ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ᠋ ᠣᠷᠣᠨ ᠰᠠᠭᠤᠴᠠ ᠪᠠ ᠬᠤᠲᠠ ᠬᠥᠳᠡᠭᠡ ᠶ᠋ᠢᠨ ᠪᠦᠲᠦᠭᠡᠨ ᠪᠠᠢᠭᠤᠯᠤᠯᠲᠠ ᠶ᠋ᠢᠨ ᠲᠢᠩᠬᠢᠮ ᠡᠴᠡ ᠤᠢᠯᠠᠭᠠᠬᠰᠠᠨ ᠢ᠋ᠶ᠋ᠡᠷ᠂ ᠡᠨᠡ ᠵᠢᠯ ᠥᠪᠥᠷ ᠮᠣᠩᠭᠣᠯ ᠤ᠋ᠨ ᠳᠤᠯᠠᠭᠠᠯᠠᠭ᠎ᠠ ᠬᠠᠩᠭᠠᠬᠤ ᠲᠠᠯᠠᠪᠠᠢ 11 ᠳ᠋ᠦᠩᠱᠢᠭᠤᠷ ᠲᠡᠭ᠌ᠰᠢ ᠳᠥᠷᠪᠡᠯᠵᠢᠨ ᠮᠧᠲ᠋ᠷ ᠤᠷᠴᠢᠮ ᠳ᠋ᠤ ᠬᠦᠷᠴᠦ᠂ ᠲᠣᠭ᠍ᠲᠠᠭ᠍ᠰᠠᠨ ᠴᠠᠭ ᠲᠠᠭᠠᠨ ᠳᠤᠯᠠᠭᠠᠯᠠᠭ᠎ᠠ ᠬᠠᠩᠭᠠᠬᠤ ᠵᠢ ᠪᠠᠲᠤᠯᠠᠬᠤ ᠶ᠋ᠢᠨ ᠲᠥᠯᠥᠭᠡ ᠡᠯ᠎ᠡ ᠭᠠᠵᠠᠷ ᠤ᠋ᠨ ᠬᠢᠨ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶ᠋ᠢᠨ ᠠᠵᠢᠯ ᠢ᠋ ᠤᠷᠢᠳᠴᠢᠯᠠᠨ ᠥᠷᠨᠢᠭᠦᠯᠪᠡ᠃ 10 ᠰᠠᠷ᠎ᠠ ᠶ᠋ᠢᠨ 15 ᠤ᠋ ᠡᠳᠦᠷ ᠤ᠋ᠨ ᠲᠡᠭ ᠴᠠᠭ ᠪᠣᠯᠲᠠᠯ᠎ᠠ᠂ ᠦᠪᠦᠷ ᠮᠤᠨᠭᠭᠤᠯ ᠤ᠋ᠨ 103 ᠬᠣᠱᠢᠭᠤ ᠱᠢᠶᠠᠨ ᠲᠣᠭᠣᠷᠢᠭ ᠪᠦᠬᠦᠨ ᠢ᠋ᠶ᠋ᠡᠷ ᠢ᠋ᠶ᠋ᠡᠨ ᠳᠤᠯᠠᠭᠠᠯᠠᠭ᠎ᠠ ᠬᠠᠩᠭᠠᠵᠤ᠂ ᠡᠭᠦᠨ ᠳ᠋ᠤ 90 ᠬᠣᠱᠢᠭᠤ ᠱᠢᠶᠠᠨ ᠲᠣᠭᠣᠷᠢᠭ ᠤᠷᠢᠳᠴᠢᠯᠠᠨ 1—16 ᠡᠳᠦᠷ ᠳᠤᠯᠠᠭᠠᠯᠠᠭ᠎ᠠ ᠬᠠᠩᠭᠠᠵᠤ᠂ ᠳᠤᠯᠠᠭᠠᠯᠠᠭ᠎ᠠ ᠬᠠᠩᠭᠠᠬᠤ ᠠᠵᠢᠯᠯᠠᠭᠠᠨ ᠶᠡᠷᠦᠩᠬᠡᠶ ᠳ᠋ᠡᠭᠡᠨ ᠲᠣᠭ᠍ᠲᠠᠭᠤᠨ ᠪᠠᠢᠨ᠎ᠠ᠃
