ᠪᠡᠶ᠎ᠡ᠎ᠶ᠋ᠢᠨ ᠲᠠᠮᠢᠷ ᠪᠣᠯ ᠡᠷᠡᠬᠦᠯ ᠰᠠᠷᠠᠭᠤᠯ ᠠᠮᠢᠳᠤᠷᠠᠯ᠎ᠢ ᠴᠤᠭᠴᠠᠯᠠᠬᠤ᠎ᠶᠢᠨ ᠰᠠᠭᠤᠷᠢ
2025-10-20 11:26:18
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

《ᠪᠡᠶ᠎ᠡ᠎ᠶ᠋ᠢᠨ ᠲᠠᠮᠢᠷ ᠪᠣᠯ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠴᠢᠬᠤᠯᠠ ᠠᠷᠭ᠎ᠠ ᠵᠠᠮ᠂ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠬᠠᠩᠭᠠᠬᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠠᠷᠭ᠎ᠠ ᠪᠠᠷᠢᠯ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠬᠥᠳᠡᠯᠭᠡᠬᠦ᠌ ᠬᠦᠴᠦᠨ᠂ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠢᠯᠡᠷᠡᠭᠦᠯᠬᠦ᠌ ᠴᠢᠬᠤᠯᠠ ᠲᠠᠪᠴᠠᠩ ᠮᠥᠨ》᠃ ᠲᠦᠷᠦᠭᠦᠬᠡᠨ᠂ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ 《ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢ ᠠᠬᠢᠭᠤᠯᠵᠤ ᠡᠷᠡᠭᠦᠯ ᠮᠡᠨᠳᠦ᠍᠎ᠶ᠋ᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠵᠢᠯᠣᠭᠣᠳᠭᠤ ᠰᠠᠨᠠᠯ》 ᠢ᠋ ᠳᠠᠷᠤᠮᠠᠯᠯᠠᠨ ᠲᠠᠷᠬᠠᠭᠠᠵᠤ᠂ ᠨᠠᠩ ᠥᠨᠳᠥᠷ ᠲᠦᠪᠱᠢᠨ ᠪᠥᠬᠥᠶ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠪᠠᠢᠭᠤᠯᠵᠤ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠤᠯᠳᠠ ᠬᠢᠭᠡᠳ ᠪᠥᠬᠥ᠌ ᠠᠷᠠᠳ᠎ᠤᠨ ᠡᠷᠡᠭᠦᠯ ᠮᠡᠨᠳᠦ᠍᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠷᠠᠳ ᠣᠯᠠᠨ᠎ᠤ ᠣᠯᠠᠨ ᠡᠱᠢᠳᠦ ᠡᠷᠡᠭᠦᠯ ᠮᠡᠨᠳᠦ᠍᠎ᠶ᠋ᠢᠨ ᠬᠡᠷᠡᠭ᠌ᠴᠡᠭᠡ᠎ᠶ᠋ᠢ ᠨᠠᠩ ᠰᠠᠢᠲᠤᠷ ᠬᠠᠨᠭᠭᠠᠬᠤ ᠬᠡᠷᠡᠭᠲᠠᠢ ᠭᠡᠪᠡ᠃

ᠠᠵᠤ ᠠᠬᠤᠢ᠎ᠶ᠋ᠢᠨ ᠬᠥᠭ᠌ᠵᠢᠯᠲᠡ ᠪᠠ ᠠᠷᠠᠳ᠎ᠤᠨ ᠠᠮᠢᠳᠤᠷᠠᠯ᠎ᠤᠨ ᠲᠦᠪᠱᠢᠨ᠎ᠦ ᠲᠠᠰᠤᠷᠠᠯᠳᠠ ᠦᠭᠡᠢ ᠳᠡᠭᠡᠭ᠌ᠰᠢᠯᠡᠬᠦ᠌᠎ᠶ᠋ᠢ ᠲᠠᠭᠠᠯᠳᠤᠨ᠂ ᠰᠢᠮ᠎ᠡ ᠲᠡᠵᠢᠭᠡᠯ ᠦᠯᠡᠭᠦᠳᠡᠭ᠌ᠰᠡᠨ ᠪᠤᠶᠤ ᠲᠡᠩᠴᠡᠭᠦᠷᠢ ᠦᠭᠡᠢ᠎ᠡᠴᠡ ᠪᠣᠯᠤᠭ᠍ᠰᠠᠨ ᠤᠳᠠᠭᠠᠨ ᠴᠢᠨᠠᠷᠲᠠᠢ ᠡᠪᠡᠳᠴᠢᠨ ᠡᠮᠭᠡᠭ ᠨᠡᠮᠡᠭ᠌ᠳᠡᠵᠦ᠍ ᠬᠥᠮᠦᠰ᠎ᠦᠨ ᠡᠷᠡᠭᠦᠯ ᠮᠡᠨᠳᠦ᠎ᠵᠢ ᠨᠦᠯᠦᠭᠡᠯᠡᠵᠦ ᠪᠠᠢᠭ᠎ᠠ ᠦᠵᠡᠭᠳᠡᠯ ᠵᠦᠨᠭᠳᠡᠭᠡᠨ ᠪᠠᠢᠳᠠᠭ᠃ ᠡᠢᠨ᠎ᠬᠦ ᠤᠯᠤᠰ ᠡᠴᠡ ᠪᠡᠶ᠎ᠡ᠎ᠶ᠋ᠢᠨ ᠲᠠᠮᠢᠷ᠎ᠢᠶᠡᠷ ᠡᠷᠡᠭᠦᠯ ᠮᠡᠨᠳᠦ᠍᠎ᠶ᠋ᠢ ᠠᠬᠢᠭᠤᠯᠬᠤ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠬᠤ ᠲᠠᠯ᠎ᠠ᠎ᠪᠠᠷ 4 ᠵᠦᠶ᠋ᠯ᠎ᠦᠨ ᠡᠭᠦᠷᠭᠡ᠎ᠶ᠋ᠢ ᠳᠤᠷᠠᠳᠪᠠ᠄ ᠪᠡᠶ᠎ᠡ᠎ᠶ᠋ᠢᠨ ᠲᠠᠮᠢᠷ ᠵᠢᠡᠷ ᠡᠷᠡᠭᠦᠯ ᠴᠢᠭᠢᠷᠠᠭ᠎ᠢ ᠴᠢᠩᠭᠠᠳᠬᠠᠬᠤ ᠤᠢᠯᠠᠭᠠᠭᠳᠠᠬᠤᠨ᠎ᠢ ᠰᠠᠨᠠᠭᠠᠴᠢᠯᠠᠵᠤ᠂ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠡᠷᠡᠭᠦᠯ ᠴᠢᠭᠢᠷᠠᠭ᠎ᠤᠨ ᠲᠤᠬᠠᠢ ᠵᠥᠪ ᠦᠵᠡᠯᠲᠡ ᠪᠠ ᠡᠷᠡᠬᠦᠯ ᠰᠠᠷᠠᠭᠤᠯ ᠠᠮᠢᠳᠤᠷᠠᠯ᠎ᠤᠨ ᠠᠷᠭ᠎ᠠ ᠮᠠᠶᠢᠭ᠎ᠢ ᠪᠣᠶ ᠪᠣᠯᠭᠠᠵᠤ᠂ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠵᠢᠯᠤᠭᠤᠳᠤᠯᠭ᠎ᠠ᠂ ᠣᠨᠴᠠᠯᠢᠭ᠍ᠲᠤ ᠤᠷᠤᠯᠳᠤᠭᠠᠨ ᠪᠠ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠰᠠᠢᠨ ᠰᠠᠢᠬᠠᠨ ᠪᠡᠶ᠎ᠡ ᠴᠢᠭᠢᠷᠠᠭ᠍ᠵᠢᠭᠤᠯᠬᠤ ᠠᠭᠤᠷ ᠠᠮᠢᠰᠭᠤᠯ᠎ᠢ ᠪᠣᠶ ᠪᠣᠯᠭᠠᠨ᠎ᠠ; ᠪᠡᠶ᠎ᠡ᠎ᠶ᠋ᠢᠨ ᠲᠠᠮᠢᠷ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠣᠯᠠᠨ ᠲᠦᠮᠡᠨ᠎ᠳᠦ ᠪᠡᠶ᠎ᠡ᠎ᠶ᠋ᠢᠨ ᠲᠠᠮᠢᠷ᠎ᠢᠶᠠᠷ ᠪᠡᠶ᠎ᠡ ᠮᠠᠬᠠᠪᠤᠳ ᠵᠢᠡᠨ ᠴᠢᠭᠢᠷᠠᠭ᠍ᠵᠢᠭᠤᠯᠬᠤ ᠪᠠ ᠡᠮᠴᠢᠯᠡᠭᠡᠨ᠎ᠦ ᠪᠤᠰᠤ ᠬᠥᠳᠡᠯᠭᠡᠭᠡᠨ᠎ᠦ ᠡᠷᠡᠭᠦᠯ ᠮᠡᠨᠳᠦ᠍᠎ᠵᠢᠨ ᠬᠠᠮᠢᠶᠠᠷᠤᠯᠳᠠ ᠵᠢᠨ ᠦᠶ᠋ᠯᠡᠴᠢᠯᠡᠭᠡ ᠬᠠᠩᠭᠠᠨ᠎ᠠ; ᠡᠯ᠎ᠡ ᠭᠠᠵᠠᠷ᠎ᠤᠨ᠎ᠬᠢᠨ ᠪᠣᠳᠠᠲᠠᠶ᠎ᠲᠠᠶ᠎ᠪᠠᠨ ᠤᠶᠠᠯᠳᠤᠭᠤᠯᠤᠨ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ;ᠨᠠᠰᠤᠲᠠᠢᠴᠤᠳ ᠪᠠ ᠡᠮᠡᠭᠲᠡᠢᠴᠤᠳ ᠵᠡᠷᠭᠡ  ᠭᠤᠤᠯᠳᠠᠯᠭ᠎ᠠ᠎ᠲᠠᠶ ᠬᠥᠮᠦᠰ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠠᠩᠬᠠᠷᠴᠤ᠌᠂ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠡᠷᠡᠭᠦᠯ ᠮᠡᠨᠳᠦ᠍᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠎ᠡ᠃

ᠤᠳᠤᠬᠠᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠤᠯᠳᠠ᠎ᠨᠢ ᠢᠳᠡᠭ ᠢᠳᠡᠭ᠎ᠢᠶᠡᠷ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠠᠴᠠ ᠨᠢᠭᠡ ᠵᠦᠶ᠋ᠯ᠎ᠦᠨ ᠣᠲᠣ ᠦᠶ᠎ᠡ᠎ᠶ᠋ᠢᠨ ᠠᠮᠢᠳᠤᠷᠠᠯ᠎ᠤᠨ ᠠᠷᠭ᠎ᠠ ᠮᠠᠶᠢᠭ ᠪᠤᠯᠵᠤ ᠦᠷᠭᠡᠳᠪᠡ᠃ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠬᠦ᠌᠎ᠳᠦ ᠡᠷᠬᠡᠪᠰᠢ ᠵᠠᠰᠠᠭ᠎ᠤᠨ ᠣᠷᠳᠣᠨ᠎ᠢᠶᠠᠷ ᠭᠤᠤᠯᠯᠠᠭᠤᠯᠤᠭ᠍ᠰᠠᠨ᠂ ᠣᠯᠠᠨ ᠲᠠᠯ᠎ᠠ᠎ᠶ᠋ᠢᠨ ᠬᠢᠨ ᠣᠷᠣᠯᠴᠠᠭ᠍ᠰᠠᠨ ᠬᠠᠮᠵᠢᠯᠴᠠᠬᠤ ᠲᠣᠭ᠍ᠲᠠᠴᠠ᠎ᠶ᠋ᠢ ᠪᠠᠢᠭᠤᠯᠬᠤ᠎ᠶ᠋ᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠦᠨᠳᠦᠰᠦᠨ ᠵᠦᠶ᠋ᠯ᠎ᠢ ᠪᠠᠲᠤᠯᠠᠬᠤ᠂ ᠬᠣᠷᠢᠭ᠎ᠠ ᠱᠤᠭᠤᠮ᠎ᠤᠨ ᠦᠶ᠋ᠯᠡᠳᠦᠯ᠎ᠢ ᠪᠠᠳᠠᠷᠠᠭᠤᠯᠬᠤ᠎ᠶ᠋ᠢᠨ ᠬᠠᠮᠲᠤ᠂ ᠨᠡᠢᠭᠡᠮ᠎ᠦᠨ ᠬᠦᠴᠦᠨ᠎ᠦ ᠢᠳᠡᠪᠬᠢᠵᠢᠯ᠎ᠢ ᠭᠦᠶ᠋ᠴᠡᠳ ᠳᠠᠢᠴᠢᠯᠠᠵᠤ᠂ ᠬᠠᠮᠲᠤ ᠪᠠᠷ ᠪᠠᠢᠭᠤᠯᠵᠤ ᠬᠠᠮᠲᠤ ᠪᠠᠷ ᠠᠰᠢᠭ ᠬᠦᠷᠲᠡᠬᠦ᠌ ᠪᠠᠢᠷᠢᠱᠢᠯ᠎ᠢ ᠪᠦᠷᠢᠯᠳᠦᠭᠦᠯᠪᠡᠯ ᠵᠤᠬᠢᠨ᠎ᠠ᠃ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠂ ᠪᠦᠬᠦ ᠠᠷᠠᠳ᠎ᠤᠨ ᠤᠷᠤᠯᠴᠠᠭ᠎ᠠ ᠵᠢ ᠲᠠᠢᠴᠢᠯᠠᠵᠤ ᠴᠢᠳᠠᠪᠠᠯ᠂ 《ᠬᠠᠮᠢᠭ᠎ᠠ ᠣᠴᠢᠵᠦ ᠪᠡᠶ᠎ᠡ ᠴᠢᠭᠢᠷᠠᠭ᠍ᠵᠢᠭᠤᠯᠬᠤ ᠪᠢᠯᠡ》 ᠭᠡᠬᠦ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠪᠡᠶ᠎ᠡ᠎ᠶ᠋ᠢᠨ ᠲᠠᠮᠢᠷ᠎ᠶ᠋ᠢᠡᠷ ᠪᠦᠬᠦ ᠠᠷᠠᠳ᠎ᠤᠨ ᠡᠷᠡᠬᠦᠯ ᠮᠡᠨᠳᠦ ᠵᠢ ᠠᠬᠢᠭᠤᠯᠵᠤ᠂ ᠪᠦᠬᠦ ᠨᠡᠢᠭᠡᠮ ᠵᠢᠡᠷ  ᠡᠷᠡᠬᠦᠯ ᠰᠠᠷᠠᠭᠤᠯ ᠠᠮᠢᠳᠤᠷᠠᠯ᠎ᠢ ᠴᠤᠭᠴᠠᠯᠠᠬᠤ ᠨᠢ ᠯᠠᠪᠲᠠᠢ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号