ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ ᠵᠢ ᠤᠯᠠᠮ ᠰᠠᠢᠵᠢᠷᠠᠭᠤᠯᠦᠶ᠎ᠡ
2025-10-20 11:12:04
ᠵᠣᠬᠢᠶᠠᠭ᠍ᠴᠢ᠄
ᠵᠣᠣ ᠵᠢᠶᠠ ᠨᠢᠩ
ᠣᠩᠱᠢᠭ᠍ᠰᠠᠨ ᠣᠳᠠᠭ᠎ᠠ᠄
★★★☆☆

ᠬᠤᠪᠴᠠᠰᠤᠨ᠎ᠦ ᠪᠠᠨ ᠶᠡᠬᠡ ᠪᠠᠭ᠎ᠠ ᠵᠢ ᠨᠢ ᠵᠠᠰᠠᠭᠤᠯᠬᠤ ᠭᠡᠪᠡᠯ ᠭᠠᠷ ᠤᠲᠠᠰᠤᠨ᠎ᠤ ᠵᠢᠵᠢᠭ ᠫᠷᠣᠭ᠌ᠷᠠᠮ᠎ᠢ ᠨᠡᠭᠡᠭᠡᠵᠦ ᠦᠢᠷ᠎ᠡ ᠣᠷᠴᠢᠮ᠎ᠤᠨ ᠣᠶᠣᠳᠠᠯ᠎ᠤᠨ ᠳᠡᠯᠭᠡᠭᠦᠷ᠎ᠢ ᠡᠷᠢᠵᠦ ᠤᠯᠤᠭᠠᠳ ᠵᠠᠰᠠᠭᠤᠯᠵᠦ ᠪᠤᠯᠤᠨ᠎ᠠ; ᠭᠡᠷ᠎ᠲᠡᠬᠡᠨ ᠰᠠᠭᠤᠵᠤ ᠠᠰᠠᠷᠠᠭᠤᠯᠬᠤ ᠬᠡᠪᠡᠯ ᠨᠡᠢᠭᠡᠮ ᠲᠣᠭᠣᠷᠢᠭ᠋᠎ᠤᠨ ᠬᠣᠭᠣᠯᠠᠨ ᠭᠡᠷ ᠡᠴᠡ ᠬᠣᠭᠣᠯᠠ ᠬᠦᠷᠭᠡᠯᠭᠡᠵᠦ ᠪᠤᠯᠤᠨ᠎ᠠ; ᠭᠠᠷᠠᠭ᠎ᠤᠨ ᠰᠡᠭᠦᠯᠴᠢ ᠪᠡᠷ ᠰᠣᠷᠣᠯᠴᠠᠶ᠎ᠠ ᠭᠡᠪᠡᠯ ᠨᠡᠢᠭᠡᠮ ᠲᠣᠭᠣᠷᠢᠭ᠋᠎ᠤᠨ ᠦᠢᠯᠡᠴᠢᠯᠡᠭᠡᠨ᠎ᠦ ᠲᠥᠪ᠎ᠦᠨ ᠨᠡᠭᠡᠭᠡᠭᠰᠡᠨ ᠳᠠᠪᠲᠠᠯᠭ᠎ᠠ᠎ᠶᠢᠨ ᠭᠡᠷ 24 ᠴᠠᠭ᠎ᠢᠶᠠᠷ ᠨᠡᠭᠡᠭᠡᠯᠳᠡᠳᠡᠢ ᠪᠠᠢᠳᠠᠭ ᠁  ᠣᠳᠣᠬᠠᠨ᠎ᠳᠤ ᠡᠯ᠎ᠡ ᠭᠠᠵᠠᠷ᠎ᠦᠨ ᠬᠦᠮᠦᠰ  ᠬᠡᠷ᠎ᠦᠨ ᠬᠢᠨᠢ ᠣᠢᠷᠠᠯᠴᠠᠭ᠎ᠠ ᠪᠣᠶᠣ ᠬᠡᠷ ᠲᠡᠭᠡᠨ ᠰᠠᠭᠤᠵᠦ ᠪᠠᠢᠭᠠᠳ ᠲᠦᠬᠦᠮ ᠲᠦᠳᠡ ᠦᠢᠯᠡᠴᠢᠯᠡᠭᠡ ᠬᠦᠷᠳᠡᠵᠦ ᠴᠢᠳᠠᠬᠤ ᠪᠤᠯᠵᠠᠢ ᠃

ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠡᠨᠡ ᠵᠢᠯ᠎ᠦᠨ 7 ᠰᠠᠷ᠎ᠠ᠎ᠶᠢᠨ ᠡᠴᠦᠰ ᠪᠣᠯᠲᠠᠯ᠎ᠠ᠂ ᠪᠥᠬᠥ ᠤᠯᠤᠰ᠎ᠤᠨ 210 ᠲᠤᠷᠰᠢᠯᠲᠠ᠎ᠶᠢᠨ ᠭᠠᠵᠠᠷ ᠣᠷᠣᠨ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠣᠭᠣᠷᠢᠭ᠋᠎ᠢ ᠨᠡᠶ᠋ᠢᠲᠡ 6255 ᠪᠠᠢᠭᠤᠯᠵᠤ᠂ ᠨᠠᠰᠤᠵᠢᠯ᠎ᠤᠨ ᠠᠰᠠᠷᠠᠮᠵᠢ᠂ ᠭᠡᠷ᠎ᠦᠨ ᠠᠳᠠᠯ ᠠᠬᠤᠢ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ ᠵᠡᠷᠭᠡ ᠬᠤᠳᠠᠯᠳᠤᠭᠠᠨ᠎ᠤ ᠲᠣᠣᠷ ᠴᠡᠭ 150.3 ᠲᠦᠮᠡ ᠪᠠᠢᠵᠦ᠂ 1.29 ᠳ᠋ᠦᠩᠰᠢᠭᠤᠷ ᠰᠠᠭᠤᠭᠠᠯᠢ ᠠᠷᠠᠳ᠎ᠲᠦ ᠬᠣᠯᠪᠣᠭᠳᠠᠵᠠᠢ᠃ 2021 ᠣᠨ᠎ᠳᠦ ᠨᠢᠭᠡ ᠮᠥᠴᠡ᠎ᠶᠢᠨ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ᠎ᠶᠢ ᠡᠬᠢᠯᠡᠭᠦᠯᠦᠭᠰᠡᠨ᠎ᠡᠴᠡ ᠨᠠᠭᠠᠰᠢ 《ᠶᠠᠭᠤ ᠳᠤᠲᠠᠪᠠᠯ ᠶᠠᠭᠣ ᠨᠥᠬᠥᠪᠦᠷᠢᠯᠡᠬᠦ》 ᠵᠠᠷᠴᠢᠮ᠎ᠢ ᠵᠢᠷᠤᠮᠯᠠᠵᠤ᠂ ᠡᠯ᠎ᠡ ᠭᠠᠵᠠᠷ᠎ᠤᠨ ᠬᠢᠨ 《ᠨᠢᠭᠡ ᠲᠣᠭᠣᠷᠢᠭ᠋᠎ᠲᠤ ᠨᠢᠭᠡ ᠠᠷᠭ᠎ᠠ ᠪᠣᠳᠣᠯᠭ᠎ᠠ ᠠᠪᠬᠤ》᠎ᠪᠠᠷ ᠨᠡᠢᠭᠡᠮ ᠲᠣᠭᠣᠷᠢᠭ᠋᠎ᠤᠨ ᠲᠦᠬᠦᠬᠡᠷᠦᠮᠵᠢ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠦᠨ᠂ ᠨᠡᠢᠭᠡᠮ ᠲᠣᠭᠣᠷᠢᠭ᠋᠎ᠤᠨ ᠦᠢᠯᠡᠴᠢᠯᠡᠭᠡᠨ᠎ᠦ ᠴᠢᠳᠠᠮᠵᠢ᠎ᠶᠢ ᠨᠥᠬᠥᠪᠦᠷᠢᠯᠡᠵᠦ᠂ ᠬᠡᠷᠡᠭᠯᠡᠭᠡ᠎ᠵᠢᠨ ᠲᠥᠬᠥᠮ ᠦᠵᠡᠭᠦᠯᠬᠦ ᠲᠦᠪᠰᠢᠨ᠎ᠢ ᠳᠡᠭᠡᠭᠰᠢᠯᠡᠭᠦᠯᠪᠡ᠃ ᠲᠤᠷᠰᠢᠯᠲᠠ᠎ᠶᠢᠨ ᠴᠡᠭ᠎ᠦᠨ ᠠᠵᠢᠯ᠎ᠢ ᠠᠬᠢᠭᠤᠯᠤᠭᠰᠠᠨ᠎ᠤ ᠰᠠᠢᠨ ᠵᠢᠡᠷ ᠴᠥᠭᠡᠨ ᠪᠤᠰᠤ ᠰᠠᠭᠤᠭᠠᠯᠢ ᠠᠷᠠᠳ᠎ᠤᠨ ᠬᠦᠴᠢᠷᠳᠡᠯ ᠲᠠᠢ ᠠᠰᠠᠭᠣᠳᠠᠯ ᠵᠢᠡᠨ ᠡᠬᠦᠳᠡᠨ ᠲᠡᠭᠡᠷ᠎ᠡ ᠪᠡᠨ ᠰᠢᠢᠳᠪᠦᠷᠢᠯᠡᠵᠦ ᠲᠡᠢᠯᠬᠦ ᠪᠣᠯᠵᠠᠢ᠃

ᠨᠡᠢᠭᠡᠮ ᠲᠣᠭᠣᠷᠢᠭ᠋᠎ᠤᠨ ᠠᠮᠢᠳᠤᠷᠠᠯ᠎ᠤᠨ ᠦᠢᠯᠡᠴᠢᠯᠡᠭᠡᠨ᠎ᠦ ᠰᠦᠯᠵᠢᠶ᠎ᠡ ᠪᠣᠯ ᠬᠣᠲᠠ᠎ᠶᠢᠨ ᠠᠵᠤ ᠠᠬᠤᠢ᠎ᠶᠢᠨ 《ᠬᠢᠯᠭᠠᠰᠤᠨ ᠰᠤᠳᠠᠯ》 ᠮᠥᠨ᠂ ᠪᠠᠰᠠ ᠴᠤ᠌ ᠠᠷᠠᠳ᠎ᠤᠨ ᠠᠮᠢᠳᠤᠷᠠᠯ᠎ᠳᠤ ᠦᠢᠯᠡᠴᠢᠯᠡᠬᠦ 《ᠡᠴᠦᠰ᠎ᠦᠨ ᠨᠢᠭᠡ ᠺᠢᠯᠣᠮᠧᠲᠷ》 ᠮᠥᠨ᠃ ᠨᠢᠭᠡ ᠮᠥᠴᠡ᠎ᠶᠢᠨ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠬᠦᠷᠢᠶᠡᠨ᠎ᠦ ᠪᠦᠲᠦᠭᠡᠨ ᠪᠠᠢᠭᠤᠯᠤᠯᠲᠠ ᠨᠢ ᠬᠡᠰᠡᠭ ᠪᠣᠰᠠᠭ ᠵᠢᠡᠷ ᠣᠷᠣᠰᠢᠵᠦ ᠪᠠᠢᠬᠰᠠᠨ ᠬᠣᠲᠠ᠎ᠶᠢᠨ ᠴᠢᠳᠠᠮᠵᠢᠲᠤ ᠣᠷᠣᠨ᠎ᠢ ᠨᠡᠢᠯᠡᠬᠦᠯᠦᠭᠰᠡᠨ ᠪᠦᠭᠡᠳ ᠠᠷᠠᠳ ᠣᠯᠠᠨ᠎ᠤ ᠲᠦᠷᠭᠡᠨ ᠠᠢᠵᠠᠮ᠎ᠲᠠᠢ ᠡᠳᠦᠷ ᠲᠤᠲᠤᠮ᠎ᠤᠨ ᠠᠮᠢᠳᠤᠷᠠᠯ᠎ᠳᠤ ᠲᠥᠬᠥᠮ ᠦᠵᠡᠭᠦᠯᠵᠦ᠂ ᠨᠡᠢᠭᠡᠮ ᠲᠣᠭᠣᠷᠢᠭ᠋᠎ᠤᠨ ᠬᠤᠳᠠᠯᠳᠤᠭᠠᠨ᠎ᠤ ᠠᠮᠢᠵᠢᠷᠠᠯ᠎ᠤᠨ ᠬᠦᠴᠦᠨ ᠪᠠ ᠬᠡᠷᠡᠭᠯᠡᠭᠡ ᠵᠢᠨ ᠳᠠᠯᠳᠠ ᠬᠦᠴᠦᠨ᠎ᠢ ᠬᠥᠭᠵᠢᠭᠡᠵᠦ᠂ ᠰᠢᠨ᠎ᠡ᠎ᠶᠢ ᠡᠭᠦᠳᠴᠦ ᠠᠳᠠᠯ ᠦᠢᠯᠡᠰ ᠪᠣᠰᠬᠠᠬᠣ᠎ᠳᠤ ᠲᠥᠰᠥᠭᠡᠯᠡᠨ ᠪᠤᠳᠤᠬᠤ ᠰᠢᠨ᠎ᠡ ᠣᠷᠣᠨ ᠵᠠᠢ᠎ᠶᠢ ᠨᠡᠭᠡᠭᠡᠵᠦ ᠥᠭᠭᠦᠭᠰᠡᠨ ᠪᠠᠢᠨ᠎ᠠ᠃ ᠡᠨᠡ ᠬᠦ᠌ ᠰᠠᠭᠤᠷᠢᠨ ᠳᠡᠭᠡᠷ᠎ᠡ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠤᠭᠤᠷᠢᠭ ᠨᠢ ᠪᠠᠰᠠ ᠬᠣᠲᠠ᠎ᠶᠢᠨ ᠪᠡᠶ᠎ᠡ ᠴᠢᠭᠢᠷᠠᠭᠵᠢᠭᠤᠯᠬᠤ ᠭᠠᠵᠠᠷ᠂ ᠠᠵᠢᠯ ᠣᠯᠭᠣᠬᠤ ᠦᠢᠯᠡᠴᠢᠯᠡᠭᠡᠨ᠎ᠦ ᠭᠠᠵᠠᠷ᠂ ᠨᠠᠰᠤᠲᠠᠨ᠎ᠢ ᠠᠰᠠᠷᠠᠵᠤ ᠨᠢᠯᠬᠠᠰ᠎ᠢ ᠬᠥᠮᠥᠵᠢᠭᠦᠯᠬᠦ ᠭᠠᠵᠠᠷ ᠵᠡᠷᠭᠡ᠎ᠲᠠᠢ ᠬᠠᠷᠢᠯᠴᠠᠨ ᠠᠭᠤᠰᠤᠯᠴᠠᠵᠤ᠂ ᠡᠯ᠎ᠡ ᠲᠥᠷᠥᠯ᠎ᠦᠨ ᠴᠢᠨᠠᠷ ᠰᠠᠢᠲᠠᠢ ᠡᠬᠢ ᠪᠠᠶᠠᠯᠢᠭ᠋᠎ᠢ ᠦᠨᠳᠦᠰᠦᠨ ᠱᠠᠲᠤᠨ᠎ᠳᠤ ᠪᠠᠭᠤᠯᠭᠠᠬᠤ᠂ ᠬᠣᠲᠠ᠎ᠶᠢᠨ ᠰᠠᠭᠤᠷᠢᠰᠢᠬᠤ᠎ᠳᠤ ᠲᠣᠬᠢᠷᠠᠮᠵᠢᠲᠠᠢ ᠪᠠᠢᠬᠤ᠂ ᠲᠠᠭᠠᠯᠠᠮᠵᠢᠲᠠᠢ ᠪᠠᠢᠬᠤ ᠲᠦᠷᠦᠭᠳᠡᠯ᠎ᠢ ᠲᠡᠭᠡᠭᠰᠢᠯᠡᠭᠦᠯᠪᠡ᠃

