ᠬᠡᠷᠡᠭᠯᠡᠭᠡ᠎ᠵᠢᠨ ᠲᠣᠮᠣ᠌ ᠤᠯᠤᠰ᠎ᠢ ᠪᠠᠶ᠋ᠢᠭᠤᠯᠬᠤ᠎ᠳᠤ ᠪᠠᠰᠠ ᠶᠠᠭᠤ ᠬᠢᠬᠦ ᠴᠢᠬᠤᠯᠠᠲᠠᠢ ᠪᠤᠶ?
2025-10-20 11:08:26
ᠵᠣᠬᠢᠶᠠᠭ᠍ᠴᠢ᠄
ᠰᠢᠶᠦ᠋ᠩ ᠯᠢ
ᠣᠩᠱᠢᠭ᠍ᠰᠠᠨ ᠣᠳᠠᠭ᠎ᠠ᠄
★★★☆☆

ᠤᠯᠤᠰ᠎ᠤᠨ ᠪᠠᠶᠠᠷ᠂ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ  ᠲᠣᠮᠳᠠᠳᠣ ᠣᠯᠣᠰ᠎ᠦᠨ ᠬᠡᠷᠡᠭᠯᠡᠭᠡ ᠵᠢᠨ ᠵᠠᠬ᠎ᠠ ᠲᠡᠯᠭᠡᠬᠦᠷ ᠯᠣᠳᠣ ᠶᠡᠬᠡ ᠨᠦᠬᠡᠴᠡ ᠬᠦᠴᠦᠨ᠎ᠲᠠᠢ ᠪᠠᠢᠭ᠎ᠠ ᠵᠢ ᠲᠠᠬᠢᠨᠳᠠ ᠢᠯᠡᠷᠡᠬᠦᠯᠪᠡ᠃ ᠲᠣᠮᠳᠠᠳᠣ ᠣᠯᠣᠰ ᠶᠠᠬ ᠰᠠᠶᠢᠬᠠᠨ 《ᠦᠢᠯᠡᠳᠪᠦᠷᠢᠯᠡᠯ᠎ᠦᠨ ᠲᠣᠮᠣ ᠣᠯᠣᠰ》 ᠡᠴᠡ 《ᠬᠡᠷᠡᠭᠯᠡᠭᠡ ᠵᠢᠨ ᠲᠣᠮᠣ ᠣᠯᠣᠰ》ᠲᠡᠢᠰᠢ ᠣᠷᠣᠬᠰᠢᠯᠠᠵᠦ ᠪᠣᠢ᠃ ᠬᠡᠷᠡᠭᠯᠡᠭᠡ ᠵᠢᠨ ᠲᠣᠮᠣ᠌ ᠤᠯᠤᠰ ᠪᠣᠯᠬᠤ᠎ᠳᠤ ᠤᠯᠠᠨ ᠳᠠᠪᠬᠤᠷᠭ᠎ᠠ᠎ᠠᠴᠠ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠴᠢᠬᠤᠯᠠᠲᠠᠢ ᠶᠤᠮ᠃ ᠨᠢᠭᠡ ᠲᠠᠯ᠎ᠠ᠎ᠪᠠᠷ ᠰᠠᠭᠤᠭᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ᠎ᠶᠢᠨ ᠤᠯᠤᠰ ᠠᠷᠠᠳ᠎ᠤᠨ ᠣᠷᠣᠯᠭ᠎ᠠ᠎ᠳᠠᠬᠢ ᠬᠤᠪᠢ᠎ᠶᠢᠨ ᠵᠢᠩ᠎ᠢ ᠬᠦᠴᠦᠯᠡᠨ ᠳᠡᠭᠡᠭᠰᠢᠯᠡᠭᠦᠯᠵᠦ᠂ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠪᠠᠢᠷᠢᠰᠢᠯ᠎ᠢ ᠰᠢᠯᠢᠳᠡᠭᠵᠢᠭᠦᠯᠦᠨ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠴᠢᠩᠭᠠᠳᠬᠠᠬᠤ ᠬᠡᠷᠡᠭᠲᠡᠢ᠃ ᠨᠦᠬᠦᠭᠡ ᠲᠠᠯ᠎ᠠ᠎ᠪᠠᠷ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠦᠷᠭᠦᠯᠵᠢᠯᠡᠨ ᠠᠬᠢᠭᠤᠯᠵᠤ᠂  ᠬᠠᠩᠭᠠᠯᠭ᠎ᠠ ᠬᠡᠷᠡᠭᠴᠡᠭᠡ᠎ᠶᠢᠨ ᠨᠡᠩ ᠥᠨᠳᠥᠷ ᠲᠦᠪᠰᠢᠨ ᠪᠦᠬᠦᠢ ᠬᠥᠳᠡᠯᠦᠩᠭᠦᠢ ᠲᠡᠩᠴᠡᠭᠦᠷᠢ᠎ᠶᠢ ᠪᠡᠶᠡᠯᠡᠭᠦᠯᠬᠦ ᠬᠡᠷᠡᠭᠲᠡᠢ᠃

ᠰᠠᠶᠢᠬᠠᠨ ᠥᠩᠭᠡᠷᠡᠭᠰᠡᠨ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠪᠦᠬᠦ ᠨᠡᠢᠭᠡᠮ᠎ᠦᠨ ᠣᠷᠣᠨ ᠪᠦᠰᠡ ᠠᠯᠤᠰᠯᠠᠨ ᠵᠢᠭᠣᠯᠴᠢᠯᠠᠬᠰᠠᠨ ᠬᠥᠮᠥᠰ᠎ᠦᠨ ᠲᠣᠭ᠎ᠠ 24 ᠳ᠋ᠦᠩᠰᠢᠭᠤᠷ ᠬᠥᠮᠥᠨ ᠤᠳᠠᠭ᠎ᠠ᠎ᠶᠢ ᠳᠠᠪᠠᠵᠤ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃ 8 ᠡᠳᠦᠷ᠎ᠦᠨ ᠳᠣᠲᠣᠷ᠎ᠠ ᠤᠯᠤᠰ᠎ᠤᠨ ᠳᠣᠲᠣᠭᠠᠳᠤ᠎ᠳᠤ 8.88 ᠳ᠋ᠦᠩᠰᠢᠭᠤᠷ ᠬᠥᠮᠥᠨ ᠤᠳᠠᠭ᠎ᠠ ᠵᠢᠭᠤᠯᠴᠢᠯᠠᠵᠤ᠂ 2024 ᠣᠨ᠎ᠤ 7 ᠡᠳᠦᠷ᠎ᠦᠨ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠡᠳᠦᠷ᠎ᠡᠴᠡ 1.23 ᠳ᠋ᠦᠩᠰᠢᠭᠤᠷ ᠬᠥᠮᠥᠨ ᠤᠳᠠᠭ᠎ᠠ ᠨᠡᠮᠡᠭᠳᠡᠪᠡ; ᠤᠯᠤᠰ᠎ᠤᠨ ᠳᠣᠲᠣᠭᠠᠳᠤ᠎ᠶᠢᠨ ᠵᠢᠭᠤᠯᠴᠢᠯᠠᠭᠰᠠᠳ᠎ᠤᠨ ᠪᠥᠬᠥ ᠵᠠᠷᠤᠳᠠᠯ 8090.06 ᠳ᠋ᠦᠩᠰᠢᠭᠤᠷ ᠲᠥᠭᠥᠷᠢᠭ᠎ᠲᠦ ᠬᠦᠷᠴᠦ᠂ 2024 ᠣᠨ᠎ᠤ 7 ᠡᠳᠦᠷ᠎ᠦᠨ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠡᠳᠦᠷ᠎ᠡᠴᠡ 1081.89 ᠳ᠋ᠦᠩᠰᠢᠭᠤᠷ ᠲᠥᠭᠥᠷᠢᠭ ᠨᠡᠮᠡᠭᠳᠡᠪᠡ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠣᠣᠯᠳᠠᠯᠭ᠎ᠠ᠎ᠲᠠᠢ ᠬᠢᠨᠠᠨ ᠬᠡᠮᠵᠢᠭᠰᠡᠨ 78 ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠣᠷᠢᠭ᠋)᠎ᠵᠢᠨ ᠠᠶᠠᠨᠴᠢᠳ᠎ᠤᠨ ᠲᠣᠭ᠎ᠠ᠂ ᠡᠵᠡᠩᠨᠡᠯᠲᠡ᠎ᠶᠢᠨ ᠲᠣᠭ᠎ᠠ ᠨᠢ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 8.8% ᠪᠠ 6.0% ᠎ᠪᠠᠷ ᠨᠡᠮᠡᠭᠳᠡᠪᠡ᠃ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠳᠤᠮᠳᠠᠳᠤ ᠤᠯᠤᠰ᠎ᠤᠨ ᠬᠡᠷᠡᠭᠯᠡᠭᠡ ᠵᠢᠨ ᠵᠠᠬ᠎ᠠ ᠳᠡᠯᠭᠡᠭᠦᠷ᠎ᠦᠨ ᠯᠤᠲᠤ ᠶᠡᠬᠡ ᠨᠥᠭᠡᠴᠡ ᠬᠦᠴᠦᠨ᠎ᠢ ᠳᠠᠬᠢᠨᠲᠠ ᠢᠯᠡᠷᠡᠭᠦᠯᠵᠦ᠂ ᠳᠤᠮᠳᠠᠳᠤ ᠤᠯᠤᠰ ᠶᠠᠭ 《ᠦᠢᠯᠡᠳᠪᠦᠷᠢᠯᠡᠯ᠎ᠦᠨ ᠲᠣᠮᠣ᠌ ᠤᠯᠤᠰ》 ᠡᠴᠡ《ᠬᠡᠷᠡᠭᠯᠡᠭᠡ ᠵᠢᠨ ᠲᠣᠮᠣ᠌ ᠤᠯᠤᠰ》 ᠲᠡᠢᠰᠢ ᠯᠠᠪᠳᠠᠭᠤᠨ᠎ᠢᠶᠠᠷ ᠤᠷᠤᠭᠰᠢᠯᠠᠵᠤ ᠪᠠᠢᠨ᠎ᠠ᠃

