ᠪᠢᠴᠢᠯ ᠰᠢᠬᠦᠮᠵᠢ
2025-10-20 11:16:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠡᠴᠡ ᠣᠢᠷ᠎ᠠ᠎ᠶᠢᠨ ᠬᠤᠭᠤᠴᠠᠭᠠᠨ᠎ᠳᠦ ᠬᠠᠲᠤᠨ ᠭᠣᠣᠯ ᠬᠤᠸᠠᠢᠾᠧ ᠭᠣᠣᠯ᠎ᠤᠨ ᠣᠷᠣᠨ᠎ᠵᠢᠡᠷ ᠪᠦᠷᠬᠦᠭ ᠪᠣᠷᠣᠭᠠᠨ ᠲᠠᠢ ᠴᠠᠭ ᠠᠭᠣᠷ ᠦᠷᠬᠦᠯᠵᠢᠯᠡᠨ ᠢᠯᠡᠷᠡᠵᠦ ᠪᠠᠢᠬᠣ᠎ᠳᠦ ᠴᠢᠭᠯᠡᠭᠦᠯᠦᠨ᠂ ᠨᠠᠮᠤᠷ᠎ᠤᠨ ᠠᠮᠤ ᠪᠤᠳᠠᠭ᠎ᠠ᠎ᠶᠢ ᠵᠠᠪᠳᠤᠨ ᠬᠤᠷᠢᠶᠠᠵᠤ ᠵᠠᠪᠳᠤᠨ ᠬᠠᠳᠠᠭᠠᠬᠣ ᠬᠣᠯᠪᠣᠭᠳᠠᠯ ᠪᠦᠬᠦᠢ ᠠᠵᠢᠯ᠎ᠢ ᠪᠠᠢᠷᠢᠯᠠᠭᠤᠯᠵᠤ᠂ ᠬᠣᠯᠪᠣᠭᠳᠠᠯ ᠪᠦᠬᠦᠢ ᠭᠠᠵᠠᠷ ᠣᠷᠣᠨ᠎ᠳᠤ ᠭᠠᠮᠰᠢᠭ᠋᠎ᠢ ᠰᠡᠷᠭᠡᠢᠯᠡᠵᠦ ᠭᠠᠮᠰᠢᠭ᠋᠎ᠠᠴᠠ ᠠᠪᠤᠷᠠᠬᠤ᠂ ᠲᠠᠷᠢᠶᠠᠯᠠᠩ᠎ᠤᠨ ᠮᠠᠰᠢᠨ᠎ᠢ ᠪᠡᠯᠡᠳᠭᠡᠬᠦ ᠪᠠ ᠰᠢᠯᠵᠢᠭᠦᠯᠦᠨ ᠬᠡᠷᠡᠭᠯᠡᠬᠦ ᠳᠦᠷᠢᠮ᠎ᠢ ᠡᠬᠢᠯᠡᠭᠦᠯᠵᠦ᠂ ᠶᠡᠬᠡ ᠴᠢᠳᠠᠮᠵᠢ᠎ᠲᠠᠢ ᠤᠰᠤ ᠲᠠᠲᠠᠬᠤ ᠮᠠᠰᠢᠨ ᠪᠠᠭᠠᠵᠢ᠂ ᠭᠢᠨᠵᠢᠲᠦ ᠬᠡᠯᠪᠡᠷᠢ᠎ᠶᠢᠨ ᠬᠠᠳᠤᠵᠤ ᠬᠤᠷᠢᠶᠠᠬᠤ ᠮᠠᠰᠢᠨ᠂ ᠬᠠᠳᠠᠭᠠᠬᠤ ᠮᠠᠰᠢᠨ ᠵᠡᠷᠭᠡ ᠪᠠᠴᠢᠮ ᠪᠠᠢᠳᠠᠯ᠎ᠢ ᠠᠷᠭᠠᠴᠠᠭᠠᠬᠤ ᠮᠠᠰᠢᠨ ᠪᠠᠭᠠᠵᠢ᠎ᠶᠢ ᠲᠣᠬᠢᠷᠠᠭᠤᠯᠤᠨ ᠲᠡᠭᠡᠭᠡᠪᠦᠷᠢᠯᠡᠬᠦ ᠬᠡᠷᠡᠭᠲᠡᠢ ᠭᠡᠵᠦ ᠱᠠᠭᠠᠷᠳᠠᠪᠠ; ᠣᠯᠠᠨ ᠨᠡᠶ᠋ᠢᠲᠡ᠎ᠶᠢᠨ ᠲᠠᠯᠠᠪᠤᠷ᠎ᠢ ᠭᠦᠢᠴᠡᠳ ᠨᠡᠭᠡᠭᠡᠵᠦ᠂  ᠴᠢᠭᠢᠭ᠌ ᠲᠠᠢ ᠠᠮᠤ ᠪᠤᠳᠠᠭ᠎ᠠ᠎ᠶᠢ ᠬᠠᠳᠠᠭᠠᠬᠣ᠎ᠶᠢᠨ ᠬᠠᠮᠲᠤ ᠲᠠᠷᠢᠶᠠᠯᠠᠩ᠎ᠤᠨ ᠳᠠᠭᠠᠳᠬᠠᠯ᠎ᠤᠨ ᠪᠠᠢᠭᠤᠯᠤᠮᠵᠢ᠎ᠶᠢ ᠢᠳᠡᠪᠬᠢᠲᠡᠢ᠎ᠪᠡᠷ ᠵᠣᠬᠢᠴᠠᠭᠤᠯᠵᠤ ᠪᠠᠢᠭᠠᠳ ᠭᠠᠮᠰᠢᠭ᠍ᠳᠠᠭᠰᠠᠨ ᠬᠣᠬᠢᠷᠠᠯ᠎ᠳᠤ ᠳᠠᠷᠤᠢᠬᠠᠨ ᠲᠥᠯᠥᠪᠦᠷᠢ ᠥᠭᠴᠦ᠂ ᠲᠥᠯᠥᠬᠦ ᠶᠣᠰᠣᠲᠠᠢ᠎ᠶᠢ ᠨᠢ ᠪᠦᠬᠦᠨ᠎ᠢ ᠲᠥᠯᠥᠭᠦᠯᠬᠦ ᠬᠡᠷᠡᠭᠲᠡᠢ ᠭᠡᠵᠦ ᠱᠠᠭᠠᠷᠳᠠᠵᠠᠢ᠃

ᠦᠨᠡᠯᠡᠯᠳᠡ᠄ ᠨᠠᠮᠤᠷ᠎ᠤᠨ ᠠᠮᠤ ᠪᠤᠳᠠᠭ᠎ᠠ᠎ᠶᠢ ᠵᠠᠪᠳᠤᠨ ᠬᠤᠷᠢᠶᠠᠬᠤ ᠪᠣᠯ ᠣᠳᠣᠬᠠᠨ᠎ᠤ ᠠᠮᠤ ᠪᠤᠳᠠᠭᠠᠨ᠎ᠤ ᠠᠮᠤᠷ ᠲᠦᠪᠰᠢᠨ᠎ᠢ ᠬᠠᠮᠠᠭᠠᠯᠠᠬᠤ ᠳᠠᠢᠯᠠᠯᠳᠤᠭᠠᠨ᠎ᠤ ᠵᠠᠩᠭᠢᠯᠠᠭ᠎ᠠ᠎ᠶᠢᠨ ᠭᠣᠭᠴᠣᠭ᠎ᠠ ᠪᠣᠯᠣᠨ᠎ᠠ᠃ ᠠᠵᠢᠯᠯᠠᠭ᠎ᠠ ᠨᠢ ᠨᠠᠮᠤᠷ᠎ᠤᠨ ᠠᠮᠤ ᠪᠤᠳᠠᠭ᠎ᠠ᠎ᠶᠢ ᠬᠥᠮᠥᠷᠭᠡ᠎ᠳᠦ ᠣᠷᠣᠭᠤᠯᠬᠤ᠎ᠶᠢ ᠪᠥᠬᠥ ᠬᠦᠴᠦᠨ᠎ᠢᠶᠡᠷ ᠪᠠᠲᠤᠯᠠᠵᠤ᠂ ᠲᠠᠷᠢᠶᠠᠴᠢᠳ᠎ᠤᠨ 《ᠵᠣᠭᠣᠰᠤᠨ ᠴᠦᠩᠬᠦ》 ᠎ᠵᠢ ᠪᠠᠲᠤ ᠰᠠᠬᠢᠬᠤ᠎ᠪᠠᠷ ᠪᠠᠷᠠᠬᠤ ᠦᠭᠡᠢ  ᠨᠠᠩ ᠴᠤ᠌ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠳᠤᠯᠠᠨ᠎ᠠ᠃

          — 《ᠠᠷᠠᠳ᠎ᠦᠨ ᠣᠯᠣᠰ ᠲᠦᠷᠦ ᠵᠢᠨ ᠵᠦᠪᠯᠡᠯᠭᠡᠨ᠎ᠦ ᠰᠣᠨᠢᠨ》 ᠡᠴᠡ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号