ᠬᠡᠷᠪᠡ ᠥᠷᠯᠥᠭᠡ᠎ᠶᠢᠨ ᠬᠣᠭᠣᠯᠠᠨ᠎ᠤ ᠭᠠᠵᠠᠷ᠂ ᠢᠳᠡᠰᠢᠨ ᠨᠣᠭᠣᠭ᠎ᠠ᠎ᠶᠢᠨ ᠵᠠᠬ᠎ᠠ ᠳᠡᠯᠭᠡᠭᠦᠷ᠂ ᠰᠡᠯᠪᠢᠨ ᠵᠠᠰᠠᠬᠣ ᠭᠠᠵᠠᠷ ᠨᠢ ᠬᠦᠮᠦᠰ᠎ᠦᠨ ᠵᠠᠪᠠᠯ ᠬᠡᠷᠡᠭᠰᠡᠬᠦ ᠦᠨᠳᠣᠰᠣᠨ ᠬᠡᠷᠡᠭᠴᠡᠭᠡ ᠵᠢ ᠬᠠᠩᠭᠠᠵᠦ ᠪᠠᠢᠨ᠎ᠡ ᠬᠡᠵᠦ ᠦᠵᠡᠬᠦ᠎ᠳᠦ ᠬᠦᠷᠪᠡᠯ ᠨᠠᠰᠤᠵᠢᠯ᠎ᠤᠨ ᠠᠰᠠᠷᠠᠮᠵᠢ᠂ ᠬᠡᠦᠬᠡᠳ ᠰᠠᠭᠠᠲᠠᠭᠤᠯᠬᠤ᠂ ᠪᠡᠶ᠎ᠡ ᠴᠢᠭᠢᠷᠠᠭᠵᠢᠭᠤᠯᠬᠤ᠂ ᠣᠷᠣᠢ᠎ᠶᠢᠨ ᠰᠤᠷᠭᠠᠭᠤᠯᠢ ᠵᠡᠷᠭᠡ ᠨᠢ ᠬᠥᠮᠥᠰ᠎ᠦᠨ ᠣᠯᠠᠨ ᠶᠠᠩᠵᠤ᠎ᠶᠢᠨ ᠬᠡᠷᠡᠭᠴᠡᠭᠡ᠎ᠶᠢ ᠬᠠᠩᠭᠠᠵᠦ ᠪᠠᠢᠨ᠎ᠠ᠃ ᠴᠠᠩᠱᠠ᠎ᠵᠢᠨ ᠨᠡᠢᠭᠡᠮ ᠲᠣᠭᠣᠷᠢᠭ᠋᠎ᠲᠤ ᠲᠦᠭᠡᠵᠦ ᠪᠣᠢ ᠪᠡᠶ᠎ᠡ ᠴᠢᠭᠢᠷᠠᠭᠵᠢᠭᠤᠯᠬᠤ ᠭᠡᠷ ᠨᠢ 《ᠪᠡᠶ᠎ᠡ ᠪᠠᠨ ᠪᠣᠯᠪᠠᠰᠤᠷᠠᠭᠣᠯᠬᠣ ᠰᠠᠨᠠᠭ᠎ᠠ᠎ᠲᠠᠢ ᠯᠠ ᠪᠣᠯ ᠪᠣᠯᠪᠠᠰᠤᠷᠠᠵᠤ ᠲᠡᠢᠯᠬᠦ》 ᠶ᠋ᠢ ᠪᠣᠳᠠᠲᠤ ᠠᠬᠤᠢ ᠪᠣᠯᠭᠠᠵᠤ᠂ ᠰᠠᠭᠤᠭᠠᠯᠢ ᠠᠷᠠᠳ᠎ᠤᠨ ᠪᠡᠶ᠎ᠡ ᠴᠢᠭᠢᠷᠠᠭᠵᠢᠭᠤᠯᠬᠤ᠎ᠳᠤ ᠣᠷᠣᠯᠴᠠᠬᠤ ᠥᠪᠡᠷ᠎ᠦᠨ ᠦᠷᠳᠡᠭ᠎ᠢ ᠪᠠᠭᠤᠷᠠᠭᠤᠯᠪᠠ; ᠰᠦᠵᠧᠦ᠎ᠵᠢᠨ ᠣᠯᠠᠨ ᠨᠡᠶ᠋ᠢᠲᠡ᠎ᠶᠢᠨ ᠨᠣᠮ᠎ᠤᠨ ᠰᠠᠩ᠎ᠦᠨ  ᠦᠢᠯᠡᠴᠢᠯᠡᠭᠡ ᠨᠢ ᠨᠡᠢᠭᠡᠮ ᠲᠣᠭᠣᠷᠢᠭ᠋᠎ᠲᠦ ᠬᠦᠷᠴᠤ᠂ ᠰᠦᠯᠵᠢᠶᠡᠨ ᠳᠡᠭᠡᠷ᠎ᠡ ᠨᠣᠮ ᠵᠢᠭᠡᠯᠡᠬᠦ ᠲᠠᠪᠴᠠᠩ᠎ᠳᠤ ᠲᠦᠰᠢᠭᠯᠡᠨ ᠤᠩᠰᠢᠭ᠍ᠴᠢᠳ ᠭᠡᠷ᠎ᠡᠴᠡ ᠪᠠᠨ ᠵᠠᠬᠢᠶᠠᠯᠠᠬᠣ᠂ ᠣᠢᠷ᠎ᠠ ᠬᠠᠪᠢ᠎ᠠᠴᠠ᠎ᠪᠠᠨ ᠨᠣᠮ ᠵᠢᠬᠡᠯᠡᠨ ᠦᠵᠡᠬᠦ ᠲᠥᠬᠥᠮ ᠨᠥᠬᠥᠴᠡᠯ᠎ᠲᠠᠢ ᠪᠣᠯᠪᠠ;ᠱᠠᠩᠬᠠᠢ᠎ᠵᠢᠨ ᠠᠰᠠᠷ᠎ᠠᠴᠠ ᠪᠠᠭᠤᠮᠠᠭᠴᠠ ᠬᠦᠷᠴᠢᠬᠡᠬᠦ 《ᠨᠢᠯᠬᠠᠰ᠎ᠦᠨ ᠥᠷᠥᠭᠡ》 ᠨᠢ ᠲᠤᠰᠬᠠᠢᠯᠠᠨ 0 ᠎ᠡᠴᠡ 3 ᠨᠠᠰᠤᠨ᠎ᠤ ᠨᠢᠯᠬ᠎ᠠ ᠬᠡᠦᠬᠡᠳ᠎ᠲᠦ ᠨᠡᠢᠳᠡᠨ ᠠᠷᠠᠴᠢᠯᠠᠵᠦ ᠬᠠᠷᠠᠭᠠᠯᠵᠠᠬᠣ ᠦᠢᠯᠡᠴᠢᠯᠡᠭᠡ ᠬᠠᠩᠭᠠᠵᠦ ᠪᠠᠢᠨ᠎ᠠ ᠁

ᠤᠯᠠᠨ ᠡᠰᠢᠵᠢᠭᠰᠡᠨ ᠡᠵᠡᠩᠨᠡᠯᠲᠡ᠎ᠶᠢᠨ ᠬᠡᠯᠪᠡᠷᠢ᠎ᠢᠯᠡᠷᠡᠭᠰᠡᠨ᠎ᠦ ᠠᠷᠤ᠎ᠳᠤ ᠨᠡᠢᠭᠡᠮ ᠲᠣᠭᠣᠷᠢᠭ᠋᠎ᠤᠨ ᠵᠠᠰᠠᠯᠲᠠ᠎ᠶᠢᠨ ᠠᠷᠭ᠎ᠠ ᠬᠡᠯᠪᠡᠷᠢ ᠪᠠ ᠬᠤᠳᠠᠯᠳᠤᠭᠠᠨ᠎ᠤ ᠡᠵᠡᠩᠨᠡᠯᠲᠡ᠎ᠶᠢᠨ ᠯᠣᠭᠢᠭ᠋᠎ᠤᠨ ᠭᠦᠨᠵᠡᠭᠡᠢ ᠬᠤᠪᠢᠷᠠᠯᠲᠠ ᠭᠠᠷᠴᠤ ᠪᠠᠢᠬᠣ ᠲᠠᠢ ᠬᠣᠯᠪᠣᠭ᠎ᠠ ᠲᠠᠢ᠃ ᠵᠠᠷᠢᠮ ᠠᠵᠢᠭ᠍ᠯᠠᠯᠲᠠ᠎ᠶᠢᠨ ᠮᠡᠳᠡᠭᠦᠯᠦᠯᠲᠡ᠎ᠳᠦ ᠵᠢᠭᠠᠵᠤ ᠭᠠᠷᠭᠠᠭᠰᠠᠨ ᠨᠢ᠂ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠣᠭᠣᠷᠢᠭ᠎ᠢ ᠲᠦᠷᠭᠡᠨ ᠪᠠᠶ᠋ᠢᠭᠤᠯᠬᠤ᠎ᠶᠢᠨ ᠵᠡᠷᠭᠡ᠎ᠪᠡᠷ ᠡᠷᠴᠢᠮᠵᠢᠭᠦᠯᠦᠭᠰᠡᠨ᠂ ᠬᠡᠯᠬᠢᠶᠡᠵᠢᠭᠦᠯᠦᠭᠰᠡᠨ᠂ ᠲᠤᠭᠠᠴᠢᠯᠠᠬᠰᠠᠨ ᠤᠶᠤᠨᠴᠢᠯᠠᠬᠰᠠᠨ ᠵᠡᠷᠭᠡ ᠰᠢᠨ᠎ᠡ ᠣᠨᠴᠠᠯᠢᠭ᠋ ᠢᠯᠡᠷᠡᠵᠦ ᠪᠠᠢᠨ᠎ᠠ ᠬᠡᠵᠡᠢ᠃ ᠨᠡᠢᠭᠡᠮ ᠲᠣᠭᠣᠷᠢᠭ᠋᠎ᠤᠨ ᠬᠣᠭᠣᠯᠠᠨ ᠭᠡᠷ᠂ ᠨᠣᠮ᠎ᠤᠨ ᠥᠷᠥᠭᠡ᠂ ᠡᠳᠦᠷ ᠲᠤᠲᠤᠮ᠎ᠤᠨ ᠬᠠᠷᠠᠭᠠᠯᠵᠠᠯ᠂ ᠢᠳᠡᠰᠢᠨ ᠨᠣᠭᠣᠭ᠎ᠠ᠎ᠶᠢᠨ ᠳᠡᠯᠭᠡᠭᠦᠷ᠂ ᠢᠳᠡᠭᠡᠨ ᠤᠮᠳᠠᠭᠠᠨ᠎ᠤ ᠬᠤᠳᠠᠯᠳᠤᠭ᠎ᠠ ᠵᠡᠷᠭᠡ ᠣᠯᠠᠨ ᠵᠦᠢᠯ᠎ᠦᠨ ᠡᠵᠡᠩᠨᠡᠯᠲᠡ᠎ᠶᠢᠨ ᠬᠡᠯᠪᠡᠷᠢ ᠪᠦᠬᠦᠢ ᠨᠡᠢᠭᠡᠮ ᠲᠣᠭᠣᠷᠢᠭ᠋᠎ᠤᠨ ᠶᠡᠷᠦᠩᠬᠡᠢ ᠴᠣᠭᠴᠠ᠎ᠶᠢ ᠨᠡᠢᠯᠡᠬᠦᠯᠦᠨ᠂ ᠲᠣᠮᠣ᠌ ᠬᠡᠯᠪᠡᠷᠢ᠎ᠶᠢᠨ ᠬᠤᠳᠠᠯᠳᠤᠭᠠᠨ᠎ᠤ ᠲᠣᠭᠣᠷᠢᠭ᠋ ᠯᠤᠭ᠎ᠠ ᠢᠯᠡᠳᠲᠡ ᠵᠦᠷᠢᠶᠡᠴᠢᠯᠡᠭᠰᠡᠨ ᠪᠠᠢᠷᠢ ᠲᠣᠭᠲᠠᠭᠠᠯᠲᠠ᠎ᠶᠢ ᠪᠦᠷᠢᠯᠳᠦᠭᠦᠯᠵᠦ᠂ 《ᠨᠢᠭᠡ ᠥᠷᠲᠡᠭᠡ ᠮᠠᠶᠢᠭ᠋》᠎ᠤᠨ ᠦᠢᠯᠡᠴᠢᠯᠡᠭᠡ ᠨᠢ ᠰᠠᠭᠤᠭᠠᠯᠢ ᠠᠷᠠᠳ᠎ᠲᠤ ᠲᠥᠬᠥᠮ ᠦᠵᠡᠭᠦᠯᠪᠠ᠃ ᠬᠡᠯᠬᠢᠶ᠎ᠡ ᠬᠤᠳᠠᠯᠳᠤᠭ᠎ᠠ ᠨᠢ ᠨᠡᠢᠭᠡᠮ ᠲᠣᠭᠣᠷᠢᠭ᠋᠎ᠲᠤ《ᠰᠠᠭᠣᠷᠢᠰᠢᠬᠣ》᠂ ᠰᠠᠭᠤᠭᠠᠯᠢ ᠠᠷᠠᠳ᠎ᠲᠤ ᠡᠩ᠎ᠦᠨ ᠦᠨ᠎ᠡ᠎ᠶᠢᠨ ᠪᠠᠷᠢᠮᠵᠢᠶᠠᠵᠢᠭᠰᠠᠨ ᠲᠠᠸᠠᠷ ᠪᠠ ᠦᠢᠯᠡᠴᠢᠯᠡᠭᠡ᠎ᠶᠢ ᠣᠢᠷ᠎ᠠ ᠬᠠᠪᠢ᠎ᠳᠦᠨᠢ  ᠡᠳ᠋ᠯᠡᠭᠦᠯᠵᠦ᠂ ᠡᠷᠬᠢᠨ ᠲᠣᠭᠣᠷᠢᠨ᠎ᠤ ᠵᠢᠵᠢᠭ ᠪᠢᠴᠢᠯ ᠡᠵᠡᠩᠨᠡᠯᠲᠡ᠎ᠶᠢᠨ ᠪᠡᠶᠡᠴᠢ ᠴᠣᠭᠴᠠ᠎ᠶᠢᠨ ᠶᠠᠰᠤ ᠴᠢᠨᠠᠷ᠎ᠢᠶᠠᠨ ᠳᠡᠭᠡᠭᠰᠢᠯᠡᠭᠦᠯᠦᠨ ᠦᠷ᠎ᠡ ᠠᠰᠢᠭ᠋᠎ᠢᠶᠠᠨ ᠨᠡᠮᠡᠭᠳᠡᠭᠦᠯᠬᠦ᠎ᠶᠢ ᠴᠦ᠍ ᠳᠠᠢᠴᠢᠯᠠᠭᠰᠠᠨ ᠪᠠᠢᠨ᠎ᠠ᠃ ᠡᠭᠦᠨ᠎ᠡᠴᠡ ᠦᠵᠡᠬᠦ᠎ᠳᠦ᠂ ᠨᠢᠭᠡ ᠲᠠᠯ᠎ᠠ᠎ᠪᠠᠷ ᠵᠠᠰᠠᠭ᠎ᠤᠨ ᠣᠷᠳᠣᠨ᠎ᠠᠴᠠ ᠨᠢᠭᠡᠳᠦᠯᠲᠡᠢ ᠲᠥᠯᠥᠪᠯᠡᠨ ᠬᠥᠲᠥᠯᠥᠨ ᠵᠢᠯᠤᠭᠣᠳᠬᠤ᠎ᠶᠢ ᠱᠠᠭᠠᠷᠳᠠᠵᠤ᠂ ᠨᠥᠭᠥᠭᠡ ᠲᠠᠯ᠎ᠠ᠎ᠪᠠᠷ ᠵᠠᠬ᠎ᠠ ᠳᠡᠯᠭᠡᠭᠦᠷ᠎ᠦᠨ ᠦᠢᠯᠡᠳᠦᠯ᠎ᠢ ᠪᠠᠳᠠᠷᠠᠭᠤᠯᠬᠤ᠎ᠡᠴᠡ ᠰᠠᠯᠵᠤ ᠴᠢᠳᠠᠬᠤ ᠦᠭᠡᠢ᠃ ᠬᠠᠲᠠᠭᠤ ᠲᠥᠬᠦᠭᠡᠷᠦᠮᠵᠢ ᠪᠣᠯᠣᠨ ᠵᠥᠭᠡᠯᠡᠨ ᠣᠷᠴᠢᠨ ᠲᠣᠭᠣᠷᠢᠨ᠎ᠢ ᠵᠡᠷᠭᠡ ᠪᠡᠷ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠣᠯᠣᠨ ᠬᠡᠷᠡᠭᠯᠡᠭᠡ᠎ᠶᠢ ᠠᠬᠢᠭᠤᠯᠬᠤ ᠬᠣᠶᠠᠷ ᠲᠠᠯ᠎ᠠ᠎ᠪᠠᠷ ᠬᠦᠴᠦᠯᠡᠪᠡᠯ ᠰᠠᠶᠢ ᠨᠡᠢᠭᠡᠮ ᠲᠣᠭᠣᠷᠢᠭ᠋᠎ᠤᠨ ᠬᠤᠳᠠᠯᠳᠤᠭᠠᠨ᠎ᠤ ᠠᠮᠢ ᠠᠬᠤᠢ ᠪᠣᠯᠣᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠡᠪ ᠵᠠᠭᠪᠤᠷ᠎ᠢ ᠪᠤᠢ ᠪᠣᠯᠭᠠᠵᠤ ᠴᠢᠳᠠᠨ᠎ᠠ᠃

ᠬᠣᠲᠠᠴᠢᠯᠠᠯᠲᠠ᠎ᠶᠢᠨ ᠠᠬᠢᠴᠠ ᠰᠢᠨ᠎ᠡ ᠱᠠᠲᠤᠨ᠎ᠳᠤ ᠰᠢᠯᠵᠢᠬᠦ᠎ᠶᠢ ᠳᠠᠭᠠᠯᠳᠤᠨ  ᠬᠣᠲᠠ᠎ᠶᠢᠨ ᠵᠠᠰᠠᠯᠲᠠ᠎ᠶᠢᠨ ᠬᠠᠷᠠᠭᠠᠰᠤ ᠤᠯᠠᠮ᠎ᠡᠴᠡ ᠤᠯᠠᠮ ᠪᠣᠳᠠᠭᠠᠯᠢ ᠪᠡᠶ᠎ᠡ᠎ᠶᠢᠨ ᠲᠥᠷᠥᠭᠳᠡᠯ᠂ ᠨᠠᠷᠢᠨ ᠵᠦᠢᠯᠡᠰ᠎ᠦᠨ ᠪᠡᠶᠡᠴᠢ ᠣᠢᠯᠠᠭᠠᠯᠲᠠ  ᠵᠢ ᠣᠯᠠᠮ ᠠᠩᠬᠠᠷᠴᠤ᠂ 《ᠬᠥᠮᠥᠨ》 ᠎ᠵᠢᠡᠷ ᠭᠣᠣᠯ ᠪᠣᠯᠭᠠᠭᠰᠠᠨ ᠥᠷᠲᠡᠭ᠎ᠦᠨ ᠤᠳᠤᠷᠢᠳᠤᠮᠵᠢ ᠤᠯᠠᠮ ᠲᠣᠪᠣᠢᠮ᠎ᠠ ᠪᠣᠯᠵᠤ ᠪᠠᠢᠨ᠎ᠠ᠃ 《15 ᠮᠢᠨᠦ᠋ᠲ》 ᠎ᠤᠨ ᠴᠠᠭ᠎ᠢ ᠦᠵᠡᠬᠦ᠎ᠳᠦ ᠶᠠᠯᠢᠮ ᠦᠭᠡᠢ ᠪᠣᠯᠪᠠᠴᠤ᠂ ᠬᠠᠷᠢᠨ ᠬᠤᠳᠠ᠎ᠶᠢᠨ ᠰᠠᠭᠤᠭᠠᠯᠢ ᠠᠷᠠᠳ᠎ᠤᠨ ᠠᠮᠢᠳᠤᠷᠠᠯ᠎ᠤᠨ ᠵᠢᠷᠭᠠᠯᠲᠤ ᠲᠥᠷᠥᠭᠳᠡᠯ᠎ᠢ ᠬᠡᠮᠵᠢᠵᠦ᠂ ᠨᠢᠭᠡ ᠭᠠᠵᠠᠷ᠎ᠤᠨ ᠵᠠᠰᠠᠯᠲᠠ᠎ᠶᠢᠨ ᠲᠦᠪᠰᠢᠨ ᠪᠠ ᠬᠥᠭᠵᠢᠯᠲᠡ᠎ᠶᠢᠨ ᠣᠢᠯᠠᠭᠠᠭᠳᠠᠬᠤᠨ᠎ᠢ ᠢᠯᠡᠷᠡᠭᠦᠯᠵᠦ ᠪᠠᠢᠳᠠᠭ᠃ ᠲᠦᠷᠦᠭᠦᠬᠡᠨ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ 《ᠬᠣᠲᠠ᠎ᠶᠢᠨ ᠨᠢᠭᠡ ᠮᠥᠴᠡ᠎ᠶᠢᠨ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠬᠡᠪᠴᠢᠶ᠎ᠡ᠎ᠶᠢ ᠥᠷᠭᠡᠳᠬᠡᠨ ᠲᠠᠰ ᠳᠡᠪᠰᠢᠭᠦᠯᠬᠦ᠎ᠶᠢ ᠬᠦᠴᠦᠯᠡᠨ ᠠᠬᠢᠭᠤᠯᠬᠤ ᠲᠤᠬᠠᠢ ᠮᠡᠳᠡᠭᠳᠡᠯ》᠎ᠢ ᠨᠡᠢᠲᠡᠯᠡᠵᠦ᠂ ᠠᠳᠠᠯᠢ ᠪᠤᠰᠤ ᠨᠠᠰᠤᠨ᠎ᠤ ᠬᠥᠮᠥᠰ᠎ᠦᠨ ᠣᠯᠠᠨ ᠡᠰᠢᠲᠦ ᠬᠡᠷᠡᠭᠴᠡᠭᠡ᠎ᠶᠢ ᠬᠠᠷᠠᠭᠠᠯᠵᠠᠨ ᠬᠡᠣᠭᠡᠳ ᠵᠠᠯᠠᠭᠣᠴᠣᠳ ᠨᠠᠰᠣᠳᠠᠢᠴᠣᠳ᠎ᠲᠦ ᠬᠠᠨᠳᠣᠭᠣᠯᠣᠭᠰᠠᠨ ᠬᠣᠳᠠᠯᠳᠣᠭ᠎ᠠ ᠵᠡᠭᠡᠯᠢ ᠭᠠᠷᠭᠠᠵᠦ᠂ 《ᠨᠡᠢᠭᠡᠮ ᠲᠣᠭᠣᠷᠢᠭ᠋᠎ᠤᠨ ᠬᠤᠳᠠᠯᠳᠤᠭ᠎ᠠ +》 ᠵᠡᠷᠭᠡ ᠪᠣᠳᠠᠲᠠᠢ ᠠᠷᠭ᠎ᠠ ᠬᠡᠮᠵᠢᠶ᠎ᠡ᠎ᠶᠢ ᠳᠡᠯᠭᠡᠷᠡᠭᠦᠯᠵᠦ᠂ ᠡᠯ᠎ᠡ ᠭᠠᠵᠠᠷ᠎ᠤᠨ ᠬᠢᠨ᠎ᠢ ᠵᠢᠭᠠᠨ ᠵᠢᠯᠤᠭᠣᠳᠴᠤ ᠪᠠᠢᠭᠠᠳ ᠣᠷᠣᠰᠢᠨ ᠰᠠᠭᠤᠬᠤ᠎ᠳᠤ ᠲᠣᠬᠢᠷᠠᠮᠵᠢᠲᠠᠢ ᠦᠢᠯᠡᠰ ᠪᠣᠰᠬᠠᠬᠤ᠎ᠳᠤ ᠲᠣᠬᠢᠷᠠᠮᠵᠢᠲᠠᠢ᠂ ᠵᠢᠭᠣᠯᠴᠢᠯᠠᠨ  ᠲᠣᠭᠣᠷᠢᠬᠤ᠎ᠳᠤ ᠲᠣᠬᠢᠷᠠᠮᠵᠢᠲᠠᠢ ᠬᠤᠳᠠᠯᠳᠤᠨ ᠠᠪᠬᠤ᠎ᠳᠤ  ᠲᠣᠬᠢᠷᠠᠮᠵᠢᠲᠠᠢ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠣᠭᠣᠷᠢᠭ᠋᠎ᠢ ᠪᠠᠢᠭᠤᠯᠤᠨ᠎ᠠ ᠬᠡᠵᠦ  ᠲᠣᠷᠠᠳᠴᠠᠢ᠃