ᠬᠡᠷᠡᠭᠯᠡᠭᠡ ᠵᠢᠨ ᠲᠣᠮᠣ᠌ ᠤᠯᠤᠰ᠎ᠢ ᠪᠠᠶ᠋ᠢᠭᠤᠯᠬᠤ᠎ᠳᠤ ᠮᠠᠨ᠎ᠤ ᠤᠯᠤᠰ ᠪᠠᠲᠤ ᠪᠡᠬᠢ ᠰᠠᠭᠤᠷᠢ᠎ᠲᠠᠢ ᠶᠤᠮ᠃ ᠮᠠᠨ᠎ᠤ ᠤᠯᠤᠰ 14 ᠳ᠋ᠦᠩᠰᠢᠭᠤᠷ ᠭᠠᠷᠤᠢ ᠬᠥᠮᠥᠨ ᠠᠮᠠ᠎ᠲᠠᠢ᠂ ᠳᠤᠮᠳᠠ ᠵᠡᠷᠭᠡ᠎ᠶᠢᠨ ᠣᠷᠣᠯᠭ᠎ᠠ᠎ᠲᠠᠢ ᠬᠥᠮᠥᠰ 4 ᠳ᠋ᠦᠩᠰᠢᠭᠤᠷ᠎ᠢ ᠳᠠᠪᠠᠵᠤ᠂ ᠨᠡᠢᠭᠡᠮ᠎ᠦᠨ ᠬᠡᠷᠡᠭᠯᠡᠭᠡ ᠵᠢᠨ ᠵᠦᠢᠯ᠎ᠦᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ 50 ᠲᠦᠮᠡᠨ ᠳ᠋ᠦᠩᠰᠢᠭᠤᠷ ᠰᠢᠬᠠᠮ ᠲᠥᠭᠥᠷᠢᠭ᠎ᠲᠦ ᠬᠦᠷᠴᠦ᠂ ᠪᠦᠬᠦ ᠪᠥᠮᠪᠥᠷᠴᠡᠭ᠎ᠦᠨ ᠬᠣᠶᠠᠳᠤᠭᠠᠷ ᠲᠣᠮᠣ᠌ ᠬᠡᠷᠡᠭᠯᠡᠭᠡ ᠵᠢᠨ ᠵᠠᠬ᠎ᠠ ᠳᠡᠯᠭᠡᠭᠦᠷ᠂ ᠨᠢᠭᠡᠳᠦᠭᠡᠷ ᠲᠣᠮᠣ᠌ ᠰᠦᠯᠵᠢᠶᠡᠨ᠎ᠦ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ᠂ ᠬᠣᠶᠠᠳᠤᠭᠠᠷ ᠲᠣᠮᠣ᠌ ᠭᠠᠳᠠᠭᠠᠳᠤ ᠣᠷᠣᠭᠤᠯᠤᠯᠲᠠ᠎ᠶᠢᠨ ᠵᠠᠬ᠎ᠠ ᠳᠡᠯᠭᠡᠭᠦᠷ ᠪᠣᠯᠵᠠᠢ᠃ ᠡᠢᠮᠦᠷᠬᠦᠦ ᠬᠡᠲᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠲᠦ ᠬᠡᠷᠡᠭᠯᠡᠭᠡ ᠵᠢᠨ ᠨᠣᠷᠮ᠎ᠠ᠎ᠶᠢᠨ ᠪᠠᠭ᠎ᠠ ᠰᠠᠭ᠎ᠠ ᠲᠡᠭᠡᠭᠰᠢᠯᠡᠬᠦ ᠨᠢ ᠎ᠴᠤ  ᠯᠤᠲᠤ ᠶᠡᠬᠡ ᠵᠠᠬ᠎ᠠ ᠳᠡᠯᠭᠡᠭᠦᠷ᠎ᠦᠨ ᠨᠡᠮᠡᠭᠳᠡᠯ᠎ᠦᠨ ᠬᠡᠮᠵᠢᠶ᠎ᠡ᠎ᠲᠠᠢ ᠪᠣᠯᠬᠣ ᠵᠢ ᠬᠠᠷᠠᠭᠤᠯᠵᠤ ᠪᠠᠢᠨ᠎ᠠ᠃ ᠮᠠᠨ᠎ᠤ ᠤᠯᠤᠰ᠎ᠤᠨ ᠬᠣᠳᠠ ᠪᠠᠯᠭᠠᠰᠤᠵᠢᠯᠲᠠ ᠵᠢᠨ ᠠᠬᠢᠴᠠ ᠮᠥᠨ ᠯᠡ ᠠᠬᠢᠵᠤ ᠪᠠᠢᠨ᠎ᠠ᠂ ᠲᠡᠭᠦᠨ᠎ᠦ ᠠᠪᠴᠢᠷᠠᠭᠰᠠᠨ ᠴᠤᠭᠯᠠᠷᠠᠯ᠎ᠤᠨ ᠦᠢᠯᠡᠳᠦᠯ ᠪᠠ ᠠᠮᠢᠳᠤᠷᠠᠯ᠎ᠤᠨ ᠠᠷᠭ᠎ᠠ ᠮᠠᠶᠢᠭ᠋᠎ᠤᠨ ᠬᠤᠪᠢᠷᠠᠯᠲᠠ ᠪᠣᠯ ᠬᠡᠷᠡᠭᠯᠡᠭᠡ ᠵᠢᠨ ᠥᠷᠭᠡᠳᠬᠡᠯ᠎ᠦᠨ ᠦᠷᠭᠦᠯᠵᠢᠯᠡᠬᠰᠡᠨ ᠬᠥᠳᠡᠯᠭᠡᠭᠴᠢ ᠬᠦᠴᠦᠨ ᠮᠥᠨ᠃

ᠦᠢᠯᠡᠴᠢᠯᠡᠭᠡ ᠵᠢᠨ ᠬᠡᠷᠡᠭᠯᠡᠭᠡ᠎ᠶᠢᠨ ᠲᠦᠷᠭᠡᠨ ᠨᠡᠮᠡᠭᠳᠡᠯ ᠨᠢ ᠬᠥᠮᠥᠰ᠎ᠦᠨ ᠠᠩᠬᠠᠷᠤᠯ᠎ᠢ ᠲᠠᠲᠠᠵᠤ ᠪᠠᠢᠨ᠎ᠠ᠃ ᠰᠣᠶᠣᠯ ᠵᠢᠭᠤᠯᠴᠢᠯᠠᠯ᠂ ᠪᠡᠶ᠎ᠡ᠎ᠶᠢᠨ ᠲᠠᠮᠢᠷ ᠡᠷᠡᠭᠦᠯ ᠮᠡᠨᠳᠤ᠂ ᠡᠮ ᠡᠮᠨᠡᠯᠭᠡ ᠡᠷᠡᠭᠦᠯᠵᠢᠯ ᠰᠤᠪᠢᠯᠠᠯᠲᠠ ᠵᠡᠷᠭᠡ ᠬᠦᠷᠢᠶᠡᠨ᠎ᠳᠦ ᠥᠷᠨᠢᠩᠭᠦᠢ ᠬᠥᠭᠵᠢᠵᠦ᠂ ᠬᠡᠷᠡᠭᠯᠡᠭᠡ ᠨᠢ ᠪᠠᠷᠠᠭ᠎ᠠ ᠲᠠᠸᠡᠷ ᠬᠣᠳᠠᠯᠳᠣᠨ ᠠᠪᠬᠣ ᠲᠦᠬᠦᠮᠬᠡᠨ ᠶᠠᠪᠣᠳᠠᠯ ᠪᠢᠰᠢ᠂ ᠬᠠᠷᠢᠨ ᠨᠢᠭᠡ ᠵᠦᠢᠯ᠎ᠦᠨ ᠠᠮᠢᠳᠤᠷᠠᠯ᠎ᠤᠨ ᠠᠷᠭ᠎ᠠ ᠮᠠᠶᠢᠭ᠋᠎ᠤᠨ ᠢᠯᠡᠷᠡᠯ ᠪᠣᠯᠵᠤ ᠬᠤᠪᠢᠷᠠᠪᠠ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠮᠠᠨ᠎ᠤ ᠤᠯᠤᠰ᠎ᠤᠨ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ᠂ ᠵᠠᠮ ᠬᠠᠷᠢᠯᠴᠠᠭ᠎ᠠ ᠴᠢᠮᠡᠭᠡ ᠬᠣᠯᠪᠣᠭ᠎ᠠ᠂ ᠡᠮ ᠡᠮᠨᠡᠯᠭᠡ ᠡᠷᠡᠭᠦᠯᠵᠢᠯ ᠵᠡᠷᠭᠡ ᠬᠥᠭᠵᠢᠯᠲᠡ᠎ᠶᠢᠨ ᠬᠡᠯᠪᠡᠷᠢ᠎ᠶᠢᠨ ᠬᠡᠷᠡᠭᠯᠡᠭᠡ᠎ᠵᠢᠨ ᠵᠠᠷᠤᠯᠭ᠎ᠠ ᠨᠡᠯᠢᠶᠡᠳ ᠲᠦᠷᠭᠡᠨ ᠨᠡᠮᠡᠭᠳᠡᠵᠦ᠂ 2021 ᠣᠨ᠎ᠠᠴᠠ 2024 ᠣᠨ ᠪᠣᠯᠲᠠᠯ᠎ᠠ ᠵᠢᠯ ᠳᠤᠮᠳᠠᠴᠢ᠎ᠪᠠᠷ 10% ᠎ᠪᠠᠷ ᠨᠡᠮᠡᠭᠳᠡᠪᠡ; ᠰᠠᠭᠤᠭᠠᠯᠢ ᠠᠷᠠᠳ᠎ᠤᠨ ᠦᠢᠯᠡᠴᠢᠯᠡᠭᠡᠨ᠎ᠦ ᠴᠢᠨᠠᠷᠲᠠᠢ ᠬᠡᠷᠡᠭᠯᠡᠭᠡ᠎ᠵᠢᠨ ᠵᠠᠷᠤᠯᠭ᠎ᠠ ᠵᠢᠯ ᠳᠤᠮᠳᠠᠴᠢ᠎ᠪᠠᠷ 9.5% ᠪᠡᠷ ᠨᠡᠮᠡᠭᠳᠡᠵᠦ᠂ ᠲᠠᠸᠠᠷ᠎ᠤᠨ ᠴᠢᠨᠠᠷᠲᠠᠢ ᠬᠡᠷᠡᠭᠯᠡᠭᠡ ᠵᠢᠨ᠎ᠵᠠᠷᠤᠯᠭ᠎ᠠ᠎ᠠᠴᠠ  ᠵᠠᠭᠣᠨ᠎ᠦ ᠬᠣᠪᠢ ᠪᠡᠷ 3.8 ᠬᠣᠪᠢ ᠢᠯᠡᠬᠦᠦ ᠪᠣᠯᠪᠠ᠃

ᠬᠡᠷᠡᠭᠯᠡᠭᠡ ᠵᠢᠨ ᠰᠢᠨ᠎ᠡ ᠬᠥᠳᠡᠯᠭᠡᠭᠴᠢ ᠡᠨᠧᠷᠭᠢ᠎ᠶᠢᠨ ᠪᠣᠶ᠋ᠢᠵᠢᠯᠲᠠ ᠲᠦᠷᠭᠡᠨ ᠠᠬᠢᠪᠠ᠃ ᠲᠣᠭᠠᠴᠢᠯᠠᠭᠰᠠᠨ ᠬᠡᠷᠡᠭᠯᠡᠭᠡ ᠨᠢ ᠰᠢᠨ᠎ᠡ᠎ᠪᠡᠷ ᠮᠠᠨᠳᠤᠭᠰᠠᠨ ᠨᠡᠮᠡᠭᠳᠡᠯ᠎ᠦᠨ ᠴᠡᠭ ᠪᠣᠯᠵᠤ᠂ ᠵᠣᠬᠢᠶᠠᠮᠠᠯ ᠣᠶᠤᠨ ᠴᠢᠳᠠᠪᠤᠷᠢ᠂ ᠬᠡᠢᠰᠪᠦᠷᠢ ᠪᠣᠳᠠᠲᠤ ᠠᠬᠤᠢ ᠵᠡᠷᠭᠡ ᠮᠡᠳᠡᠭᠡ ᠵᠠᠩᠭᠢ᠎ᠶᠢᠨ ᠮᠡᠷᠭᠡᠵᠢᠯ ᠪᠣᠯᠣᠨ ᠤᠯᠠᠮᠵᠢᠯᠠᠯᠲᠤ ᠬᠡᠷᠡᠭᠯᠡᠭᠡ ᠵᠢᠨ ᠠᠬᠤᠢ ᠪᠠᠢᠳᠠᠯ ᠭᠦᠨᠵᠡᠭᠡᠢ ᠠᠭᠤᠰᠤᠯᠴᠠᠵᠤ᠂ ᠡᠯᠧᠺᠲᠷᠣᠨ ᠬᠤᠳᠠᠯᠳᠤᠭ᠎ᠠ᠂ ᠰᠢᠭᠤᠳ ᠨᠡᠪᠲᠡᠷᠡᠭᠦᠯᠭᠡ᠎ᠪᠡᠷ ᠵᠢᠵᠢᠭᠯᠡᠨ ᠬᠤᠳᠠᠯᠳᠤᠬᠤ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ ᠨᠢ ᠬᠡᠷᠡᠭᠯᠡᠭᠡ ᠵᠢᠨ ᠰᠢᠨ᠎ᠡ ᠪᠠᠢᠳᠠᠯ᠎ᠢ ᠡᠭᠦᠳᠦᠭᠰᠡᠨ᠎ᠢᠶᠡᠷ ᠪᠠᠷᠠᠬᠤ ᠦᠭᠡᠢ ᠠᠷᠠᠯᠵᠢᠶᠠᠨ᠎ᠤ ᠦᠷ᠎ᠡ ᠪᠦᠲᠦᠮᠵᠢ᠎ᠶᠢ ᠴᠦ᠍ ᠶᠡᠬᠡ᠎ᠪᠡᠷ ᠳᠡᠭᠡᠭᠰᠢᠯᠡᠭᠦᠯᠵᠦ᠂ ᠬᠡᠷᠡᠭᠯᠡᠭᠡ ᠵᠢᠨ ᠨᠡᠮᠡᠭᠳᠡᠯ᠎ᠦᠨ 《ᠲᠣᠮᠣᠷᠠᠭᠣᠯᠣᠭᠴᠢ》 ᠪᠣᠯᠵᠠᠢ᠃ ᠪᠣᠬᠢᠷᠲᠤᠯ ᠦᠭᠡᠢ ᠬᠡᠷᠡᠭᠯᠡᠭᠡ ᠵᠢᠨ ᠣᠢᠯᠠᠭᠠᠭᠳᠠᠬᠤᠨ ᠠᠯᠬᠤᠮ ᠠᠯᠬᠤᠮ᠎ᠢᠶᠠᠷ ᠲᠦᠭᠡᠮᠡᠯᠵᠢᠵᠦ᠂ ᠰᠢᠨ᠎ᠡ ᠡᠨᠧᠷᠭᠢ᠎ᠶᠢᠨ ᠮᠠᠰᠢᠨ ᠲᠡᠷᠭᠡ᠂ ᠡᠨᠧᠷᠭᠢ ᠠᠷᠪᠢᠯᠠᠬᠤ ᠭᠡᠷ᠎ᠦᠨ ᠴᠠᠬᠢᠯᠭᠠᠨ ᠬᠡᠷᠡᠭᠰᠡᠯ ᠵᠡᠷᠭᠡ ᠲᠠᠸᠠᠷ ᠬᠥᠮᠥᠰ᠎ᠦᠨ ᠬᠦᠷᠢᠶᠡᠯᠡᠯ᠎ᠢ ᠣᠯᠵᠤ ᠪᠠᠢᠨ᠎ᠠ᠃