ᠨᠢᠳᠤᠨᠤᠨ ᠦᠪᠦᠷ ᠮᠤᠨᠭᠭᠤᠯ ᠤ᠋ᠨ ᠪᠦᠬᠦ ᠤᠷᠤᠨ ᠳ᠋ᠤ ᠬᠣᠲᠠ ᠪᠠᠯᠭᠠᠰᠤᠨ ᠤ᠋ ᠳᠤᠯᠠᠭᠠᠯᠠᠭ᠎ᠠ ᠬᠠᠩᠭᠠᠬᠤ 《ᠳᠤᠯᠠᠭᠠᠯᠠᠭ᠎ᠠ ᠶ᠋ᠢᠨ ᠢᠨᠵᠧᠨᠧᠷᠢᠩ 》 ᠢ᠋ ᠬᠡᠷᠡᠭ᠌ᠵᠢᠭᠦᠯᠦᠭ᠌ᠰᠡᠨ ᠰᠠᠭᠤᠷᠢᠨ ᠳᠡᠭᠡᠷ᠎ᠡ ᠡᠨᠡ ᠵᠢᠯ ᠥᠪᠡᠷᠲᠡᠭᠡᠨ ᠵᠠᠰᠠᠬᠤ ᠣᠷᠣᠨ ᠤ᠋ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠶ᠋ᠢᠨ ᠲᠢᠩᠬᠢᠮ ᠪᠠᠰᠠ 《 ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠪᠡᠬᠢᠵᠢᠭᠦᠯᠦᠨ ᠳᠡᠭᠡᠭ᠌ᠰᠢᠯᠡᠭᠦᠯᠬᠦ᠌ ᠠᠵᠢᠯ ᠢ᠋ ᠵᠣᠬᠢᠶᠠᠨ ᠪᠠᠢᠭᠤᠯᠤᠨ ᠥᠷᠨᠢᠭᠦᠯᠵᠦ᠍᠂ ᠡᠯ᠎ᠡ ᠭᠠᠵᠠᠷ ᠤ᠋ᠨ ᠬᠢᠨ ᠪᠡᠬᠢᠵᠢᠭᠦᠯᠦᠨ ᠳᠡᠭᠡᠭ᠌ᠰᠢᠯᠡᠭᠦᠯᠬᠦ᠌ ᠲᠥᠷᠥᠯ ᠵᠦᠶ᠋ᠯ ᠢ᠋ ᠨᠡᠢᠲᠡ 268 ᠲᠥᠰᠦᠪᠯᠡᠵᠡᠶ᠃ ᠣᠳᠣᠬᠠᠨ ᠳ᠋ᠤ ᠵᠢᠯ ᠠᠯᠤᠰᠯᠠᠬᠤ 20 ᠲᠥᠷᠥᠯ ᠵᠦᠶ᠋ᠯ ᠢ᠋ ᠭᠠᠷᠭᠠᠪᠠᠯ ᠦᠯᠡᠳᠡᠭ᠌ᠰᠡᠨ 248 ᠲᠥᠷᠥᠯ ᠵᠦᠶ᠋ᠯ ᠨᠢ ᠨᠢᠭᠡᠨᠲᠡ ᠪᠦᠬᠦᠨ ᠢ᠋ᠶ᠋ᠡᠷ ᠢ᠋ᠶ᠋ᠡᠨ ᠪᠠᠷᠢᠯᠭ᠎ᠠ ᠳᠠᠭᠤᠰᠴᠤ᠌᠂ ᠢᠯᠴᠢ ᠡᠭᠦᠰᠭᠡᠭ᠌ᠴᠢ ᠶ᠋ᠢᠨ ᠪᠥᠲᠥᠭᠡᠨ ᠪᠠᠢᠭᠤᠯᠤᠯᠲᠠ ᠥᠭᠡᠷᠡᠴᠢᠯᠡᠯᠲᠡ ᠵᠢ 16 ᠰᠠᠭᠤᠷᠢ᠂ ᠨᠢᠭᠡᠳᠦᠭᠡᠷ ᠳᠡᠰ ᠤ᠋ᠨ ᠬᠣᠭᠣᠯᠠᠶ ᠲᠤᠤᠷ ᠢ᠋ ᠱᠢᠨᠡᠳᠭᠡᠬᠦ᠌ ᠵᠢᠴᠢ ᠬᠣᠯᠪᠣᠯᠳᠤᠨ ᠨᠡᠪᠲᠡᠷᠡᠯᠴᠡᠬᠦ᠌ ᠠᠵᠢᠯ ᠢ᠋ 273 ᠺᠢᠯᠣᠮᠧᠲ᠋ᠷ᠂ ᠬᠣᠶᠠᠳᠤᠭᠠᠷ ᠳᠡᠰ ᠤ᠋ᠨ ᠬᠣᠭᠣᠯᠠᠶ ᠲᠤᠤᠷ ᠢ᠋ ᠱᠢᠨᠡᠳᠭᠡᠬᠦ᠌ ᠵᠢᠴᠢ ᠬᠣᠯᠪᠣᠯᠳᠤᠨ ᠨᠡᠪᠲᠡᠷᠡᠯᠴᠡᠬᠦ᠌ ᠠᠵᠢᠯ ᠢ᠋ 1327 ᠺᠢᠯᠣᠮᠧᠲ᠋ᠷ᠂ ᠠᠰᠠᠷ ᠲᠠᠭ᠍ᠲᠤ ᠳ᠋ᠤ ᠬᠤᠭᠤᠯᠠᠢ ᠲᠤᠬᠢᠷᠠᠭᠤᠯᠬᠤ ᠠᠵᠢᠯ ᠢ᠋ 676 ᠺᠢᠯᠣᠮᠧᠲ᠋ᠷ᠂ ᠢᠯᠴᠢ ᠶ᠋ᠢᠨ ᠬᠦᠴᠦᠨ ᠤ᠋ ᠥᠷᠲᠡᠭᠡ ᠶ᠋ᠢᠨ ᠪᠦᠲᠦᠭᠡᠨ ᠪᠠᠢᠭᠤᠯᠤᠯᠲᠠ ᠵᠢ 1361 ᠰᠠᠭᠤᠷᠢ᠂ ᠡᠷᠦᠬᠡ ᠳᠣᠲᠣᠷᠠᠬᠢ ᠳᠤᠯᠠᠭᠠᠯᠠᠭ᠎ᠠ ᠬᠠᠨᠭᠭᠠᠬᠤ ᠱᠢᠰᠲ᠋ᠧᠮ ᠤ᠋ᠨ ᠪᠦᠲᠦᠭᠡᠨ ᠪᠠᠢᠭᠤᠯᠤᠯᠲᠠ ᠵᠢ 5546 ᠡᠷᠦᠬᠡ ᠵᠢᠴᠢ 8 ᠤᠶᠤᠨᠲᠦ ᠳᠤᠯᠠᠭᠠᠯᠠᠭ᠎ᠠ ᠬᠠᠩᠭᠠᠬᠤ ᠲᠥᠷᠥᠯ ᠵᠦᠶ᠋ᠯ ᠤ᠋ᠨ ᠪᠦᠲᠦᠭᠡᠨ ᠪᠠᠢᠭᠤᠯᠤᠯᠲᠠ ᠵᠢ ᠪᠡᠶᠡᠯᠡᠭᠦᠯᠪᠡ᠃ ᠡᠭᠦᠨ ᠤ᠋ ᠬᠠᠮᠲᠤ ᠦᠪᠦᠷ ᠮᠤᠨᠭᠭᠤᠯ ᠤ᠋ᠨ ᠪᠦᠬᠦ ᠤᠷᠤᠨ ᠳ᠋ᠤ ᠨᠢᠭᠡᠨᠲᠡ ᠪᠠᠢᠭ᠎ᠠ ᠪᠠᠷᠢᠯᠭ᠎ᠠ ᠶ᠋ᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ 95 ᠲᠦᠮᠡᠨ ᠲᠡᠭ᠌ᠰᠢ ᠳᠥᠷᠪᠡᠯᠵᠢᠨ ᠮᠧᠲ᠋ᠷ ᠬᠡᠷᠡᠭ᠌ᠵᠢᠭᠦᠯᠪᠡ᠃ ᠡᠨᠡ ᠵᠢᠯ ᠤ᠋ᠨ ᠬᠡᠷᠡᠭ᠌ᠵᠢᠭᠦᠯᠦᠭ᠌ᠰᠡᠨ 《ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠪᠡᠬᠢᠵᠢᠭᠦᠯᠦᠨ ᠳᠡᠭᠡᠭ᠌ᠰᠢᠯᠡᠭᠦᠯᠬᠦ ᠠᠵᠢᠯᠯᠠᠭ᠎ᠠ ᠪᠡᠷ ᠳᠡᠮᠵᠢᠨ ᠦᠪᠦᠷ ᠮᠤᠨᠭᠭᠤᠯ ᠤ᠋ᠨ ᠳᠤᠯᠠᠭᠠᠯᠠᠭ᠎ᠠ ᠬᠠᠩᠭᠠᠬᠤ ᠵᠢ ᠪᠠᠲᠤᠯᠠᠬᠤ ᠴᠢᠳᠠᠪᠤᠷᠢ ᠤᠯᠠᠮ ᠴᠢᠨᠠᠬᠰᠢᠲᠠ ᠳᠡᠭᠡᠭ᠌ᠰᠢᠯᠡᠪᠡ᠃
《ᠲᠠᠷᠠᠭᠠᠴᠢ ᠪᠡᠷ ᠪᠢᠳᠡ 〈ᠠᠷᠠᠳ ᠢ᠋ ᠰᠤᠷᠪᠤᠯᠵᠢᠯᠠᠵᠤ ᠳᠤᠯᠠᠭᠠᠯᠠᠭ᠎ᠠ ᠶ᠋ᠢᠨ ᠪᠠᠢᠳᠠᠯ ᠢ᠋ ᠤᠢᠯᠠᠭᠠᠬᠤ〉 ᠵᠢ ᠦᠷᠭᠦᠯᠵᠢᠯᠡᠨ ᠥᠷᠨᠢᠭᠦᠯᠵᠦ᠍᠂ ᠳᠤᠯᠠᠭᠠᠯᠠᠭ᠎ᠠ ᠬᠠᠩᠭᠠᠬᠤ ᠠᠵᠤ ᠠᠬᠤᠢᠯᠠᠯ ᠤ᠋ᠨ ᠣᠯᠠᠨ ᠲᠦᠮᠡᠨ ᠤ᠋ ᠲᠤᠰᠭᠠᠭ᠍ᠰᠠᠨ ᠳᠤᠯᠠᠭᠠᠯᠠᠭ᠎ᠠ ᠬᠠᠩᠭᠠᠬᠤ ᠠᠰᠠᠭᠤᠳᠠᠯ ᠢ᠋ ᠴᠠᠭ ᠲᠤᠬᠠᠶ ᠳ᠋ᠤᠨᠢ ᠱᠢᠶ᠋ᠳᠪᠦᠷᠢᠯᠡᠬᠦ᠌ ᠵᠢ ᠱᠠᠯᠠᠪᠳᠠᠭᠤᠯᠤᠨ ᠵᠢᠯᠣᠭᠣᠳᠴᠤ᠌᠂ ᠡᠨᠡ ᠵᠢᠯ ᠤ᠋ᠨ ᠡᠪᠦᠯ ᠪᠠ ᠢᠷᠡᠬᠦ᠌ ᠵᠢᠯ ᠤ᠋ᠨ ᠬᠠᠪᠤᠷ ᠤ᠋ᠨ ᠳᠤᠯᠠᠭᠠᠯᠠᠭ᠎ᠠ ᠬᠠᠩᠭᠠᠬᠤ ᠪᠠᠲᠤᠯᠠᠭ᠎ᠠ ᠪᠠ ᠦᠶ᠋ᠯᠡᠴᠢᠯᠡᠭᠡᠨ ᠤ᠋ ᠠᠵᠢᠯ ᠢ᠋ ᠰᠠᠢᠲᠤᠷ ᠬᠢᠨ᠎ᠠ 》 ᠭᠡᠵᠦ ᠥᠪᠡᠷᠲᠡᠭᠡᠨ ᠵᠠᠰᠠᠬᠤ ᠣᠷᠣᠨ ᠤ᠋ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠶ᠋ᠢᠨ ᠲᠢᠩᠬᠢᠮ ᠤ᠋ᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠲᠠᠨᠢᠯᠴᠠᠭᠤᠯᠪᠠ᠃