᠬᠤ᠂ ᠴᠡᠭᠴᠡᠯᠡᠨ ᠥᠭᠡᠷᠡᠴᠢᠯᠡᠬᠦ᠎ᠶᠢ ᠪᠡᠶᠡᠯᠡᠭᠦᠯᠪᠡ᠃
《ᠴᠠᠭᠳᠠᠭᠠᠨ᠎ᠤ ᠶᠠᠪᠤᠳᠠᠯ + ᠣᠶᠤᠨᠴᠢ ᠮᠡᠷᠭᠡᠵᠢᠯ》 ᠵᠢᠡᠷ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠬᠦᠯᠦᠨ᠎ᠡ
8 ᠰᠠᠷ᠎ᠠ᠎ᠶᠢᠨ 29᠎ᠤ᠋ ᠣᠷᠣᠢ᠂ ᠲᠦᠩᠯᠢᠶᠣᠣ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠬᠣᠷᠴᠢᠨ ᠬᠤᠪᠢᠶᠠᠷᠢ ᠲᠣᠪᠴᠢᠶ᠎ᠠ᠎ᠶᠢᠨ ᠵᠢᠯᠤᠭᠣᠳᠬᠤ ᠲᠥᠪ᠎ᠦᠨ ᠵᠢᠵᠢᠭᠦᠷᠯᠡᠬᠦ ᠴᠠᠭᠳᠠᠭ᠎ᠠ ᠬᠠᠷᠢᠶ᠎ᠠ ᠣᠷᠣᠨ᠎ᠤ ᠣᠯᠠᠨ ᠲᠦᠮᠡᠨ ᠮᠠ ᠠᠪᠠᠬᠠᠢ᠎ᠶᠢᠨ ᠬᠡᠷᠡᠭ ᠤ᠋ᠨ ᠮᠡᠳᠡᠭᠦᠯᠦᠯᠲᠡ᠎ᠶᠢ ᠲᠤᠰᠴᠤ᠂ ᠲᠡᠭᠦᠨ᠎ᠦ ᠡᠮᠡᠭᠡ ᠨᠢ ᠬᠣᠷᠴᠢᠨ ᠲᠣᠭᠣᠷᠢᠭ᠋᠎ᠤᠨ ᠨᠢᠭᠡᠨ ᠵᠠᠬ᠎ᠠ ᠳᠡᠯᠭᠡᠭᠦᠷ᠎ᠦᠨ ᠣᠶ᠋ᠢᠷᠠᠯᠴᠠᠭ᠎ᠠ ᠲᠦᠬᠡᠷᠢᠴᠢᠬᠡᠵᠡᠢ ᠭᠡᠪᠡ᠃ ᠵᠢᠯᠤᠭᠣᠳᠬᠤ ᠲᠥᠪ ᠡᠴᠨ ᠲᠡᠷᠡ ᠳᠠᠷᠤᠢ ᠳ᠋ᠤᠨᠢ ᠸᠠᠨ ᠳᠠ ᠣᠶᠤᠨᠲᠤ ᠴᠠᠭᠳᠠᠭᠠᠨ᠎ᠤ ᠶᠠᠪᠤᠳᠠᠯ᠎ᠤᠨ ᠠᠵᠢᠯ᠎ᠤᠨ ᠥᠷᠲᠡᠭᠡ᠎ᠳᠦ ᠲᠣᠮᠢᠯᠠᠨ ᠡᠷᠢᠬᠦ ᠵᠠᠷᠯᠢᠭ ᠪᠠᠭᠤᠯᠭᠠᠪᠠ᠃
ᠵᠠᠷᠯᠢᠭ᠋᠎ᠢ ᠣᠯᠣᠭᠰᠠᠨ᠎ᠤ ᠳᠠᠷᠠᠭ᠎ᠠ᠂ ᠸᠠᠨ ᠳᠠ ᠣᠶᠤᠨᠲᠤ ᠴᠠᠭᠳᠠᠭᠠᠨ᠎ᠤ ᠶᠠᠪᠤᠳᠠᠯ᠎ᠤᠨ ᠠᠵᠢᠯ᠎ᠤᠨ ᠥᠷᠲᠡᠭᠡ ᠲᠡᠷᠡ ᠳᠠᠷᠤᠢ ᠳ᠋ᠤᠨᠢ 《ᠣᠶᠤᠨᠲᠤ ᠴᠠᠭᠳᠠᠭᠠᠨ᠎ᠤ ᠶᠠᠪᠤᠳᠠᠯ + ᠲᠤᠬᠠᠢ ᠵᠢᠨ ᠭᠠᠵᠠᠷ ᠲᠤᠨᠢ ᠵᠢᠭ᠍ᠰᠠᠭᠠᠨ ᠪᠠᠢᠴᠠᠭᠠᠬᠤ》 ᠬᠣᠯᠪᠤᠭᠠᠯᠠᠨ ᠬᠥᠳᠡᠯᠦᠯᠴᠡᠬᠦ ᠵᠠᠭᠪᠤᠷ᠎ᠢ ᠡᠬᠢᠯᠡᠭᠦᠯᠪᠡ᠃ ᠥᠷᠲᠡᠭᠡᠨ ᠳᠣᠲᠣᠷᠠᠬᠢ ᠭᠡᠰᠢᠭᠦᠳ ᠮᠠᠰᠢ ᠲᠦᠷᠭᠡᠨ᠎ᠢᠶᠡᠷ ᠨᠠᠰᠤᠲᠠᠨ᠎ᠤ ᠤᠯᠠ ᠮᠥᠷ᠎ᠢ ᠣᠯᠵᠤ ᠮᠡᠳᠡᠭᠰᠡᠨ ᠪᠥᠭᠡᠳ ᠬᠠᠮᠤᠭ ᠤ᠋ᠨ ᠰᠡᠭᠦᠯ᠎ᠳᠦ ᠢᠯᠡᠷᠡᠭᠰᠡᠨ ᠵᠢᠷᠤᠭ ᠪᠠ ᠣᠷᠣᠨ ᠪᠠᠢᠷᠢ᠎ᠶᠢᠨ ᠮᠡᠳᠡᠭᠡ ᠵᠠᠩᠭᠢ᠎ᠶᠢ ᠵᠡᠭᠡᠯᠢ᠎ᠶᠢᠨ 《ᠬᠣᠲᠠ᠎ᠶᠢᠨ ᠲᠦᠷᠭᠡᠨ ᠴᠠᠭᠳᠠᠭ᠎ᠠ》ᠵᠢᠨ ᠭᠡᠰᠢᠭᠦᠳ᠎ᠦᠨ ᠰᠢᠯᠵᠢᠮᠡᠯ ᠴᠠᠭᠳᠠᠭᠠᠨ᠎ᠤ ᠶᠠᠪᠤᠳᠠᠯ᠎ᠤᠨ ᠦᠵᠦᠭᠦᠷᠯᠢᠭ᠎ᠲᠦ ᠵᠡᠷᠭᠡ᠎ᠪᠡᠷ ᠳᠠᠮᠵᠢᠭᠤᠯᠪᠠ᠃ ᠲᠤᠬᠠᠢ᠎ᠶᠢᠨ ᠴᠠᠭ᠎ᠤᠨ ᠪᠠᠢᠷᠢ ᠲᠣᠭᠲᠠᠭᠠᠯᠲᠠ ᠪᠠ ᠵᠢᠷᠤᠭ ᠳᠦᠷᠰᠦ᠎ᠶᠢ ᠦᠨᠳᠦᠰᠦᠯᠡᠨ᠂ 《ᠬᠣᠲᠠ᠎ᠶᠢᠨ ᠲᠦᠷᠭᠡᠨ ᠴᠠᠭᠳᠠᠭ᠎ᠠ》 ᠵᠢᠨ ᠭᠡᠰᠢᠭᠦᠨ ᠨᠢᠭᠡᠨ ᠬᠡᠲᠦ ᠳᠡᠯᠭᠡᠭᠦᠷ᠎ᠡᠴᠡ ᠨᠠᠰᠤᠲᠠᠨ᠎ᠢ ᠡᠷᠢᠵᠦ ᠣᠯᠣᠭᠰᠠᠨ ᠪᠥᠭᠡᠳ ᠭᠡᠷ᠎ᠦᠨ ᠬᠥᠮᠥᠰ᠎ᠲᠠᠢ ᠨᠢ ᠠᠮᠤᠷ ᠲᠦᠪᠰᠢᠨ ᠵᠢᠡᠷ ᠠᠭᠤᠯᠵᠠᠭᠤᠯᠪᠠ᠃ ᠵᠠᠷᠯᠢᠭ᠋ ᠬᠦᠯᠢᠶᠡᠭᠰᠡᠨ᠎ᠡᠴᠡ ᠨᠠᠰᠤᠲᠠᠳ᠎ᠢ ᠡᠷᠢᠵᠦ ᠣᠯᠬᠤᠪᠤᠯᠳᠠᠯᠠ ᠵᠥᠪᠬᠡᠨ 12 ᠮᠢᠨᠦ᠋ᠲ ᠬᠡᠷᠡᠭᠰᠡᠪᠡ᠂ ᠡᠨᠡ ᠨᠢ ᠲᠦᠩᠯᠢᠶᠣᠣ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠣᠶᠤᠨᠲᠤ ᠴᠠᠭᠳᠠᠭᠠᠨ᠎ᠤ ᠶᠠᠪᠤᠳᠠᠯ᠎ᠤᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠭᠦᠢᠴᠡᠳ ᠬᠠᠷᠠᠭᠤᠯᠵᠠᠢ᠃
《ᠬᠣᠲᠠ᠎ᠶᠢᠨ ᠲᠦᠷᠭᠡᠨ ᠴᠠᠭᠳᠠᠭ᠎ᠠ》 ᠪᠣᠯ ᠲᠦᠩᠯᠢᠶᠣᠣ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶᠠᠨ᠎ᠤ ᠨᠡᠷ᠎ᠡ᠎ᠶᠢᠨ ᠬᠠᠭᠤᠳᠠᠰᠤ ᠪᠣᠯᠣᠨ᠎ᠠ᠃ ᠲᠠᠨᠢᠯᠴᠠᠭᠤᠯᠤᠭᠰᠠᠨ᠎ᠢᠶᠠᠷ᠂ ᠬᠣᠷᠴᠢᠨ ᠳᠣᠲᠣᠭᠠᠳᠤ᠎ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠦᠵᠡᠭᠳᠡᠮᠡᠯ ᠡᠷᠴᠢᠮᠵᠢᠭᠰᠡᠨ ᠵᠢᠯᠣᠭᠣᠳᠤᠨ ᠲᠣᠬᠢᠷᠠᠭᠤᠯᠬᠤ ᠲᠠᠪᠴᠠᠩ᠎ᠢ ᠬᠦᠴᠦᠯᠡᠨ ᠪᠠᠢᠭᠤᠯᠵᠤ᠂ ᠵᠢᠵᠢᠭᠦᠷᠯᠡᠵᠦ ᠪᠠᠢᠭ᠎ᠠ ᠴᠠᠭᠳᠠᠭ᠎ᠠ᠎ᠶᠢᠨ ᠣᠷᠣᠨ ᠪᠠᠢᠷᠢ᠎ᠶᠢ ᠴᠠᠭ ᠲᠤᠬᠠᠢ ᠳ᠋ᠤᠨᠢ ᠢᠯᠡᠷᠡᠭᠦᠯᠵᠦ᠂ ᠬᠡᠷᠡᠭ ᠤ᠋ᠨ ᠪᠠᠢᠳᠠᠯ ᠴᠠᠭᠳᠠᠭᠠᠨ᠎ᠤ ᠬᠦᠴᠦᠨ᠎ᠢ ᠨᠢᠭᠡ ᠳᠡᠯᠭᠡᠴᠡ᠎ᠪᠡᠷ ᠢᠯᠡᠷᠡᠭᠦᠯᠬᠦ᠂ ᠵᠠᠷᠯᠢᠭ᠋ ᠵᠢᠭᠠᠪᠤᠷᠢ᠎ᠶᠢ ᠨᠢᠭᠡ ᠳᠠᠷᠤᠪᠴᠢ᠎ᠪᠠᠷ ᠪᠠᠭᠤᠯᠭᠠᠬᠤ ᠵᠢ ᠨᠢᠭᠡ ᠴᠣᠭᠴᠠᠵᠢᠭᠤᠯᠤᠨ ᠬᠣᠯᠪᠣᠬᠤ᠎ᠶᠢ ᠪᠡᠶᠡᠯᠡᠭᠦᠯᠵᠦ᠂ ᠵᠠᠷᠯᠢᠭ᠋ ᠳᠠᠮᠵᠢᠭᠤᠯᠬᠤ ᠦᠷ᠎ᠡ ᠪᠦᠲᠦᠮᠵᠢ᠎ᠶᠢ 40% ᠡᠴᠨ ᠳᠡᠭᠡᠭᠰᠢ ᠪᠤᠯᠭᠠᠪᠠ᠃
ᠠᠮᠤᠷ᠎ᠢ ᠬᠠᠮᠠᠭᠠᠯᠠᠬᠤ ᠰᠡᠷᠭᠡᠢᠯᠡᠨ ᠡᠵᠡᠮᠳᠡᠬᠦ ᠲᠠᠯ᠎ᠠ᠎ᠪᠠᠷ᠂ ᠲᠦᠩᠯᠢᠶᠣᠣ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ 《ᠵᠢᠯᠣᠭᠣᠴᠢ ᠦᠭᠡᠢ ᠨᠢᠰᠬᠡᠯ᠎ᠢᠶᠡᠷ ᠲᠣᠭᠣᠷᠢᠨ ᠴᠠᠭᠳᠠᠬᠤ + ᠵᠣᠬᠢᠶᠠᠮᠠᠯ ᠣᠶᠤᠨ ᠴᠢᠳᠠᠪᠤᠷᠢ ᠪᠡᠷ ᠢᠯᠭᠠᠨ ᠲᠠᠨᠢᠬᠤ》 ᠰᠡᠷᠭᠡᠢᠯᠡᠨ ᠡᠵᠡᠮᠳᠡᠬᠦ ᠰᠢᠰᠲᠧᠮ᠎ᠢ ᠪᠠᠢᠭᠤᠯᠵᠤ᠂ ᠭᠣᠣᠯᠳᠠᠯᠭ᠎ᠠ᠎ᠲᠠᠢ ᠣᠷᠣᠨ ᠪᠦᠰᠡ᠎ᠳᠦ ᠪᠦᠬᠦᠯᠢ ᠡᠳᠦᠷ᠎ᠢᠶᠡᠷ ᠠᠦ᠋ᠲ᠋ᠣᠴᠢᠯᠠᠨ ᠲᠣᠭᠣᠷᠢᠨ ᠴᠠᠭᠳᠠᠬᠤ ᠪᠠ ᠬᠡᠪ᠎ᠦᠨ ᠪᠤᠰᠤ ᠦᠶ᠋ᠯᠡ ᠠᠵᠢᠯᠯᠠᠭ᠎ᠠ᠎ᠶᠢ ᠠᠦ᠋ᠲ᠋ᠣᠴᠢᠯᠠᠨ ᠢᠯᠭᠠᠨ ᠲᠠᠨᠢᠬᠤ᠎ᠶᠢ ᠪᠡᠶᠡᠯᠡᠭᠦᠯᠪᠡ᠃ ᠠᠵᠤ ᠠᠬᠤᠢ᠎ᠶᠢᠨ ᠬᠦᠷᠢᠶᠡᠨ᠎ᠳᠦ᠂ ᠲᠠᠳᠠ ᠲᠣᠮᠣ᠌ ᠳ᠋ᠠᠢᠲ᠋ᠠ᠎ᠪᠠᠷ ᠠᠵᠤ ᠠᠬᠤᠢ᠎ᠶᠢᠨ ᠠᠶᠤᠯ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠢ ᠳ᠋ᠤᠨᠢ ᠣᠷᠣᠯᠴᠠᠨ ᠰᠢᠢᠳᠪᠦᠷᠢᠯᠡᠵᠦ᠂ ᠣᠯᠠᠨ ᠲᠦᠮᠡᠨ᠎ᠦ ᠬᠣᠬᠢᠷᠠᠯ ᠠᠮᠰᠠᠬᠤᠡᠴᠨ ᠵᠠᠢᠯᠠᠰᠬᠢᠪᠡ᠃ ᠡᠷᠡᠭᠦᠦ᠎ᠶᠢᠨ ᠬᠡᠷᠡᠭ᠎ᠦᠨ ᠲᠠᠩᠨᠠᠨ ᠪᠠᠢᠴᠠᠭᠠᠬᠤ ᠬᠦᠷᠢᠶᠡᠨ᠎ᠳᠦ᠂ ᠲᠠᠳᠠ ᠠᠵᠢᠯᠯᠠᠬᠤ ᠲᠠᠰᠤᠭ ᠪᠠᠢᠭᠤᠯᠤᠭᠰᠠᠨ᠎ᠤ ᠰᠠᠭᠤᠷᠢᠨ ᠳᠡᠭᠡᠷ᠎ᠡ ᠲᠠᠩᠨᠠᠨ ᠪᠠᠢᠴᠠᠭᠠᠬᠤ ᠲᠥᠪ ᠪᠠᠢᠭᠤᠯᠵᠤ᠂ ᠭᠠᠳᠠᠭᠠᠳᠤ᠎ᠳᠤ ᠳᠤᠲᠠᠭᠠᠭᠰᠠᠨ ᠣᠷᠭᠣᠳᠠᠭᠤᠯ ᠬᠡᠷᠡᠭᠲᠡᠨ᠎ᠢ ᠨᠡᠬᠡᠮᠵᠢᠯᠡᠨ ᠪᠠᠷᠢᠪᠴᠢᠯᠠᠵᠤ ᠬᠡᠷᠡᠭ ᠢᠯᠡᠷᠡᠭᠦᠯᠬᠦ ᠪᠠᠢᠯᠳᠤᠭᠠᠨ᠎ᠤ ᠠᠷᠭ᠎ᠠ᠎ᠶᠢ ᠰᠦᠪᠡᠭᠴᠢᠯᠡᠨ ᠭᠠᠷᠭᠠᠵᠤ᠂ ᠬᠡᠷᠡᠭ ᠰᠢᠢᠳᠪᠦᠷᠢᠯᠡᠬᠦ 《ᠬᠤᠷᠴᠠ ᠵᠡᠪᠰᠡᠭ》 ᠪᠤᠯᠤᠬᠰᠠᠨ ᠪᠠᠢᠨ᠎ᠠ᠃
(ᠬᠡᠷᠡᠯ ᠵᠢᠷᠤᠬ᠎ᠢ ᠵᠠᠷᠤᠳ ᠬᠤᠰᠢᠭᠤᠨ ᠤ᠋ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠴᠢᠩ ᠶᠦᠨ ᠰᠡᠬᠦᠳᠡᠷᠯᠡᠪᠡ)