ᠤᠯᠠᠨ ᠤᠯᠤᠰ᠎ᠤᠨ ᠲᠤᠷᠰᠢᠯᠭ᠎ᠠ᠎ᠠᠴᠠ ᠦᠵᠡᠪᠡᠯ᠂ ᠬᠥᠮᠥᠨ ᠳᠤᠮᠳᠠᠴᠢ᠎ᠶᠢᠨ GDP  ᠲᠦᠮᠡᠨ ᠳ᠋ᠣᠯᠯᠠᠷ᠎ᠢ ᠳᠠᠪᠠᠭᠰᠠᠨ᠎ᠤ ᠲᠠᠷᠠᠭ᠎ᠠ᠂ ᠬᠡᠷᠡᠭᠯᠡᠭᠡ ᠵᠢᠨ ᠲᠡᠰ ᠳᠡᠪᠰᠢᠬᠦ᠎ᠶᠢ ᠦᠷᠭᠦᠯᠵᠢᠯᠡᠨ ᠠᠬᠢᠭᠤᠯᠬᠤ ᠪᠣᠯᠣᠨ᠎ᠠ᠂ ᠭᠡᠲᠡᠯ᠎ᠡ ᠮᠠᠨ᠎ᠤ ᠤᠯᠤᠰ᠎ᠤᠨ ᠬᠥᠮᠥᠨ ᠳᠤᠮᠳᠠᠴᠢ᠎ᠶᠢᠨ GDP ᠬᠣᠶᠠᠷ ᠵᠢᠯ ᠳᠠᠷᠠᠭᠠᠯᠠᠨ 1.3 ᠲᠦᠮᠡᠨ ᠳ᠋ᠣᠯᠯᠠᠷ᠎ᠠᠴᠠ ᠳᠡᠭᠡᠭᠰᠢ᠎ᠳᠦ ᠲᠣᠭᠲᠠᠪᠤᠷᠢᠵᠢᠭ᠍ᠰᠠᠨ ᠪᠠᠢᠨ᠎ᠠ᠃ ᠲᠦᠷᠦ᠎ᠶᠢᠨ ᠪᠣᠳᠣᠯᠭ᠎ᠠ᠎ᠶᠢᠨ ᠳᠠᠪᠬᠤᠷᠭ᠎ᠠ᠎ᠳᠤ᠂ ᠮᠠᠨ᠎ᠤ ᠤᠯᠤᠰ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠵᠦ᠂ ᠪᠦᠷᠢᠨ ᠪᠦᠲᠦᠨ ᠳᠣᠲᠣᠭᠠᠳᠤ ᠬᠡᠷᠡᠭᠴᠡᠭᠡ᠎ᠶᠢᠨ ᠰᠢᠰᠲᠧᠮ᠎ᠢ ᠲᠦᠷᠭᠡᠨ ᠪᠣᠢᠵᠢᠭᠤᠯᠵᠤ᠂ ᠣᠢᠷ᠎ᠠ᠎ᠶᠢᠨ ᠵᠢᠯ᠎ᠡᠴᠡ ᠬᠡᠷᠡᠭᠯᠡᠭᠡ᠎ᠶᠢᠨ ᠠᠵᠤ ᠠᠬᠤᠢ᠎ᠶᠢᠨ ᠨᠡᠮᠡᠭᠳᠡᠯ᠎ᠳᠦ ᠦᠵᠡᠭᠦᠯᠬᠦ ᠬᠤᠪᠢ ᠨᠡᠮᠡᠷᠢ᠎ᠶᠢᠨ ᠨᠤᠷᠮ᠎ᠠ ᠦᠷᠭᠦᠯᠵᠢᠯᠡᠨ ᠳᠡᠭᠡᠭᠰᠢᠯᠡᠪᠡ᠃ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠭᠦᠨᠵᠡᠭᠡᠢ ᠠᠬᠢᠭᠤᠯᠵᠤ᠂ ᠪᠦᠬᠦ ᠪᠥᠮᠪᠥᠷᠴᠡᠭ᠎ᠦᠨ ᠨᠥᠯᠥᠭᠡᠯᠡᠬᠦ ᠬᠦᠴᠦᠨ᠎ᠲᠠᠢ ᠨᠢᠭᠡ ᠪᠦᠯᠦᠭ ᠳᠤᠮᠳᠠᠳᠤ ᠤᠯᠤᠰ᠎ᠤᠨ ᠲᠦᠷᠦᠯ ᠲᠡᠮᠳᠡᠭ ᠶᠠᠭ ᠬᠥᠭᠵᠢᠨ ᠮᠠᠨᠳᠤᠵᠤ ᠪᠠᠢᠨ᠎ᠠ᠃ ᠤᠯᠤᠰ᠎ᠤᠨ ᠪᠠᠶᠠᠷ᠂ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ᠂ ᠦᠢᠯᠡᠴᠢᠯᠡᠭᠡ᠎ᠶᠢ ᠪᠡᠶᠡᠴᠢᠯᠡᠨ ᠣᠢᠯᠠᠭᠠᠬᠤ ᠲᠥᠷᠥᠯ᠎ᠦᠨ ᠬᠡᠷᠡᠭᠯᠡᠭᠡ᠂ ᠪᠣᠬᠢᠷᠲᠤᠯ ᠦᠭᠡᠢ ᠣᠶᠤᠨᠴᠢ ᠲᠠᠸᠠᠷ᠂  ᠤᠷᠤᠰᠬᠠᠯ᠎ᠪᠣᠯᠵᠦ ᠪᠠᠢᠭ᠎ᠠ ᠬᠡᠷᠡᠭᠯᠡᠭᠡ ᠨᠢ ᠭᠣᠣᠯ ᠬᠢᠯᠠᠰ ᠴᠡᠭ ᠪᠣᠯᠵᠤ᠂ ᠬᠡᠷᠡᠭᠯᠡᠭᠡ ᠵᠢᠨ ᠵᠠᠬ᠎ᠠ ᠳᠡᠯᠭᠡᠭᠦᠷ᠎ᠦᠨ ᠬᠡᠪᠴᠢᠶ᠎ᠡ᠎ᠪᠡᠨ ᠥᠷᠭᠡᠳᠬᠡᠵᠦ ᠪᠠᠢᠭᠰᠠᠨ᠎ᠠᠴᠠ ᠶᠠᠰᠤ ᠴᠢᠨᠠᠷ᠎ᠢᠶᠠᠨ ᠳᠡᠭᠡᠭᠰᠢᠯᠡᠭᠦᠯᠬᠦ ᠳᠠᠢᠰᠢ ᠬᠡᠯᠪᠡᠷᠢ᠎ᠪᠡᠨ ᠬᠤᠪᠢᠷᠠᠭᠤᠯᠤᠭᠰᠠᠨ᠎ᠤ ᠠᠮᠢᠳᠤᠯᠢᠭ᠋ ᠵᠢᠷᠤᠭᠯᠠᠯ ᠪᠣᠯᠤᠭᠰᠠᠨ ᠪᠠᠢᠨ᠎ᠠ᠃

《ᠬᠡᠷᠡᠭᠯᠡᠭᠡ ᠵᠢᠨ ᠲᠣᠮᠣ᠌ ᠤᠯᠤᠰ》 ᠬᠡᠮᠡᠭᠳᠡᠭᠰᠡᠨ ᠤᠯᠤᠰ ᠨᠢ ᠬᠡᠷᠡᠭᠯᠡᠭᠡ ᠵᠢᠨ ᠶᠡᠷᠦᠩᠬᠡᠢ ᠬᠡᠮᠵᠢᠶ᠎ᠡ ᠶᠡᠬᠡ ᠪᠠᠢᠬᠤ᠎ᠪᠠᠷ ᠪᠠᠷᠠᠬᠤ ᠦᠭᠡᠢ᠂ ᠨᠡᠩ ᠴᠤ᠌ ᠪᠦᠲᠦᠴᠡ᠎ᠶᠢᠨ ᠴᠢᠨᠠᠷᠲᠠᠢ ᠪᠠ ᠶᠠᠰᠤ ᠴᠢᠨᠠᠷ᠎ᠤᠨ ᠴᠢᠨᠠᠷᠲᠠᠢ ᠤᠬᠠᠭᠳᠠᠬᠤᠨ ᠪᠣᠯᠵᠤ᠂ ᠨᠢᠭᠡ ᠵᠦᠢᠯ᠎ᠦᠨ ᠠᠵᠤ ᠠᠬᠤᠢ᠎ᠶᠢᠨ ᠨᠡᠮᠡᠭᠳᠡᠯ ᠨᠢ ᠤᠯᠤᠰ᠎ᠤᠨ ᠳᠣᠲᠣᠭᠠᠳᠤ᠎ᠶᠢᠨ ᠬᠡᠷᠡᠭᠯᠡᠭᠡ ᠢᠯᠠᠩᠭᠤᠶ᠎ᠠ ᠰᠠᠭᠤᠭᠠᠯᠢ ᠠᠷᠠᠳ᠎ᠤᠨ ᠬᠡᠷᠡᠭᠯᠡᠭᠡ᠎ᠪᠡᠷ ᠬᠥᠳᠡᠯᠭᠡᠭᠦᠷ ᠪᠣᠯᠭᠠᠭᠰᠠᠨ ᠬᠥᠭᠵᠢᠯᠲᠡ᠎ᠶᠢᠨ ᠬᠡᠪ ᠵᠠᠭᠪᠤᠷ᠎ᠢ ᠵᠢᠭᠠᠳᠠᠭ᠃ ᠤᠯᠠᠨ ᠤᠯᠤᠰ᠎ᠤᠨ ᠲᠤᠷᠰᠢᠯᠭ᠎ᠠ᠎ᠠᠴᠠ ᠦᠵᠡᠪᠡᠯ᠂ ᠬᠡᠷᠡᠭᠯᠡᠭᠡ ᠵᠢᠨ ᠲᠣᠮᠣ᠌ ᠤᠯᠤᠰ᠎ᠤᠨ ᠡᠴᠦᠰ᠎ᠦᠨ ᠬᠡᠷᠡᠭᠯᠡᠭᠡ ᠵᠢᠨ ᠵᠠᠷᠤᠯᠭ᠎ᠠ᠎ᠶᠢᠨ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠪᠦᠬᠦ ᠦᠷᠳᠡᠭ᠎ᠲᠦ ᠡᠵᠡᠯᠡᠬᠦ ᠬᠤᠪᠢ᠎ᠶᠢᠨ ᠵᠢᠩ ᠨᠡᠯᠢᠶᠡᠳ ᠥᠨᠳᠥᠷ ᠪᠠᠢᠵᠤ᠂ ᠶᠡᠷᠦ᠎ᠳᠡᠭᠡᠨ ᠦᠷᠭᠦᠯᠵᠢᠯᠡᠨ 60% ᠡᠴᠡ ᠳᠡᠭᠡᠭᠰᠢ ᠲᠣᠭᠲᠠᠭᠤᠨ ᠪᠠᠢᠳᠠᠭ᠃ ᠲᠡᠷᠡᠴᠢᠯᠡᠨ ᠬᠡᠷᠡᠭᠯᠡᠭᠡ ᠵᠢᠨ ᠪᠦᠲᠦᠴᠡ ᠳᠡᠭᠡᠳᠦ ᠬᠡᠮᠵᠢᠶ᠎ᠡ᠎ᠪᠡᠷ ᠰᠢᠯᠢᠳᠡᠭᠵᠢᠵᠦ᠂ ᠦᠢᠯᠡᠴᠢᠯᠡᠭᠡᠨ᠎ᠦ ᠬᠡᠷᠡᠭᠯᠡᠭᠡ ᠭᠣᠣᠯᠯᠠᠬᠤ ᠪᠠᠢᠷᠢ᠎ᠶᠢ ᠡᠵᠡᠯᠡᠪᠡ; ᠪᠣᠯᠪᠠᠰᠤᠷᠠᠩᠭᠤᠢ᠂ ᠰᠢᠨ᠎ᠡ᠎ᠶᠢ ᠡᠭᠦᠳᠬᠦ ᠪᠠ ᠨᠡᠭᠡᠭᠡᠯᠲᠡ᠎ᠲᠠᠢ ᠬᠡᠷᠡᠭᠯᠡᠭᠡ᠎ᠵᠢᠨ ᠣᠷᠴᠢᠨ ᠲᠣᠭᠣᠷᠢᠨ᠎ᠲᠠᠢ ᠪᠠᠢᠵᠤ᠂ ᠪᠥᠬᠥ ᠪᠥᠮᠪᠥᠷᠴᠡᠭ᠎ᠲᠦ ᠨᠥᠯᠥᠭᠡᠯᠡᠬᠦ ᠬᠦᠴᠦᠨ᠎ᠲᠠᠢ ᠲᠥᠷᠥᠯ ᠲᠡᠮᠳᠡᠭ᠎ᠢ ᠪᠣᠶ ᠪᠣᠯᠭᠠᠵᠤ᠂ ᠪᠥᠬᠥ ᠪᠥᠮᠪᠥᠷᠴᠡᠭ᠎ᠦᠨ ᠬᠡᠷᠡᠭᠯᠡᠭᠡ ᠵᠢᠨ ᠬᠠᠨᠳᠤᠰᠢ᠎ᠶᠢᠨ ᠴᠢᠬᠤᠯᠠ ᠭᠣᠯᠣᠮᠲᠠ ᠣᠷᠣᠨ᠎ᠤ ᠨᠢᠭᠡ ᠪᠣᠯᠵᠤ ᠴᠢᠳᠠᠨ᠎ᠠ᠃ ᠭᠠᠳᠠᠭᠠᠳᠤ ᠠᠵᠤ ᠠᠬᠤᠢ᠎ᠶᠢᠨ ᠳᠠᠭᠠᠷᠢᠯᠲᠠ᠎ᠳᠤ ᠤᠴᠠᠷᠠᠬᠤ ᠦᠶ᠎ᠡ᠎ᠳᠦ᠂ ᠬᠡᠷᠡᠭᠯᠡᠭᠡ ᠵᠢᠨ ᠲᠣᠮᠣ᠌ ᠤᠯᠤᠰ᠎ᠤᠨ ᠯᠤᠲᠤ ᠶᠡᠬᠡ ᠳᠣᠲᠣᠭᠠᠳᠤ ᠬᠡᠷᠡᠭᠴᠡᠭᠡ᠎ᠶᠢᠨ ᠵᠠᠬ᠎ᠠ ᠳᠡᠯᠭᠡᠭᠦᠷ ᠨᠢ ᠭᠠᠳᠠᠭᠠᠳᠤ ᠬᠡᠯᠪᠡᠯᠵᠡᠯ᠎ᠢ ᠪᠦᠲᠦᠮᠵᠢᠲᠡᠢ᠎ᠪᠡᠷ ᠨᠠᠮᠳᠠᠭᠤᠯᠵᠤ ᠴᠢᠳᠠᠨ᠎ᠠ᠃