ᠨᠡᠢᠭᠡᠮ ᠲᠣᠭᠣᠷᠢᠭ᠋᠎ᠤᠨ ᠴᠢᠳᠠᠮᠵᠢ ᠪᠣᠯᠣᠨ ᠡᠵᠡᠩᠨᠡᠯᠲᠡ᠎ᠶᠢᠨ ᠬᠡᠯᠪᠡᠷᠢ᠎ᠶᠢ ᠥᠷᠭᠡᠳᠬᠡᠬᠦ ᠨᠢ ᠶᠡᠬᠡ᠎ᠶᠢ ᠬᠥᠭᠡᠭᠡᠴᠡᠯᠳᠦᠵᠦ᠂ ᠰᠢᠨ᠎ᠡ ᠵᠦᠢᠯ᠎ᠢ ᠪᠦᠲᠦᠭᠡᠬᠦ ᠭᠡᠰᠡᠨ ᠶᠠᠪᠤᠳᠠᠯ ᠪᠢᠰᠢ᠂ ᠰᠢᠨ᠎ᠡ ᠵᠠᠭᠪᠤᠷ᠎ᠢ ᠣᠷᠣᠭᠤᠯᠤᠭᠰᠠᠨ ᠴᠤ᠌ ᠲᠡᠷᠡ᠂ ᠰᠢᠨ᠎ᠡ ᠠᠬᠣᠢ ᠲᠠᠯᠠᠪᠣᠷ᠎ᠢ ᠪᠣᠢᠵᠢᠭᠣᠯᠣᠬᠰᠠᠨ ᠴᠤ᠌ ᠲᠡᠷᠡ᠂ ᠴᠥᠮ ᠨᠡᠢᠭᠡᠮ ᠲᠣᠭᠣᠷᠢᠭ᠋᠎ᠤᠨ ᠪᠣᠳᠠᠲᠤ ᠪᠠᠢᠳᠠᠯ᠎ᠢ ᠣᠮᠲᠣᠭᠠᠢᠯᠠᠵᠤ ᠪᠣᠯᠬᠤ ᠦᠭᠡᠢ᠂ ᠨᠡᠩ ᠴᠤ᠌ ᠠᠷᠠᠳ᠎ᠲᠤ ᠲᠦᠬᠦᠮ ᠦᠵᠡᠭᠦᠯᠬᠦ ᠪᠠᠢᠭᠤᠯᠤᠯᠲᠠ᠎ᠶᠢᠨ ᠤᠭ ᠰᠠᠨᠠᠭ᠎ᠠ᠎ᠠᠴᠠ ᠰᠠᠯᠵᠤ ᠪᠣᠯᠬᠤ ᠦᠭᠡᠢ᠃ ᠦᠨᠡᠨ᠎ᠢ ᠬᠡᠯᠡᠪᠡᠯ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠣᠭᠣᠷᠢᠭ᠎ᠢ ᠪᠠᠶ᠋ᠢᠭᠤᠯᠬᠤ᠎ᠳᠤ 《ᠴᠣᠷ᠎ᠤᠨ ᠭᠠᠭᠴᠠ ᠵᠥᠪ ᠣᠨᠣᠪᠴᠢᠲᠠᠶ》 ᠬᠡᠪ ᠵᠠᠭᠪᠤᠷ ᠪᠠᠢᠬᠤ ᠦᠭᠡᠢ᠂ ᠭᠠᠭᠴᠠ ᠬᠦ᠌ ᠦᠨᠡᠨ ᠪᠣᠳᠠᠲᠠᠢ ᠬᠡᠷᠡᠭᠴᠡᠭᠡ᠎ᠡᠴᠡ ᠡᠭᠦᠰᠴᠦ᠂ ᠠᠯᠬᠤᠮ ᠳᠠᠷᠠᠭ᠎ᠠ᠎ᠲᠠᠢ᠎ᠪᠠᠷ ᠤᠷᠤᠭᠰᠢᠯᠠᠵᠤ᠂ ᠨᠠᠷᠢᠯᠢᠭ᠋ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠪᠡᠯ ᠳᠠᠷᠤᠢ ᠨᠠᠩ ᠣᠯᠠᠨ ᠬᠥᠮᠥᠨ᠎ᠳᠦ ᠬᠣᠲᠠ᠎ᠶᠢᠨ ᠠᠮᠢᠳᠣᠷᠠᠯ᠎ᠦᠨ ᠰᠠᠢᠨ ᠰᠠᠢᠬᠠᠨ᠎ᠢ  ᠮᠡᠳᠡᠷᠡᠭᠦᠯᠵᠦ ᠴᠢᠳᠠᠨ᠎ᠠ᠃   

                 — 《ᠭᠤᠸᠠᠩᠮᠢᠩ  ᠡᠳᠦᠷ᠎ᠦᠨ ᠰᠤᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号