ᠭᠡᠲᠡᠯ᠎ᠡ 《ᠬᠡᠷᠡᠭᠯᠡᠭᠡ᠎ᠵᠢᠨ ᠲᠣᠮᠣ᠌ ᠤᠯᠤᠰ》 ᠎ᠤᠨ ᠪᠣᠱᠣᠭ᠎ᠠ᠎ᠶᠢ ᠳᠠᠪᠠᠬᠤ᠎ᠳᠤ ᠮᠥᠨ ᠯᠡ ᠴᠥᠭᠡᠨ ᠪᠤᠰᠤ  ᠬᠦᠴᠢᠷᠳᠡᠯ᠎ᠳᠦ ᠲᠤᠯᠭᠠᠷᠠᠵᠤ ᠪᠠᠢᠨ᠎ᠠ᠃ ᠭᠣᠣᠯᠳᠠᠭᠤ ᠮᠠᠨ᠎ᠤ ᠤᠯᠤᠰ᠎ᠤᠨ ᠰᠠᠭᠤᠭᠠᠯᠢ ᠠᠷᠠᠳ᠎ᠤᠨ ᠬᠡᠷᠡᠭᠯᠡᠭᠡ ᠵᠢᠨ ᠨᠤᠷᠮ᠎ᠠ ᠳᠣᠣᠷ᠎ᠠ᠂ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠪᠠᠢᠷᠢᠰᠢᠯ᠎ᠢ ᠰᠢᠯᠢᠳᠡᠭᠵᠢᠭᠦᠯᠬᠦ ᠴᠢᠬᠤᠯᠠᠲᠠᠢ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠮᠥᠨ ᠲᠡᠭᠦᠯᠳᠡᠷᠵᠢᠭᠦᠯᠬᠦ ᠴᠢᠬᠤᠯᠠᠲᠠᠢ᠂ ᠰᠠᠭᠤᠭᠠᠯᠢ ᠠᠷᠠᠳ᠎ᠤᠨ ᠬᠡᠷᠡᠭᠯᠡᠭᠡ ᠵᠢᠨ ᠴᠢᠳᠠᠪᠤᠷᠢ ᠪᠠ ᠬᠡᠷᠡᠭᠯᠡᠭᠡ ᠵᠢᠨ ᠢᠲᠡᠭᠡᠯ᠎ᠢ ᠮᠥᠨ ᠬᠦ᠌ ᠴᠢᠩᠭᠠᠳᠬᠠᠬᠤ ᠴᠢᠬᠤᠯᠠᠲᠠᠢ ᠪᠠᠢᠬᠤ ᠳᠡᠭᠡᠷ᠎ᠡ ᠢᠯᠡᠷᠡᠵᠦ ᠪᠠᠢᠨ᠎ᠠ᠃ ᠳᠡᠯᠡᠬᠡᠢ᠎ᠶᠢᠨ ᠬᠠᠷᠢᠴᠠᠭᠤᠯᠤᠭᠰᠠᠨ ᠬᠠᠷᠠᠭᠠᠰᠤ ᠡᠴᠡ ᠦᠵᠡᠪᠡᠯ᠂ ᠮᠠᠨ᠎ᠤ ᠤᠯᠤᠰ ᠪᠣᠳᠠᠲᠠᠢ ᠵᠦᠢᠯᠡᠰ ᠎ᠦᠨ ᠬᠡᠷᠡᠭᠯᠡᠭᠡ ᠵᠢᠨ ᠬᠡᠮᠵᠢᠶᠡᠨ᠎ᠦ ᠲᠠᠯ᠎ᠠ᠎ᠪᠠᠷ ᠨᠢᠭᠡᠨᠲᠡ ᠳᠡᠯᠡᠬᠡᠢ᠎ᠶᠢᠨ ᠲᠡᠷᠢᠭᠦᠨ᠎ᠦ ᠡᠩᠨᠡᠭᠡᠨ᠎ᠳᠦ ᠣᠷᠣᠭᠰᠠᠨ ᠪᠣᠯᠪᠠᠴᠤ ᠦᠢᠯᠡᠴᠢᠯᠡᠭᠡᠨ᠎ᠦ ᠬᠡᠷᠡᠭᠯᠡᠭᠡ ᠵᠢᠨ ᠬᠦᠷᠢᠶᠡᠨ᠎ᠳᠦ ᠬᠥᠭᠵᠢᠭᠰᠡᠨ ᠤᠯᠤᠰ᠎ᠲᠠᠢ ᠮᠥᠨ ᠯᠡ ᠨᠡᠯᠢᠶᠡᠳ ᠶᠡᠬᠡ ᠵᠥᠷᠢᠶ᠎ᠡ᠎ᠲᠠᠢ ᠪᠠᠢᠨ᠎ᠠ᠃ ᠬᠡᠰᠡᠭ ᠳᠡᠭᠡᠳᠦ ᠲᠡᠰ᠎ᠤᠨ ᠦᠢᠯᠡᠳᠬᠦ ᠦᠢᠯᠡᠰ᠂ ᠴᠢᠨᠠᠷ ᠰᠠᠢᠲᠠᠢ ᠦᠢᠯᠡᠴᠢᠯᠡᠭᠡ ᠵᠡᠷᠭᠡ ᠬᠦᠷᠢᠶᠡᠨ᠎ᠳᠡᠬᠢ ᠪᠦᠲᠦᠮᠵᠢᠲᠡᠢ ᠬᠠᠩᠭᠠᠯᠭ᠎ᠠ ᠮᠥᠨ ᠯᠡ ᠬᠦᠷᠦᠯᠴᠡᠬᠦ ᠦᠭᠡᠢ ᠪᠠᠢᠵᠤ᠂ ᠬᠡᠷᠡᠭᠯᠡᠭᠡ ᠵᠢᠨ ᠬᠦᠴᠦᠨ᠎ᠢ ᠭᠠᠳᠠᠭ᠍ᠰᠢ ᠰᠢᠯᠵᠢᠭᠦᠯᠪᠡ᠃

ᠬᠡᠷᠡᠭᠯᠡᠭᠡ ᠵᠢᠨ ᠲᠣᠮᠣ᠌ ᠤᠯᠤᠰ ᠪᠣᠯᠬᠤ᠎ᠳᠤ ᠤᠯᠠᠨ ᠳᠠᠪᠬᠤᠷᠭ᠎ᠠ᠎ᠠᠴᠠ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠴᠢᠬᠤᠯᠠᠲᠠᠢ ᠶᠤᠮ᠃ ᠨᠢᠭᠡ ᠲᠠᠯ᠎ᠠ᠎ᠪᠠᠷ ᠰᠠᠭᠤᠭᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ᠎ᠶᠢᠨ ᠤᠯᠤᠰ ᠠᠷᠠᠳ᠎ᠤᠨ ᠣᠷᠣᠯᠭ᠎ᠠ᠎ᠳᠠᠬᠢ ᠬᠤᠪᠢ᠎ᠶᠢᠨ ᠵᠢᠩ᠎ᠢ ᠬᠦᠴᠦᠯᠡᠨ ᠳᠡᠭᠡᠭᠰᠢᠯᠡᠭᠦᠯᠵᠦ᠂ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠪᠠᠢᠷᠢᠰᠢᠯ᠎ᠢ ᠰᠢᠯᠢᠳᠡᠭᠵᠢᠭᠦᠯᠦᠨ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠴᠢᠩᠭᠠᠳᠬᠠᠵᠤ᠂ ᠤᠯᠠᠨ ᠲᠦᠮᠡᠨ᠎ᠢ ᠬᠡᠷᠡᠭᠯᠡᠭᠡ ᠬᠢᠬᠦ᠂ ᠵᠣᠷᠢᠭ᠍ᠲᠠᠢ ᠬᠡᠷᠡᠭᠯᠡᠬᠦ᠂ ᠳᠤᠷᠠᠲᠠᠶ᠎ᠠ ᠬᠡᠷᠡᠭᠯᠡᠬᠦ ᠪᠣᠯᠭᠠᠬᠤ ᠬᠡᠷᠡᠭᠲᠡᠢ᠃ ᠨᠦᠬᠦᠭᠡ ᠲᠠᠯ᠎ᠠ᠎ᠪᠠᠷ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠦᠷᠭᠦᠯᠵᠢᠯᠡᠨ ᠠᠬᠢᠭᠤᠯᠵᠤ᠂ ᠬᠠᠩᠭᠠᠯᠭ᠎ᠠ᠎ᠶᠢᠨ ᠰᠢᠰᠲᠧᠮ᠎ᠦᠨ ᠵᠣᠬᠢᠴᠠᠬᠤ ᠴᠢᠨᠠᠷ ᠪᠠ ᠠᠮᠢᠳᠤᠯᠢᠭ᠋ ᠴᠢᠨᠠᠷ᠎ᠢ ᠳᠡᠭᠡᠭᠰᠢᠯᠡᠭᠦᠯᠵᠦ᠂ ᠬᠠᠩᠭᠠᠯᠭ᠎ᠠ ᠬᠡᠷᠡᠭᠴᠡᠭᠡ᠎ᠶᠢᠨ ᠨᠡᠩ ᠥᠨᠳᠥᠷ ᠲᠦᠪᠰᠢᠨ ᠪᠦᠬᠦᠢ ᠬᠥᠳᠡᠯᠦᠩᠭᠦᠢ ᠲᠡᠩᠴᠡᠭᠦᠷᠢ᠎ᠶᠢ ᠪᠡᠶᠡᠯᠡᠭᠦᠯᠬᠦ ᠬᠡᠷᠡᠭᠲᠡᠢ᠃ ᠢᠯᠠᠩᠭᠤᠶ᠎ᠠ ᠦᠢᠯᠡᠴᠢᠯᠡᠭᠡᠨ᠎ᠦ ᠦᠢᠯᠡᠰ᠎ᠲᠦ ᠣᠷᠣᠰᠢᠵᠤ ᠪᠠᠢᠭ᠎ᠠ ᠵᠠᠬ᠎ᠠ ᠳᠡᠯᠭᠡᠭᠦᠷ᠎ᠲᠦ ᠣᠷᠣᠬᠤ ᠵᠥᠪᠰᠢᠶᠡᠷᠡᠯ᠎ᠦᠨ ᠪᠡᠬᠢᠯᠡᠯᠲᠡ᠎ᠶᠢ ᠡᠪᠳᠡᠵᠦ᠂ ᠰᠢᠨ᠎ᠡ᠎ᠶᠢ ᠡᠭᠦᠳᠬᠦ᠎ᠶᠢ ᠵᠣᠷᠢᠭ᠍ᠵᠢᠭᠤᠯᠤᠨ᠂ ᠬᠠᠩᠭᠠᠯᠭ᠎ᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠠᠷᠠᠳ ᠤᠯᠠᠨ᠎ᠤ ᠤᠯᠠᠨ ᠶᠠᠩᠵᠤ᠎ᠶᠢᠨ᠂ ᠴᠢᠨᠠᠷ ᠰᠠᠢᠲᠠᠢ ᠬᠡᠷᠡᠭᠯᠡᠭᠡ ᠵᠢᠨ ᠬᠡᠷᠡᠭᠴᠡᠭᠡ᠎ᠶᠢ ᠬᠠᠩᠭᠠᠬᠤ ᠬᠡᠷᠡᠭᠲᠡᠢ᠃

ᠳᠤᠮᠳᠠᠳᠤ ᠤᠯᠤᠰ ᠬᠡᠷᠡᠭᠯᠡᠭᠡ ᠵᠢᠨ ᠲᠣᠮᠣ᠌ ᠤᠯᠤᠰ᠎ᠪᠣᠯᠬᠣ ᠵᠢ ᠪᠡᠶᠡᠯᠡᠬᠦᠯᠬᠦ ᠡᠴᠡ ᠪᠠᠰᠠ ᠬᠡᠳᠦᠢ ᠬᠣᠯᠠ ᠪᠠᠢᠬᠤ ᠪᠤᠢ ? 《ᠬᠡᠮᠵᠢᠶ᠎ᠡ 》 ᠵᠢᠨ ᠲᠠᠯ᠎ᠠ ᠎ᠡᠴᠡ ᠦᠵᠡᠪᠡᠯ ᠬᠣᠯᠠ ᠪᠢᠰᠢ ᠪᠠᠢᠨ᠎ᠠ; 《ᠶᠠᠰᠤ ᠴᠢᠨᠠᠷ》᠎ᠦᠨ ᠲᠠᠯ᠎ᠠ ᠡᠴᠡ ᠦᠵᠡᠪᠡᠯ  ᠮᠥᠨ ᠯᠡ ᠠᠶᠠᠨ ᠵᠠᠮ᠎ᠳᠠᠭᠠᠨ ᠪᠠᠢᠨ᠎ᠠ᠃ ᠬᠡᠷᠡᠭᠯᠡᠭᠡ ᠵᠢᠨ ᠲᠣᠮᠣ ᠣᠯᠣᠰ ᠪᠣᠯᠬᠣ᠎ᠳᠦ ᠮᠠᠨ᠎ᠤ ᠥᠭᠡᠷᠡᠴᠢᠯᠡᠯᠲᠡ᠎ᠶᠢᠨ ᠭᠦᠨᠴᠡ᠂ ᠨᠡᠭᠡᠭᠡᠯᠲᠡ᠎ᠶᠢᠨ ᠥᠷᠭᠡᠴᠡ᠂ ᠰᠢᠨ᠎ᠡ᠎ᠶᠢ ᠡᠭᠦᠳᠬᠦ ᠬᠦᠴᠦᠯᠡᠴᠡ ᠪᠡᠷ ᠲᠣᠭᠲᠠᠭᠠᠭᠳᠠᠨ᠎ᠠ᠃

      — 《ᠠᠵᠦ ᠠᠬᠣᠢ ᠵᠢᠨ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号